ᠬᠦᠬᠡᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 2026 ᠣᠨ᠎ᠤ ᠬᠠᠤᠯᠢ ᠲᠣᠭ᠍ᠲᠠᠭᠠᠬᠤ ᠠᠵᠢᠯ ᠢ᠋ ᠪᠠᠢᠷᠢᠯᠠᠭᠤᠯᠪᠠ
2026-02-28 16:25:03
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 30 ᠤ᠋ ᠡᠳᠦᠷ ᠂ ᠬᠦᠬᠡᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 2026 ᠣᠨ᠎ᠤ ᠬᠠᠤᠯᠢ ᠲᠣᠭ᠍ᠲᠠᠭᠠᠬᠤ ᠠᠵᠢᠯ᠎ᠤᠨ ᠬᠤᠷᠠᠯ ᠬᠢᠵᠤ᠂ 2026 ᠣᠨ᠎ᠤ ᠬᠠᠤᠯᠢ ᠲᠣᠭ᠍ᠲᠠᠭᠠᠬᠤ ᠠᠵᠢᠯ᠎ᠢ ᠰᠤᠳᠤᠯᠤᠨ ᠪᠠᠢᠷᠢᠯᠠᠭᠤᠯᠵᠦ᠂ ᠬᠠᠤᠯᠢ ᠲᠣᠭ᠍ᠲᠠᠭᠠᠬᠤ ᠲᠥᠯᠥᠪᠯᠡᠭᠡ᠎ᠶ᠋ᠢᠨ ᠲᠥᠷᠥᠯ ᠵᠦᠶ᠋ᠯ᠎ᠢ ᠮᠡᠳᠡᠭ᠌ᠳᠡᠨ ᠪᠠᠢᠷᠢᠯᠠᠭᠤᠯᠵᠦ ᠂ ᠬᠠᠤᠯᠢ ᠲᠣᠭ᠍ᠲᠠᠭᠠᠬᠤ ᠲᠥᠯᠥᠪᠯᠡᠭᠡ᠎ᠶ᠋ᠢᠨ ᠲᠥᠷᠥᠯ ᠵᠦᠶ᠋ᠯ᠎ᠦᠨ ᠬᠡᠷᠡᠭ᠌ᠵᠢᠭᠦᠯᠦᠯᠲᠡ᠎ᠶ᠋ᠢ ᠠᠬᠢᠭᠤᠯᠬᠤ ᠲᠤᠬᠠᠶ ᠪᠣᠳᠠᠲᠠᠶ ᠠᠵᠢᠯ᠎ᠤᠨ ᠱᠠᠭᠠᠷᠳᠠᠯᠭ᠎ᠠ ᠳᠤᠷᠠᠳᠪᠠ᠃

ᠬᠤᠷᠠᠯ᠎ᠠᠴᠠ᠂ ᠨᠠᠮ᠎ᠤᠨ ᠬᠠᠤᠯᠢ ᠲᠣᠭ᠍ᠲᠠᠭᠠᠬᠤ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ ᠂ ᠬᠠᠤᠯᠢ ᠲᠣᠭ᠍ᠲᠠᠭᠠᠬᠤ ᠠᠵᠢᠯ᠎ᠤᠨ ᠵᠥᠪ ᠣᠨᠣᠪᠴᠢᠲᠠᠢ ᠤᠯᠤᠰ ᠲᠥᠷᠦ᠍᠎ᠶ᠋ᠢᠨ ᠴᠢᠭ᠌ᠯᠡᠯ᠎ᠢ ᠪᠠᠷᠢᠮᠲᠠᠯᠠᠵᠤ ᠂ ᠬᠠᠤᠯᠢ ᠲᠣᠭ᠍ᠲᠠᠭᠠᠬᠤ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ ᠵᠢᠡᠨ ᠦᠨᠡᠨ ᠬᠦ᠌ ᠴᠢᠩᠭᠠᠳᠭᠠᠵᠤ᠂ ᠣᠷᠣᠨ᠎ᠤ ᠲᠥᠪ᠎ᠦᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠳᠦ ᠬᠦᠴᠦᠲᠡᠢ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠬᠤ ᠬᠡᠷᠡᠭ᠌ᠲᠡᠢ; ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢ ᠰᠠᠢᠲᠤᠷ ᠡᠵᠡᠮᠳᠡᠵᠦ᠍ ᠂ ᠭᠣᠣᠯᠳᠠᠯᠭ᠎ᠠ᠎ᠲᠠᠶ ᠬᠦᠷᠢᠢ᠎ᠡ ᠴᠠᠷᠠᠭ᠎ᠠ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭᠠᠨ ᠤ᠋ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠭᠣᠣᠯᠳᠠᠯᠭ᠎ᠠ᠎ᠶ᠋ᠢ ᠲᠤᠪᠤᠢ᠌ᠯᠭᠠᠵᠤ᠂ ᠤᠨᠢᠨ ᠳᠡᠭᠡᠷ᠎ᠡ ᠨᠢ ᠬᠦᠴᠦᠯᠡᠬᠦ᠌ ᠬᠡᠷᠡᠭ᠌ᠲᠡᠢ; ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠠᠷᠠᠳ ᠲᠦᠮᠡᠨ᠎ᠦ ᠠᠱᠢᠭ ᠲᠤᠰᠠ᠎ᠶ᠋ᠢ ᠢᠯᠡᠷᠡᠭᠦᠯᠬᠦ᠌᠂ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠲᠤᠰᠭᠠᠬᠤ᠂ ᠠᠷᠠᠳ ᠲᠦᠮᠡᠨ᠎ᠦ ᠡᠷᠬᠡ ᠠᠱᠢᠭ᠎ᠢ ᠬᠠᠮᠠᠭᠠᠯᠠᠬᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌᠎ᠶ᠋ᠢ ᠬᠠᠤᠯᠢ ᠲᠣᠭ᠍ᠲᠠᠭᠠᠯ ᠲᠦᠷᠢᠮ᠎ᠳᠦ ᠨᠠᠢᠳᠠᠪᠤᠷᠢᠵᠢᠭᠤᠯᠬᠤ ᠬᠡᠷᠡᠭᠳᠡᠢ; ᠬᠠᠮᠵᠢᠯᠴᠠᠭ᠎ᠠ᠎ᠪᠠᠨ ᠴᠢᠩᠭᠠᠳᠭᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠣᠣᠯᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠵᠢᠯ᠎ᠤᠨ ᠬᠠᠷᠢᠭᠤᠴᠠᠯᠭ᠎ᠠ᠎ᠪᠠᠨ ᠲᠣᠳᠣᠷᠬᠠᠢᠯᠠᠵᠤ᠂ ᠡᠯ᠎ᠠ ᠲᠦᠷᠦᠯ ᠤ᠋ᠨ ᠠᠵᠢᠯ ᠢ᠋ ᠯᠠᠪᠳᠠᠭᠤᠨ ᠪᠠᠲᠤᠲᠠᠢ ᠡᠮᠬᠢ ᠵᠢᠷᠤᠮ᠎ᠲᠠᠶ ᠠᠬᠢᠭᠤᠯᠵᠤ᠂ ᠣᠷᠣᠨ᠎ᠤ ᠲᠥᠪ᠎ᠦᠨ ᠬᠠᠤᠯᠢ ᠲᠣᠭ᠍ᠲᠠᠭᠠᠬᠤ ᠠᠵᠢᠯ᠎ᠤᠨ ᠲᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号