ᠰᠡᠳᠭᠢᠯ ᠨᠢᠬᠡᠳᠦᠨ ᠬᠦᠴᠦ᠍ ᠪᠡᠨ ᠬᠠᠮᠲᠤᠳᠭᠠᠨ ᠰᠠᠢᠲᠤᠷ ᠡᠬᠢᠯᠡᠭᠦᠯᠵᠤ ᠪᠣᠳᠠᠲᠠᠶ ᠠᠵᠢᠯᠯᠠᠨ ᠡᠷᠡᠮᠡᠬᠡᠢᠯᠡᠨ ᠤᠷᠤᠭ᠍ᠰᠢᠯᠠᠵᠤ ᠱᠢᠨ᠎ᠡ ᠪᠠᠢᠳᠠᠯ᠎ᠢ ᠡᠭᠦᠳᠰᠦᠬᠡᠢ
2026-02-03 09:32:46
ᠵᠣᠬᠢᠶᠠᠭ᠍ᠴᠢ᠄
ᠬᠤᠷᠢᠶᠠᠨ᠎ᠤ ᠥᠭᠦᠯᠡᠯ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠡᠬᠢᠯᠡᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ


ᠴᠠᠭ ᠮᠦᠴᠡ ᠬᠤᠭᠤᠷ᠎ᠤᠨ ᠴᠢᠪᠬᠠᠳᠠᠰᠤ ᠬᠡᠮᠡᠷ ᠦᠪᠡᠳᠡᠭᠰᠢ ᠬᠤᠷᠠᠯ᠎ᠤᠨ ᠢᠷᠠᠭᠤ ᠠᠶᠠᠰ᠎ᠢ ᠬᠦᠭᠵᠢᠮᠳᠡᠨ᠎ᠡ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠯ ᠨᠠᠢᠳᠠᠯᠭ᠎ᠠ᠎ᠶ᠋ᠢ ᠬᠦᠯᠢᠶᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠡᠨᠡ ᠡᠳᠦᠷ ᠦᠪᠡᠳᠡᠭ᠌ᠰᠢ ᠶᠡᠬᠡ᠎ᠪᠡᠷ ᠡᠬᠢᠯᠡᠪᠡ᠃ ᠪᠦᠬᠦ᠌ ᠣᠷᠣᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠨᠢᠭᠡ ᠲᠠᠩᠬᠢᠮ᠎ᠳᠤ ᠬᠤᠷᠠᠨ ᠴᠤᠭ᠍ᠯᠠᠷᠠᠵᠤ᠂ ᠪᠦᠯᠬᠦᠮᠳᠡᠯ ᠠᠷᠠᠳᠴᠢᠯᠠᠯ᠎ᠢ ᠬᠠᠮᠲᠤ᠎ᠪᠠᠷ ᠶᠠᠷᠢᠯᠴᠠᠵᠤ᠂ ᠬᠥᠭ᠌ᠵᠢᠯᠲᠡ᠎ᠶ᠋ᠢᠨ ᠶᠡᠬᠡ ᠪᠤᠳᠤᠯᠭ᠎ᠠ᠎ᠶ᠋ᠢ ᠬᠠᠮᠲᠤ᠎ᠪᠠᠷ ᠵᠥᠪᠯᠡᠨ᠎ᠡ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠶ᠎ᠡ!

ᠰᠠᠶᠢᠬᠠᠨ ᠥᠩᠭᠡᠷᠡᠭᠰᠡᠨ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠢᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠪᠠᠢᠷᠢᠰᠢᠭᠤᠯᠬᠤ ᠵᠢᠯ᠂ ᠮᠥᠨ ᠴᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ ᠪᠠᠢᠭᠤᠯᠤᠭᠳᠠᠭᠰᠠᠨ 70 ᠵᠢᠯ᠎ᠦᠨ ᠣᠶ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ ᠵᠢᠴᠢ ᠲᠡᠭᠦᠨ᠎ᠦ ᠪᠠᠢᠩᠭᠤ᠎ᠶᠢᠨ ᠬᠣᠷᠢᠶ᠎ᠠ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》᠎ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠬᠦᠴᠦᠲᠡᠢ ᠵᠢᠯᠣᠭᠣᠳᠤᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠬᠤᠷᠠᠯ ᠪᠠᠢᠭᠤᠯᠤᠭᠳᠠᠭᠰᠠᠨ 75 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠭᠣᠣᠯ ᠠᠵᠢᠯ᠎ᠤᠨ ᠲᠣᠭᠣᠷᠢᠨ᠎ᠳᠤ᠂ ᠶᠡᠬᠡ ᠲᠠᠯ᠎ᠠ᠎ᠳᠤ ᠦᠢᠯᠡᠴᠢᠯᠡᠬᠦ ᠵᠢ ᠪᠠᠷᠢᠮᠲᠠᠯᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠶ᠋ᠢᠭᠤᠯᠬᠤ ᠵᠡᠷᠭᠡ ᠭᠣᠣᠯᠳᠠᠯᠭ᠎ᠠ᠎ᠲᠠᠢ ᠡᠭᠦᠷᠭᠡ᠎ᠵᠢᠨ ᠲᠤᠭᠤᠷᠢᠨ ᠳ᠋ᠤ ᠡᠭᠦᠷᠭᠡ ᠲᠤᠰᠢᠶᠠᠯ᠎ᠢᠶᠡᠨ ᠨᠠᠷᠢᠨ ᠬᠢᠨᠠᠮᠠᠭᠠᠢ ᠭᠦᠢᠴᠡᠳᠬᠡᠵᠦ᠂ 《ᠳᠥᠷᠪᠡ ᠵᠢ ᠨᠢᠭᠲᠠᠷᠠᠭᠤᠯᠬᠤ》 ᠵᠢ ᠰᠠᠢᠲᠤᠷ ᠬᠢᠵᠦ᠂ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠤᠨ ᠰᠢᠨ᠎ᠡ ᠬᠥᠭᠵᠢᠯᠲᠡ᠎ᠶᠢ ᠪᠡᠶᠡᠯᠡᠭᠦᠯᠬᠦ᠎ᠶᠢ ᠠᠬᠢᠭᠤᠯᠵᠤ ᠂ ᠣᠳᠣᠬᠢᠴᠢᠯᠠᠬᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ ᠰᠢᠨ᠎ᠡ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃

ᠵᠥᠪᠳᠡᠯᠴᠡᠵᠦ ᠪᠠᠢᠭᠠᠳ ᠰᠠᠨᠠᠯ᠎ᠢᠶᠠᠨ ᠨᠢᠭᠡᠳᠬᠡᠵᠦ᠂ ᠬᠠᠮᠵᠢᠯᠴᠠᠵᠤ ᠪᠠᠢᠭᠠᠳ ᠦᠢᠯᠡᠰ ᠪᠦᠲᠦᠭᠡᠨ᠎ᠡ᠃ ᠥᠩᠭᠡᠷᠡᠭᠰᠡᠨ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠪᠠᠢᠩᠭᠤ᠎ᠶᠢᠨ ᠬᠣᠷᠢᠶ᠎ᠠ ᠡᠯ᠎ᠡ ᠵᠦᠢᠯ᠎ᠦᠨ ᠡᠭᠦᠷᠭᠡ ᠲᠤᠰᠢᠶᠠᠯ᠎ᠢᠶᠡᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰᠢᠶᠠᠯ ᠬᠠᠷᠢᠭᠤᠴᠠᠯᠭ᠎ᠠ᠎ᠪᠠᠨ ᠦᠨᠳᠦᠷ  ᠪᠦᠲᠦᠮᠵᠢᠲᠡᠶ  ᠭᠦᠢᠴᠡᠳᠬᠡᠬᠦ ᠪᠡᠷ ᠲᠠᠮᠵᠢᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠵᠦ ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠴᠢᠨᠠᠷ ᠰᠠᠢᠲᠠᠢ ᠬᠠᠷᠢᠭᠤᠯᠲᠠ᠎ᠶᠢᠨ ᠬᠠᠭᠤᠳᠠᠰᠤ ᠲᠤᠰᠢᠶᠠᠪᠠ᠄ ᠵᠥᠪ ᠴᠢᠭᠯᠡᠯ᠎ᠢ ᠪᠠᠷᠢᠮᠲᠠᠯᠠᠵᠤ᠂ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠰᠠᠭᠤᠷᠢ᠎ᠶᠢ ᠪᠡᠬᠢᠵᠢᠭᠦᠯᠪᠡ; ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠣᠳᠣᠬᠢᠴᠢᠯᠠᠬᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ; ᠭᠤᠤᠯ ᠠᠵᠢᠯ ᠶᠡᠬᠡ ᠲᠠᠯ᠎ᠠ᠎ᠳᠤ ᠦᠢᠯᠡᠴᠢᠯᠡᠵᠦ᠂ ᠴᠢᠨᠠᠷ ᠰᠠᠢᠲᠠᠢ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠤᠬᠠᠭᠠᠨ ᠳᠡᠪᠰᠢᠭᠦᠯᠵᠦ ᠬᠦᠴᠦᠨ ᠴᠢᠳᠠᠯ᠎ᠢᠶᠠᠨ ᠡᠷᠭᠦᠪᠡ; ᠠᠷᠠᠳ᠎ᠤᠨ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠦᠢᠯᠡᠳᠦᠯᠭᠡᠵᠢᠭᠦᠯᠵᠦ᠂ ᠬᠥᠭᠵᠢᠯᠲᠡ᠎ᠶᠢᠨ ᠳᠤᠮᠳᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠬᠦ᠎ᠳᠦ ᠬᠦᠴᠦᠨ ᠨᠡᠮᠡᠷᠢᠯᠡᠪᠡ; ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠪᠠᠷᠢᠮᠲᠠᠯᠠᠵᠤ᠂ ᠪᠠᠢᠩᠭᠤ᠎ᠶᠢᠨ ᠴᠢᠨᠠᠷᠲᠠᠢ ᠠᠵᠢᠯ᠎ᠤᠨ ᠰᠢᠨ᠎ᠡ᠎ᠶᠢ ᠡᠭᠦᠳᠦᠨ ᠬᠥᠭᠵᠢᠬᠦ᠎ᠶᠢ ᠠᠬᠢᠭᠤᠯᠪᠠ; ᠲᠣᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠵᠤ᠂ ᠲᠤᠰᠢᠶᠠᠯ᠎ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠦᠪᠰᠢᠨ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠬᠤᠷᠠᠭᠰᠠᠨ᠂ ᠬᠠᠷᠢᠯᠴᠠᠭ᠎ᠠ ᠥᠷᠭᠡᠨ ᠳᠡᠯᠭᠡᠷ ᠪᠠᠢᠳᠠᠭ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠨ᠂ ᠲᠠᠢ᠍ᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠲᠠᠢ᠍ᠢᠴᠢᠯᠠᠪᠠᠯ  ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ ᠴᠢᠳᠠᠨ᠎ᠠ ᠭᠡᠳᠡᠭ᠎ᠢ ᠦᠢᠯᠡᠳᠦᠯᠭᠡ ᠭᠡᠷᠡᠴᠢᠯᠡᠭᠰᠡᠨ ᠪᠠᠢᠨ᠎ᠠ᠃

ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠤᠰ ᠲᠦᠷᠦ᠍᠎ᠶ᠋ᠢᠨ ᠵᠣᠬᠢᠶᠠᠨ ᠪᠠᠢᠭᠤᠯᠤᠯᠲᠠ ᠮᠥᠨ᠃ ᠥᠩᠭᠡᠷᠡᠭ᠌ᠰᠡᠨ ᠨᠢᠭᠡ ᠵᠢᠯ᠎ᠳᠦ ᠣᠯᠤᠭ᠍ᠰᠠᠨ ᠠᠵᠢᠯ᠎ᠤᠨ ᠠᠮᠵᠢᠯᠲᠠ ᠪᠦᠲᠦᠮᠵᠢ᠎ᠶ᠋ᠢᠨ ᠦᠨᠳᠦᠰᠦᠨ ᠰᠢᠯᠳᠠᠭᠠᠨ ᠨᠢ ᠶᠡᠷᠦᠩᠬᠡᠢ ᠱᠦᠵᠢ ᠰᠢ ᠵᠢᠨ ᠫᠢᠩ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠱᠢᠨᠵᠢᠯᠡᠬᠦ᠌ ᠤᠬᠠᠭᠠᠨᠴᠢ ᠵᠢᠯᠣᠭᠣᠳᠤᠯᠭ᠎ᠠ ᠳ᠋ᠤ ᠪᠠᠢᠨ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠠᠯᠠᠮᠵᠢᠯᠠᠨ ᠵᠢᠯᠣᠭᠣᠳᠤᠭ᠍ᠰᠠᠨ᠎ᠤ ᠦᠷ᠎ᠡ ᠳ᠋ᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠤᠳᠤᠷᠢᠳᠤᠯᠭ᠎ᠠ᠎ᠶ᠋ᠢᠨ ᠦᠷ᠎ᠡ ᠳ᠋ᠦᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠠᠷᠠᠳ᠎ᠤᠨ ᠵᠠᠰᠠᠭ᠎ᠤᠨ ᠣᠷᠳᠣᠨ ᠵᠢᠴᠢ ᠣᠷᠣᠨ᠎ᠤ ᠱᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠡᠢᠭᠡᠮ᠎ᠦᠨ ᠡᠯ᠎ᠡ ᠡᠲᠡᠭᠡᠳ᠎ᠦᠨ ᠬᠦᠴᠦᠲᠡᠢ ᠳᠡᠮᠵᠢᠭ᠌ᠰᠡᠨ᠎ᠦ ᠦᠷ᠎ᠡ ᠳ᠋ᠦᠩ᠂ ᠪᠦᠬᠦ᠌ ᠣᠷᠣᠨ᠎ᠤ ᠡᠯ᠎ᠡ ᠱᠠᠲᠤᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ᠂ ᠡᠯ᠎ᠡ ᠣᠷᠣᠯᠴᠠᠭ᠍ᠰᠠᠨ ᠨᠢᠭᠡᠴᠢ᠎ᠶ᠋ᠢᠨ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠬᠠᠮᠲᠤ᠎ᠪᠠᠷ ᠴᠢᠷᠮᠠᠢᠭ᠍ᠰᠠᠨ᠎ᠤ ᠦᠷ᠎ᠡ ᠳ᠋ᠦᠩ ᠪᠣᠯᠤᠨ᠎ᠠ᠃

2026 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠱᠢᠨ᠎ᠡ ᠪᠠᠢᠳᠠᠯ᠂ ᠱᠢᠨ᠎ᠡ ᠡᠭᠦᠷᠭᠡ ᠨᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠤ ᠨᠡᠩ ᠥᠨᠳᠥᠷ ᠱᠢᠨ᠎ᠡ ᠱᠠᠭᠠᠷᠳᠠᠯᠭ᠎ᠠ ᠳᠤᠷᠠᠳᠤᠭ᠍ᠰᠠᠨ ᠪᠥᠭᠡᠳ ᠨᠡᠩ ᠥᠷᠭᠡᠨ ᠠᠭᠤᠳᠠᠮ ᠲᠠᠪᠴᠠᠩ ᠬᠠᠩᠭᠠᠭ᠍ᠰᠠᠨ ᠪᠠᠢᠨ᠎ᠠ᠃ ᠱᠢᠨ᠎ᠡ ᠨᠢᠭᠡ ᠵᠢᠯ᠎ᠳᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠪᠣᠳᠠᠲᠠᠶ᠎ᠶ᠋ᠢ ᠡᠷᠬᠢᠮᠯᠡᠬᠰᠡᠨ ᠠᠷᠭ᠎ᠠ ᠪᠣᠳᠣᠯᠭ᠎ᠠ ᠳᠡᠪᠰᠢᠬᠦᠯᠵᠦ᠂ ᠱᠢᠨ᠎ᠡ᠎ᠶ᠋ᠢ ᠡᠭᠦᠳᠦᠭᠰᠡᠨ ᠠᠷᠭ᠎ᠠ ᠬᠡᠮᠵᠢᠶ᠎ᠡ ᠵᠢ ᠰᠦᠪᠡᠭ᠌ᠴᠢᠯᠡᠵᠦ᠍᠂ ᠠᠵᠢᠯ ᠶᠠᠪᠤᠳᠠᠯ ᠪᠦᠲᠦᠭᠡᠬᠦ᠌ ᠬᠦᠴᠦᠨ ᠎ᠢ ᠨᠡᠮᠡᠷᠢᠯᠡᠬᠦ᠌ ᠬᠡᠷᠡᠭ᠌ᠲᠡᠶ᠃ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠡᠩ ᠥᠨᠳᠥᠷ ᠵᠣᠭ᠍ᠰᠣᠴᠠ ᠡᠴᠡ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠬᠤ ᠬᠡᠷᠡᠭ᠌ᠲᠡᠢ; ᠰᠡᠳᠭᠢᠯ᠎ᠢ ᠨᠢᠭᠡᠳᠭᠡᠨ ᠬᠦᠴᠦ᠍ ᠵᠢ ᠬᠠᠮᠲᠤᠳᠭᠠᠬᠤ ᠦᠶ᠋ᠯᠡᠳᠦᠯ᠎ᠢᠶᠡᠨ ᠪᠠᠳᠠᠷᠠᠭᠤᠯᠵᠤ᠂ ᠨᠠᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠬᠠᠮᠲᠤ᠎ᠶ᠋ᠢᠨ ᠲᠠᠨᠢᠯᠲᠠ ᠬᠠᠮᠳᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠳᠡᠢ; ᠭᠣᠣᠯ ᠠᠵᠢᠯ ᠶᠡᠬᠡ ᠲᠠᠯ᠎ᠠ᠎ᠲᠠᠢ ᠨᠢᠭᠳᠠ ᠤᠶᠠᠯᠳᠤᠭᠤᠯᠤᠨ ᠨᠡᠩ ᠶᠡᠬᠡ ᠵᠢᠳᠬᠦᠯ ᠴᠢᠷᠮᠠᠢᠯᠭ᠎ᠠ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠎ᠳᠦ ᠬᠦᠴᠦᠨ ᠨᠡᠮᠡᠷᠢᠯᠡᠬᠦ ᠬᠡᠷᠡᠭᠳᠡᠢ; ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠳᠦᠷᠢᠮᠵᠢᠯᠳᠡ᠂ ᠵᠢᠷᠤᠮᠵᠢᠯᠳᠠ᠂ ᠲᠡᠰ ᠲᠠᠷᠠᠭᠠᠵᠢᠯᠳᠠ ᠵᠡᠷᠭᠡ ᠦᠢᠯᠡᠳᠦᠯ ᠴᠢᠳᠠᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠳᠡᠢ; ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠰᠠᠭᠤᠷᠢ᠎ᠶ᠋ᠢ ᠪᠡᠬᠢᠵᠢᠭᠦᠯᠵᠦ᠍᠂ ᠨᠡᠩ ᠴᠢᠩᠭ᠎ᠠ ᠱᠠᠭᠠᠷᠳᠠᠯᠭ᠎ᠠ᠎ᠪᠠᠷ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠨᠡᠩ ᠥᠷᠭᠡᠨ ᠳᠡᠯᠭᠡᠷ᠎ᠢᠶᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ ᠂ ᠬᠦᠴᠦᠨ ᠴᠢᠳᠠᠯ᠎ᠢ ᠨᠢᠭ᠍ᠲᠠᠷᠠᠭᠤᠯᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠬᠦᠴᠦᠷᠬᠡᠭ ᠶᠡᠬᠡ ᠢᠳᠡᠪᠬᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃

ᠲᠦᠮᠡᠨ᠎ᠤ ᠬᠦᠴᠦᠨ᠎ᠢ ᠨᠢᠭᠡᠳᠭᠡᠪᠡᠰᠦ ᠢᠯᠠᠬᠤ ᠦᠭᠡᠢ ᠶᠠᠪᠤᠳᠠᠯ ᠦᠭᠡᠢ; ᠤᠯᠠᠨ᠎ᠤ ᠤᠬᠠᠭᠠᠨ᠎ᠢ ᠬᠤᠷᠠᠮᠳᠤᠭᠤᠯᠪᠠᠰᠤ ᠪᠦᠳᠦᠬᠦ᠌ ᠦᠭᠡᠢ ᠤᠴᠢᠷ ᠦᠭᠡᠢ᠃ ᠭᠠᠭ᠍ᠴᠠ ᠬᠦ᠌ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠬᠦ᠌ ᠠᠤᠭ᠎ᠠ ᠬᠦᠴᠦᠨ᠎ᠢ ᠨᠢᠭ᠍ᠲᠠᠷᠠᠭᠤᠯᠵᠤ᠂ ᠡᠷᠡᠮᠡᠭᠡᠢᠯᠡᠨ ᠤᠷᠤᠭ᠍ᠰᠢᠯᠠᠬᠤ ᠡᠷᠡᠰ ᠪᠠᠲᠤ ᠵᠣᠷᠢᠭ᠎ᠢ ᠪᠠᠷᠢᠮᠳᠠᠯᠠᠪᠠᠯ ᠰᠠᠶᠢ ᠱᠢᠨ᠎ᠡ ᠠᠶᠠᠨ᠎ᠳᠠᠭᠠᠨ ᠲᠠᠰᠤᠷᠠᠯᠳᠠ ᠦᠭᠡᠢ ᠱᠢᠨ᠎ᠡ ᠠᠮᠵᠢᠯᠲᠠ ᠪᠦᠲᠦᠮᠵᠢ ᠡᠭᠦᠳᠴᠦ᠍᠂ ᠭᠡᠷᠡᠯ ᠰᠠᠴᠤᠷᠠᠩᠭᠤᠢ ᠰᠢᠨ᠎ᠠ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍ ᠴᠢᠳᠠᠨ᠎ᠠ᠃ ᠬᠤᠷᠠᠯ᠎ᠳᠤ ᠣᠷᠣᠯᠴᠠᠬᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠯᠠᠪᠲᠠᠢ ᠲᠦᠮᠡᠨ ᠠᠬ᠍ᠳᠠ ᠳᠦᠪᠡᠷᠬᠡᠯᠡᠨ ᠳᠠᠪᠬᠢᠬᠤ ᠠᠮᠢᠵᠢᠷᠠᠯ᠎ᠤᠨ ᠬᠦᠴᠦᠨ᠂ ᠵᠣᠭ᠍ᠰᠣᠯ ᠦᠭᠡᠢ ᠤᠷᠤᠭ᠍ᠰᠢᠯᠠᠬᠤ ᠡᠷᠴᠢ ᠵᠣᠷᠢᠭ᠎ᠢᠶᠠᠷ ᠰᠠᠨᠠᠯ ᠰᠠᠨᠠᠭᠤᠯᠭ᠎ᠠ ᠳᠤᠷᠠᠳᠴᠤ᠌᠂ ᠰᠠᠢ᠌ᠨ ᠠᠷᠭ᠎ᠠ ᠭᠠᠷᠭᠠᠨ᠂ ᠪᠦᠳᠦᠮᠵᠢᠳᠡᠢ ᠠᠷᠭ᠎ᠠ ᠰᠦᠪᠡᠭ᠌ᠴᠢᠯᠡᠵᠦ᠍᠂ ᠡᠨᠡ ᠤᠳᠠᠭ᠎ᠠ᠎ᠶ᠋ᠢᠨ ᠶᠡᠬᠡ ᠬᠤᠷᠠᠯ᠎ᠢ ᠦᠵᠡᠯ ᠰᠠᠨᠠᠭ᠎ᠠ᠎ᠪᠠᠨ ᠨᠢᠭᠡᠳᠭᠡᠭ᠌ᠰᠡᠨ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠭ᠍ᠰᠠᠨ ᠶᠡᠬᠡ ᠬᠤᠷᠠᠯ ᠪᠣᠯᠭᠠᠨ ᠬᠤᠷᠠᠯᠳᠤᠭᠤᠯᠵᠤ᠂ ᠬᠠᠷᠠᠯᠲᠠ ᠵᠢ ᠡᠵᠡᠮᠳᠡᠵᠤ᠂ ᠬᠦᠴᠦᠨ ᠴᠢᠳᠠᠯ᠎ᠢ ᠨᠢᠭ᠍ᠲᠠᠷᠠᠭᠤᠯᠤᠭ᠍ᠰᠠᠨ ᠶᠡᠬᠡ ᠬᠤᠷᠠᠯ ᠪᠣᠯᠭᠠᠨ ᠬᠤᠷᠠᠯᠳᠤᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠳᠡ ᠵᠢ ᠪᠡᠶᠡᠯᠡᠬᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠶ᠋ᠢ ᠪᠢᠳᠡ ᠪᠠᠲᠤ ᠢᠲᠡᠭᠡᠵᠦ᠍ ᠪᠠᠢᠨ᠎ᠠ᠃

ᠶᠡᠬᠡ ᠬᠤᠷᠠᠯ᠎ᠤᠨ ᠲᠡᠭᠦᠰ ᠠᠮᠵᠢᠯᠲᠠ ᠲᠠᠢ ᠬᠤᠷᠠᠯᠳᠤᠬᠤ᠎ᠶ᠋ᠢ ᠵᠥᠩᠨᠡᠶ᠎ᠡ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号