ᠣᠢᠷ᠎ᠠ᠎ᠳᠤ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ
ᠰᠡᠷᠡᠮᠵᠢᠯᠡᠭᠦᠯᠬᠦ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠵᠤ᠂ ᠬᠦᠬᠡᠬᠣᠲᠠ᠎ᠶ᠋ᠢᠨ ᠠᠷᠪᠠᠨ ᠭᠤᠷᠪᠠᠳᠤᠭᠠᠷ
ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ
ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠰᠡᠷᠡᠮᠵᠢᠯᠡᠭᠦᠯᠬᠦ ᠬᠦᠮᠦᠵᠢᠯ᠎ᠤᠨ ᠹᠢᠯᠢᠮ —《ᠡᠴᠦᠰ᠎ᠲᠤᠨᠢ ᠲᠤᠯᠲᠠᠯ᠎ᠠ
ᠴᠢᠩᠳᠠᠯᠠᠵᠦ᠂ ᠦᠨᠳᠦᠰᠦ᠎ᠶ᠋ᠢ ᠪᠠᠲᠤᠳᠭᠠᠨ ᠡᠬᠢ ᠰᠤᠷᠪᠤᠯᠵᠢ᠎ᠶ᠋ᠢ ᠴᠡᠭ᠌ᠴᠡᠯᠡᠶᠠ》 ᠭᠡᠬᠦ ᠹᠢᠯᠢᠮ᠎ᠢ ᠵᠣᠬᠢᠶᠠᠨ ᠪᠠᠢᠭᠤᠯᠤᠨ ᠦᠵᠡᠵᠦ᠍᠂
ᠴᠢᠬᠡᠴᠢ ᠵᠠᠰᠠᠭ᠎ᠤᠨ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃
ᠬᠤᠷᠠᠯ ᠡᠴᠡ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ
ᠱᠢᠰᠲ᠋ᠧᠮ᠎ᠦᠨ ᠪᠥᠬᠥ᠌ ᠨᠠᠮ᠎ᠤᠨ ᠭᠡᠱᠢᠭᠦᠨ ᠺᠠᠳ᠋ᠷ ᠡᠴᠡ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠦᠵᠡᠬᠦ᠌᠎ᠪᠡᠷ
ᠳᠠᠮᠵᠢᠨ᠂ ᠬᠡᠷᠡᠭ᠎ᠦᠨ ᠵᠢᠱ᠌ᠢᠶ᠎ᠡ᠎ᠪᠡᠷ ᠲᠣᠯᠢ ᠪᠣᠯᠭᠠᠵᠤ᠂ ᠰᠤᠷᠭᠠᠮᠵᠢ ᠠᠪᠴᠤ᠌ ᠂ ᠪᠡᠶ᠎ᠡ᠎ᠪᠡᠨ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ᠎ᠶ᠋ᠢᠨ ᠬᠥᠪᠴᠢ᠎ᠵᠢ ᠴᠠᠭ ᠢᠮᠠᠭ᠍ᠲᠠ ᠴᠢᠩᠭᠠᠯᠠᠵᠤ᠂ ᠠᠷᠢᠭᠤᠨ ᠴᠢᠬᠡᠴᠢ᠎ᠶ᠋ᠢᠨ ᠣᠢᠯᠠᠭᠠᠭ᠍ᠳᠠᠬᠤᠨ᠎ᠢ
ᠲᠠᠷᠢᠬᠢᠨ᠎ᠳᠠᠭᠠᠨ ᠬᠠᠳᠠᠩᠱᠢᠭᠤᠯᠬᠤ᠎ᠶ᠋ᠢ ᠠᠬᠢᠭᠤᠯᠵᠤ᠂ ᠠᠷᠢᠭᠤᠨ ᠴᠢᠬᠡᠴᠢ᠎ᠵᠢᠨ ᠱᠠᠭᠠᠷᠳᠠᠯᠭ᠎ᠠ᠎ᠶ᠋ᠢ ᠡᠳᠦᠷ
ᠲᠤᠲᠤᠮ᠎ᠤᠨ ᠠᠵᠢᠯ᠎ᠳᠠᠭᠠᠨ ᠠᠭᠤᠰᠭᠠᠵᠤ᠂ ᠰᠤᠷᠲᠠᠯ ᠴᠢᠬᠡᠴᠢ ᠣᠪᠣᠷ ᠲᠥᠪ ᠠᠵᠢᠯ᠎ᠤᠨ ᠣᠷᠴᠢᠨ ᠨᠥᠬᠥᠴᠡᠯ᠎ᠢ ᠬᠦᠴᠦᠯᠡᠨ
ᠪᠣᠶ ᠪᠣᠯᠭᠠᠬᠤ ᠬᠡᠷᠡᠭ᠌ᠲᠡᠶ;
ᠦᠪᠦᠷ
ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ ᠪᠣᠯᠤᠨ ᠪᠦᠬᠦ᠌ ᠬᠤᠳᠠ᠎ᠶ᠋ᠢᠨ
ᠭᠣᠣᠯᠳᠠᠯᠭ᠎ᠠ᠎ᠲᠠᠶ ᠠᠵᠢᠯ᠎ᠤᠨ ᠲᠣᠭᠣᠷᠢᠨ᠎ᠳᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠵᠡᠮᠳᠡᠭ᠌ᠴᠦᠳ᠎ᠦᠨ
ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠯᠤᠰ ᠲᠦᠷᠦ᠍ ᠪᠠᠲᠤ ᠴᠢᠩᠭ᠎ᠠ᠂ ᠲᠤᠬᠠᠢᠯᠠᠭ᠍ᠰᠠᠨ ᠠᠵᠢᠯ᠎ᠳᠠᠭᠠᠨ
ᠴᠠᠭᠠᠷᠠᠭ᠍ᠰᠠᠨ᠂ ᠤᠪᠤᠷ ᠰᠤᠷᠲᠠᠯ ᠯᠠᠪᠳᠠᠭᠤᠨ᠂ ᠲᠥᠪ ᠭᠣᠣᠯᠴᠢ ᠠᠷᠢᠭᠤᠨ ᠴᠢᠬᠡᠴᠢ ᠠᠵᠢᠯᠳᠠᠨ᠎ᠤ ᠡᠩᠨᠡᠭᠡ᠎ᠶ᠋ᠢ
ᠬᠦᠴᠦᠯᠡᠨ ᠪᠠᠢᠭᠤᠯᠵᠤ᠂ ᠵᠡᠮᠳᠡᠭ᠌ᠴᠦᠳ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ
ᠪᠠᠲᠤ ᠴᠢᠩᠭ᠎ᠠ ᠰᠠᠬᠢᠯᠭ᠎ᠠ ᠪᠠᠲᠤ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号