ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠪᠡᠯᠡᠳᠭᠡᠯ ᠠᠵᠢᠯ᠎ᠤᠨ ᠳᠤᠭᠤᠢᠯᠠᠩ ᠲᠥᠯᠥᠭᠡᠯᠡᠭ᠌ᠴᠢᠳ᠎ᠦᠨ ᠪᠦᠯᠬᠦᠮ᠎ᠦᠨ ᠬᠠᠷᠢᠭᠤᠴᠠᠯᠭᠠᠲᠠᠨ ᠪᠦᠯᠬᠦᠮ ᠳᠠᠭᠠᠭ᠍ᠰᠠᠨ ᠠᠵᠢᠯᠲᠠᠳ᠎ᠤᠨ ᠬᠠᠷᠢᠭᠤᠴᠠᠯᠭᠠᠲᠠᠨ ᠪᠣᠯᠤᠨ ᠶᠡᠬᠡ ᠬᠤᠷᠠᠯ᠎ᠤᠨ ᠠᠵᠢᠯ᠎ᠤᠨ ᠪᠠᠢᠭᠤᠯᠤᠮᠵᠢ᠎ᠶ᠋ᠢᠨ ᠬᠠᠷᠢᠭᠤᠴᠠᠯᠭᠠᠲᠠᠨ᠎ᠤ ᠬᠤᠷᠠᠯ ᠬᠤᠷᠠᠯᠳᠤᠭᠤᠯᠪᠠ
2026-02-03 09:40:17
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠪᠡᠯᠡᠳᠭᠡᠯ ᠠᠵᠢᠯ᠎ᠤᠨ ᠳᠤᠭᠤᠢᠯᠠᠩ ᠲᠥᠯᠥᠭᠡᠯᠡᠭ᠌ᠴᠢᠳ᠎ᠦᠨ ᠪᠦᠯᠬᠦᠮ᠎ᠦᠨ ᠬᠠᠷᠢᠭᠤᠴᠠᠯᠭᠠᠲᠠᠨ᠂ ᠪᠦᠯᠬᠦᠮ ᠳᠠᠭᠠᠭ᠍ᠰᠠᠨ ᠠᠵᠢᠯᠲᠠᠳ᠎ᠤᠨ ᠬᠠᠷᠢᠭᠤᠴᠠᠯᠭᠠᠲᠠᠨ ᠪᠣᠯᠤᠨ ᠶᠡᠬᠡ ᠬᠤᠷᠠᠯ᠎ᠤᠨ ᠠᠵᠢᠯ᠎ᠤᠨ ᠪᠠᠢᠭᠤᠯᠤᠮᠵᠢ᠎ᠶ᠋ᠢᠨ ᠬᠠᠷᠢᠭᠤᠴᠠᠯᠭᠠᠲᠠᠨ᠎ᠤ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠬᠤᠷᠠᠯ᠎ᠡᠴᠡ ᠬᠠᠮᠢᠶ᠎ᠠ ᠪᠦᠬᠦᠢ ᠪᠠᠢᠳᠠᠯ᠎ᠢ ᠮᠡᠳᠡᠭ᠌ᠳᠡᠪᠡ᠃

ᠬᠤᠷᠠᠯ᠎ᠡᠴᠡ᠂ ᠤᠯᠤᠰ ᠲᠥᠷᠥ᠍ ᠪᠠ ᠪᠥᠬᠥ᠌ ᠲᠠᠯ᠎ᠠ᠎ᠶ᠋ᠢᠨ ᠦᠨᠳᠦᠷᠴᠡ᠎ᠡᠴᠡ ᠡᠨᠡ ᠤᠳᠠᠭ᠎ᠠ᠎ᠶ᠋ᠢᠨ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ᠎ᠶ᠋ᠢᠨ ᠴᠢᠬᠤᠯᠠ ᠠᠴᠢ ᠬᠣᠯᠪᠣᠭ᠍ᠳᠠᠯ᠎ᠢ ᠲᠠᠨᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ ᠬᠠᠷᠢᠭᠤᠴᠠᠯᠭᠠᠲᠤ ᠰᠡᠳᠭᠢᠯᠭᠡ ᠪᠠᠨ ᠤᠯᠠᠮ ᠴᠢᠩᠭᠠᠳᠭᠠᠵᠤ᠂ ᠨᠠᠩ ᠥᠨᠳᠥᠷ ᠤᠯᠤᠰ ᠲᠥᠷᠥ᠎ᠶ᠋ᠢᠨ ᠵᠣᠭ᠍ᠰᠣᠴᠠ᠂ ᠨᠠᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠨᠠᠩ ᠨᠠᠷᠢᠯᠢᠭ ᠠᠵᠢᠯ᠎ᠤᠨ ᠠᠷᠭ᠎ᠠ ᠬᠡᠮᠵᠢᠶ᠎ᠡ᠎ᠪᠡᠷ ᠶᠡᠬᠡ ᠬᠤᠷᠠᠯ᠎ᠤᠨ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌ ᠬᠡᠷᠡᠭ᠌ᠲᠡᠶ᠃ ᠨᠠᠮ᠎ᠤᠨ ᠤᠳᠤᠷᠢᠳᠤᠯᠭ᠎ᠠ᠎ᠶ᠋ᠢ ᠶᠡᠬᠡ ᠬᠤᠷᠠᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠨᠠᠮ᠎ᠤᠨ ᠵᠣᠷᠢᠯᠲᠠ᠎ᠶ᠋ᠢ ᠬᠠᠤᠯᠢ᠎ᠳᠤ ᠲᠣᠭ᠍ᠲᠠᠭᠠᠭ᠍ᠰᠠᠨ ᠲᠡᠰ ᠲᠡᠷᠠᠭᠠᠯᠠᠯ᠎ᠢᠶᠠᠷ ᠳᠠᠮᠵᠢᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠵᠣᠷᠢᠭ ᠰᠠᠨᠠᠭ᠎ᠠ ᠪᠠ ᠤᠬᠠᠮᠰᠠᠷᠲᠤ ᠠᠵᠢᠯᠯᠠᠭ᠎ᠠ ᠪᠣᠯᠭᠠᠬᠤ᠎ᠶ᠋ᠢ ᠪᠠᠲᠤᠯᠠᠬᠤ ᠬᠡᠷᠡᠭ᠌ᠲᠡᠢ᠃ ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠣᠯᠤᠨ ᠡᠯ᠎ᠡ ᠠᠵᠢᠯ᠎ᠤᠨ ᠳᠤᠭᠤᠢᠯᠠᠩ᠎ᠤᠬᠠᠮᠰᠠᠷ᠎ᠡᠴᠡ ᠪᠠᠨ ᠶᠡᠬᠡ ᠲᠠᠯ᠎ᠠ᠎ᠶ᠋ᠢᠨ ᠤᠬᠠᠮᠰᠠᠷ ᠪᠣᠯᠤᠨ ᠪᠦᠬᠦ᠌ ᠲᠠᠯ᠎ᠠ᠎ᠶ᠋ᠢᠨ ᠦᠵᠡᠯᠲᠡ᠎ᠶ᠋ᠢ ᠪᠤᠢ ᠪᠣᠯᠭᠠᠵᠤ᠂ ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠡᠷᠬᠡ ᠲᠤᠱᠢᠶᠠᠯ᠎ᠢᠶᠠᠨ ᠬᠡᠷᠡᠭ᠌ᠵᠢᠭᠦᠯᠬᠦ᠌᠂ ᠦᠢᠯᠡᠳᠦᠯ᠎ᠢᠶᠡᠨ ᠭᠦᠢᠴᠡᠳ ᠪᠠᠳᠠᠷᠠᠭᠤᠯᠬᠤ᠎ᠳᠤ ᠨᠥᠬᠥᠴᠡᠯ ᠪᠦᠷᠢᠯᠳᠦᠭᠦᠯᠵᠦ᠂ ᠲᠥᠯᠥᠭᠡᠯᠡᠭ᠌ᠴᠢᠳ᠎ᠦᠨ ᠡᠯ᠎ᠡ ᠵᠦᠢᠯ᠎ᠦᠨ ᠮᠡᠳᠡᠭᠦᠯᠦᠯᠲᠡ᠎ᠶ᠋ᠢ ᠰᠠᠢᠲᠤᠷ ᠬᠢᠨᠠᠨ ᠵᠥᠪᠯᠡᠬᠦ᠌᠎ᠶ᠋ᠢ ᠪᠠᠲᠤᠯᠠᠵᠤ᠂ ᠰᠣᠩᠭᠣᠭᠤᠯᠢ᠎ᠬᠢᠬᠦ ᠪᠠᠲᠤᠯᠠᠬᠤ ᠠᠵᠢᠯ᠎ᠢ ᠨᠠᠷᠢᠨ ᠨᠢᠭ᠍ᠲᠠ ᠰᠠᠢᠲᠤᠷ ᠬᠢᠵᠦ᠍᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠪᠣᠯᠤᠨ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠴᠢᠨᠠᠷ ᠰᠠᠢᠲᠠᠢ ᠰᠠᠨᠠᠯ ᠵᠦᠪᠯᠡᠯᠭᠡ ᠰᠠᠨᠠᠭᠤᠯᠭ᠎ᠠ ᠳᠤᠷᠠᠳᠭᠤ ᠬᠡᠷᠡᠭ᠌ᠲᠡᠢ᠃ ᠶᠡᠬᠡ ᠬᠤᠷᠠᠯ᠎ᠤᠨ ᠡᠯ᠎ᠡ ᠵᠦᠢᠯ᠎ᠦᠨ ᠲᠣᠭ᠍ᠲᠠᠭᠠᠯ᠎ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠠᠮᠤᠷ ᠲᠦᠪᠱᠢᠨ᠎ᠦ ᠬᠠᠮᠠᠭᠠᠯᠠᠯᠲᠠ᠂ ᠰᠣᠨᠢᠨ ᠮᠡᠳᠡᠭᠡᠨ᠎ᠦ ᠤᠬᠠᠭᠤᠯᠭ᠎ᠠ ᠮᠡᠳᠡᠭᠡᠯᠡᠯ ᠵᠡᠷᠭᠡ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ᠎ᠳ᠋ᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠶᠡᠬᠡ ᠬᠤᠷᠠᠯ᠎ᠤᠨ ᠤᠷᠤᠭ᠍ᠰᠢᠲᠠᠢ ᠶᠠᠪᠤᠭ᠍ᠳᠠᠵᠤ᠂ ᠲᠡᠭᠦᠰ ᠠᠮᠵᠢᠯᠲᠠ ᠤᠯᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号