2 ᠰᠠᠷ᠎ᠠ ᠵᠢᠨ 27᠎ᠤ ᠡᠳᠦᠷ᠂ ᠤᠯᠤᠰ᠎ᠤᠨ
ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠠᠷᠠᠳ᠎ᠤᠨ
ᠶᠠᠪᠤᠳᠠᠯ᠎ᠤᠨ ᠶᠠᠮᠤᠨ᠂ ᠤᠯᠤᠰ᠎ᠤᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ
ᠬᠠᠮᠲᠤᠷᠠᠨ 《ᠰᠠᠭᠤᠭᠠᠯᠢ ᠠᠷᠠᠳ᠎ᠤᠨ ᠨᠠᠰᠤ
ᠨᠦᠭᠴᠢᠭᠰᠡᠨ ᠠᠨᠠᠭᠠᠬᠤ ᠤᠬᠠᠭᠠᠨ᠎ᠤ ᠭᠡᠷᠡᠴᠢ᠎ᠶᠢᠨ ᠮᠡᠳᠡᠭᠡ ᠵᠠᠩᠭᠢ᠎ᠶᠢ ᠳᠠᠩᠰᠠᠯᠠᠬᠤ ᠪᠠ ᠡᠯᠧᠺᠲᠷᠣᠨ ᠭᠡᠷᠡᠴᠢ᠎ᠶᠢᠨ
ᠬᠠᠮᠢᠶᠠᠷᠤᠯᠲᠠ᠎ᠶᠢᠨ ᠠᠵᠢᠯ᠎ᠢ ᠴᠢᠩᠭᠠᠳᠬᠠᠬᠤ ᠲᠤᠬᠠᠢ ᠮᠡᠳᠡᠭᠳᠡᠯ》 ᠨᠡᠢᠲᠡᠯᠡᠪᠡ᠃
《ᠮᠡᠳᠡᠭᠳᠡᠯ》 ᠳᠤ᠄
ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ
ᠵᠢᠨ ᠲᠠᠯ᠎ᠠ ᠪᠠᠷ —
《ᠬᠤᠢᠳᠤ᠎ᠬᠢ ᠶᠠᠪᠤᠳᠠᠯ》 ᠪᠠ ᠣᠷᠣᠰᠢᠭᠤᠯᠭ᠎ᠠ᠎ᠶᠢᠨ ᠬᠦᠷᠢᠶᠡᠨ᠎ᠳᠡᠬᠢ ᠢᠯᠵᠡᠷᠠᠯ᠎ᠤᠨ ᠪᠠᠢᠳᠠᠯ᠎ᠢ ᠴᠡᠭᠴᠡᠯᠡᠨ ᠵᠠᠰᠠᠬᠤ
ᠲᠤᠰᠬᠠᠢ ᠠᠵᠢᠯᠯᠠᠭ᠎ᠠ᠎ᠶᠢᠨ ᠬᠠᠮᠢᠶ᠎ᠠ ᠪᠦᠬᠦᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ ᠵᠢ ᠠᠬᠢᠭᠤᠯᠵᠤ᠂ 《ᠰᠠᠭᠤᠭᠠᠯᠢ ᠠᠷᠠᠳ᠎ᠤᠨ ᠨᠠᠰᠤ
ᠨᠦᠭᠴᠢᠭᠰᠡᠨ ᠠᠨᠠᠭᠠᠬᠤ ᠤᠬᠠᠭᠠᠨ᠎ᠤ ᠭᠡᠷᠡᠴᠢ》᠎ᠶᠢᠨ ᠡᠯᠧᠺᠲᠷᠣᠨ ᠭᠡᠷᠡᠴᠢ ᠣᠯᠭᠣᠬᠤ ᠪᠠ ᠬᠡᠷᠡᠭᠯᠡᠬᠦ᠎ᠶᠢ ᠵᠢᠷᠤᠮᠵᠢᠭᠤᠯᠵᠤ᠂ ᠠᠵᠢᠯ᠎ᠤᠨ
ᠶᠠᠪᠤᠴᠠ ᠵᠢ ᠵᠣᠯᠭᠠᠭᠤᠯᠬᠤ᠎ᠶᠢ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ ᠨᠠᠩ ᠴᠢᠩᠭ᠎ᠠ
ᠬᠦᠴᠦᠨ ᠪᠦᠬᠦᠢ ᠲᠣᠭᠲᠠᠴᠠ᠎ᠶᠢ ᠪᠠᠢᠭᠤᠯᠵᠤ᠂ ᠰᠢᠨ᠎ᠡ ᠴᠠᠭ ᠦᠶ᠎ᠡ᠎ᠶᠢᠨ ᠬᠥᠮᠥᠨ ᠠᠮᠠ᠎ᠶᠢᠨ ᠬᠠᠮᠢᠶᠠᠷᠤᠯᠲᠠ᠎ᠶᠢᠨ
ᠱᠠᠭᠠᠷᠳᠠᠯᠭ᠎ᠠ᠎ᠳᠤ ᠵᠣᠬᠢᠴᠠᠭᠤᠯᠤᠨ᠎ᠠ᠃
ᠦᠢᠯᠡᠴᠢᠯᠡᠭᠡᠨ᠎ᠦ ᠬᠡᠯᠪᠡᠷᠢ ᠵᠢᠨ
ᠲᠠᠯ᠎ᠠ ᠪᠡᠷ —
ᠪᠥᠬᠥ ᠤᠯᠤᠰ᠎ᠤᠨ ᠰᠠᠭᠤᠭᠠᠯᠢ ᠠᠷᠠᠳ᠎ᠤᠨ
ᠨᠠᠰᠤ ᠨᠦᠭᠴᠢᠭᠰᠡᠨ ᠠᠨᠠᠭᠠᠬᠤ ᠤᠬᠠᠭᠠᠨ᠎ᠤ ᠭᠡᠷᠡᠴᠢ᠎ᠶᠢᠨ ᠨᠣᠮᠧᠷᠯᠠᠬᠤ ᠳᠦᠷᠢᠮ ᠵᠢᠴᠢ ᠶᠠᠩᠵᠤ᠎ᠶᠢ ᠨᠢᠭᠡᠳᠬᠡᠵᠦ᠂
ᠰᠠᠭᠤᠭᠠᠯᠢ ᠠᠷᠠᠳ᠎ᠤᠨ ᠨᠠᠰᠤ ᠨᠦᠭᠴᠢᠭᠰᠡᠨ ᠠᠨᠠᠭᠠᠬᠤ ᠤᠬᠠᠭᠠᠨ᠎ᠤ ᠭᠡᠷᠡᠴᠢ᠎ᠶᠢᠨ ᠴᠠᠭᠠᠰᠤᠨ ᠬᠡᠪᠯᠡᠯ ᠪᠠ ᠡᠯᠧᠺᠲᠷᠣᠨ
ᠭᠡᠷᠡᠴᠢ᠎ᠶᠢᠨ ᠠᠳᠠᠯᠢ ᠲᠡᠭᠰᠢ ᠬᠦᠴᠦᠨ᠎ᠲᠠᠢ ᠪᠠᠢᠬᠤ᠎ᠶᠢ ᠲᠣᠳᠣᠷᠬᠠᠢᠯᠠᠵᠤ᠂ ᠴᠠᠭᠠᠰᠤᠨ ᠬᠡᠪᠯᠡᠯ ᠬᠢᠭᠡᠳ ᠡᠯᠧᠺᠲᠷᠣᠨ
ᠭᠡᠷᠡᠴᠢ᠎ᠶᠢ ᠵᠡᠷᠭᠡ᠎ᠳᠦ ᠨᠢ ᠣᠯᠭᠣᠬᠤ᠂ ᠳᠥᠭᠥᠮ ᠳᠥᠲᠡ ᠬᠡᠷᠡᠭᠯᠡᠬᠦ᠎ᠶᠢ ᠠᠯᠬᠤᠮ ᠠᠯᠬᠤᠮ᠎ᠢᠶᠠᠷ ᠪᠡᠶᠡᠯᠡᠭᠦᠯᠵᠦ᠂
ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠦᠷ᠎ᠡ ᠠᠰᠢᠭ ᠬᠢᠭᠡᠳ ᠬᠥᠮᠥᠨ ᠨᠡᠢᠭᠡᠮ᠎ᠦᠨ ᠬᠠᠯᠠᠮᠵᠢᠯᠠᠯ᠎ᠢ ᠳᠡᠭᠡᠭᠰᠢᠯᠡᠭᠦᠯᠦᠨ᠎ᠡ᠃
ᠲᠠᠷᠬᠠᠭᠠᠵᠥ ᠤᠯᠭᠤᠬᠤ ᠶᠠᠪᠤᠴᠠ ᠵᠢᠨ
ᠲᠠᠯ᠎ᠠ ᠪᠡᠷ —
ᠣᠯᠠᠨ ᠵᠦᠢᠯ᠎ᠦᠨ ᠪᠠᠢᠳᠠᠯ᠎ᠲᠠᠢ ᠰᠠᠭᠤᠭᠠᠯᠢ
ᠠᠷᠠᠳ᠎ᠤᠨ ᠨᠠᠰᠤ ᠨᠦᠭᠴᠢᠭᠰᠡᠨ ᠠᠨᠠᠭᠠᠬᠤ ᠤᠬᠠᠭᠠᠨ᠎ᠤ ᠭᠡᠷᠡᠴᠢ ᠣᠯᠭᠣᠬᠤ ᠪᠠ ᠭᠡᠭᠡᠭᠰᠡᠨ᠎ᠢ ᠨᠥᠬᠥᠵᠦ ᠣᠯᠭᠣᠬᠤ
ᠳᠦᠷᠢᠮ ᠪᠠ ᠶᠠᠪᠤᠴᠠ᠎ᠶᠢ ᠰᠢᠯᠢᠳᠡᠭᠵᠢᠭᠦᠯᠵᠦ᠂ ᠪᠥᠬᠥ ᠤᠯᠤᠰ᠎ᠤᠨ ᠪᠠᠷᠢᠮᠵᠢᠶ᠎ᠠ ᠨᠢᠭᠡᠳᠦᠯᠲᠡᠢ ᠰᠠᠭᠤᠭᠠᠯᠢ ᠠᠷᠠᠳ᠎ᠤᠨ
ᠨᠠᠰᠤ ᠨᠦᠭᠴᠢᠭᠰᠡᠨ ᠠᠨᠠᠭᠠᠬᠤ ᠤᠬᠠᠭᠠᠨ᠎ᠤ ᠭᠡᠷᠡᠴᠢ᠎ᠵᠢᠨ ᠡᠯᠧᠺᠲᠷᠣᠨ ᠦᠨᠡᠮᠯᠡᠯ᠎ᠦᠨ ᠮᠡᠳᠡᠭᠡ ᠵᠠᠩᠭᠢ᠎ᠶᠢᠨ
ᠰᠢᠰᠲᠧᠮ᠎ᠢ ᠪᠠᠶ᠋ᠢᠭᠤᠯᠬᠤ᠎ᠶᠢᠨ ᠬᠠᠮᠲᠤ ᠳᠠᠷᠬᠠᠭᠠᠵᠥ ᠣᠯᠭᠣᠬᠤ ᠬᠦᠴᠦᠨ᠎ᠲᠠᠢ ᠬᠤᠭᠤᠴᠠᠭ᠎ᠠ ᠵᠢᠴᠢ ᠡᠯᠧᠺᠲᠷᠣᠨ
ᠲᠠᠮᠠᠭ᠎ᠠ᠎ᠶᠢ ᠵᠢᠷᠤᠮᠵᠢᠭᠤᠯᠵᠤ᠂ ᠰᠠᠭᠤᠭᠠᠯᠢ ᠠᠷᠠᠳ᠎ᠤᠨ ᠨᠠᠰᠤ ᠨᠦᠭᠴᠢᠭᠰᠡᠨ ᠠᠨᠠᠭᠠᠬᠤ ᠤᠬᠠᠭᠠᠨ᠎ᠤ ᠭᠡᠷᠡᠴᠢ
ᠣᠯᠭᠣᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃
ᠬᠠᠮᠢᠶᠠᠷᠤᠯᠲᠠ᠎ᠶᠢᠨ ᠲᠣᠭᠲᠠᠴᠠ ᠵᠢᠨ
ᠲᠠᠯ᠎ᠠ ᠪᠡᠷ —
ᠰᠠᠭᠤᠭᠠᠯᠢ ᠠᠷᠠᠳ᠎ᠤᠨ ᠨᠠᠰᠤ
ᠨᠦᠭᠴᠢᠭᠰᠡᠨ ᠠᠨᠠᠭᠠᠬᠤ ᠤᠬᠠᠭᠠᠨ᠎ᠤ ᠭᠡᠷᠡᠴᠢ᠎ᠶᠢᠨ ᠲᠤᠭ᠎ᠠ ᠪᠠᠷᠢᠮᠳᠠ᠎ᠶᠢ ᠴᠤᠭᠯᠠᠭᠤᠯᠬᠤ᠎ᠶᠢ ᠵᠢᠷᠤᠮᠵᠢᠭᠤᠯᠤᠨ
ᠬᠠᠮᠢᠶᠠᠷᠴᠤ᠂ ᠨᠠᠰᠤ ᠨᠦᠭᠴᠢᠭᠰᠡᠨ ᠮᠡᠳᠡᠭᠡ ᠵᠠᠩᠭᠢ᠎ᠶᠢ ᠬᠠᠮᠢᠶᠠᠷᠬᠤ᠂ ᠮᠡᠳᠡᠭᠡ ᠵᠠᠩᠭᠢ᠎ᠶᠢ ᠬᠠᠷᠭᠤᠭᠤᠯᠤᠨ
ᠬᠢᠨᠠᠬᠤ᠂ ᠪᠦᠷᠢᠳᠬᠡᠨ ᠵᠠᠳᠠᠯᠬᠤ ᠪᠠ ᠰᠠᠯᠠᠭ᠎ᠠ ᠮᠥᠴᠢᠷ᠎ᠦᠨ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ ᠵᠡᠷᠭᠡ
ᠬᠠᠮᠢᠶᠠᠷᠤᠯᠲᠠ᠎ᠶᠢᠨ ᠱᠠᠭᠠᠷᠳᠠᠯᠭ᠎ᠠ ᠪᠠ ᠪᠠᠲᠤᠯᠠᠭ᠎ᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠡᠷᠬᠡ ᠰᠦᠷᠲᠦ
ᠨᠠᠰᠤ ᠨᠦᠭᠴᠢᠭᠰᠡᠨ ᠬᠥᠮᠥᠨ ᠠᠮᠠ᠎ᠶᠢᠨ ᠮᠡᠳᠡᠭᠡ ᠵᠠᠩᠭᠢ᠎ᠶᠢᠨ ᠬᠥᠮᠥᠷᠭᠡ᠎ᠶᠢ ᠪᠣᠶ ᠪᠣᠯᠭᠠᠵᠤ᠂ ᠪᠥᠬᠥ ᠤᠯᠤᠰ᠎ᠤᠨ
ᠬᠥᠮᠥᠨ ᠠᠮᠠ᠎ᠶᠢᠨ ᠡᠷᠡᠭᠦᠯ ᠮᠡᠨᠳᠦ᠎ᠶᠢᠨ ᠲᠣᠭ᠎ᠠ ᠪᠠᠷᠢᠮᠲᠠ᠎ᠶᠢᠨ ᠵᠠᠳᠠᠯᠤᠯᠲᠠ᠂ ᠬᠥᠮᠥᠨ ᠳᠤᠮᠳᠠᠴᠢ᠎ᠶᠢᠨ ᠵᠢᠱ᠌ᠢᠭᠰᠡᠨ
ᠨᠠᠰᠤᠨ ᠬᠤᠲᠤᠭ᠎ᠢ ᠲᠥᠰᠥᠭᠡᠯᠡᠨ ᠪᠤᠳᠤᠬᠤ ᠣᠨᠣᠪᠴᠢᠲᠤ ᠴᠢᠨᠠᠷ᠎ᠲᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠵᠦ
ᠲᠤᠳᠤᠷᠬᠠᠢᠯᠠᠵᠠᠢ᠃
ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡᠨ᠎ᠦ ᠰᠢᠯᠵᠢᠶ᠎ᠡ
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠠᠯᠪᠠᠨ ᠰᠦᠯᠵᠢᠶ᠎ᠡ