ᠥᠪᠥᠷ ᠮᠣᠩᠭᠣᠯ 《ᠬᠣᠶᠠᠷ ᠬᠤᠷᠠᠯ᠎ᠤᠨ ᠬᠤᠭᠤᠴᠠᠭ᠎ᠠ》 ᠳ᠋ᠤ ᠤᠷᠤᠵᠤ ᠲᠥᠯᠥᠭᠡᠯᠡᠭᠴᠢᠳ ᠭᠡᠰᠢᠭᠦᠳ ᠵᠠᠯᠭᠠᠭ᠎ᠠ ᠪᠡᠷ ᠬᠦᠬᠡᠡᠡᠤᠳᠠ ᠳ᠋ᠤ ᠬᠦᠷᠴᠦ ᠢᠷᠡᠪᠡ
2026-02-03 09:43:27
ᠵᠣᠬᠢᠶᠠᠭ᠍ᠴᠢ᠄
ᠬᠠᠨ ᠰᠢᠤᠸᠠᠢ ᠷᠦ᠂ ᠰᠢᠦᠢ ᠵᠢᠩ᠂ ᠯᠢ ᠼᠦᠨ ᠰᠢᠶᠠ
ᠣᠩᠱᠢᠭ᠍ᠰᠠᠨ ᠣᠳᠠᠭ᠎ᠠ᠄
★★★☆☆

ᠬᠦᠨᠳᠦ ᠨᠠᠶ᠋ᠢᠳᠠᠯᠭ᠎ᠠ᠎ᠶᠢ ᠬᠦᠯᠢᠶᠠᠨ ᠦᠪᠡᠳᠡᠭᠰᠢ ᠬᠤᠷᠠᠯ᠎ᠳᠤ ᠣᠷᠣᠯᠴᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠨ ᠰᠢᠨ᠎ᠡ ᠬᠠᠭᠤᠳᠠᠰᠤ᠎ᠶᠢ ᠪᠢᠴᠢᠭᠯᠡᠨ᠎ᠡ᠃ 2 ᠰᠠᠷ᠎ᠠ᠎ᠶᠢᠨ 2᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠣᠷᠣᠯᠴᠠᠬᠤ ᠪᠡᠷ ᠪᠠᠢᠭ᠎ᠠ ᠠᠷᠠᠳ᠎ᠤᠨ ᠲᠥᠯᠥᠭᠡᠯᠡᠭᠴᠢᠳ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠵᠢᠨ ᠳᠥᠷᠪᠡᠳᠦᠭᠡᠷ ᠬᠤᠷᠠᠯ᠎ᠳᠤ ᠣᠷᠣᠯᠴᠠᠬᠤ ᠪᠡᠷ ᠪᠠᠢᠭ᠎ᠠ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ ᠵᠠᠯᠭᠠᠭ᠎ᠠ᠎ᠪᠠᠷ ᠬᠥᠬᠡᠡᠡᠣᠲᠠ᠎ᠳᠤ ᠬᠦᠷᠴᠦ ᠢᠷᠡᠵᠦ᠂ ᠶᠡᠬᠡ ᠬᠤᠷᠠᠯ᠎ᠳᠤ ᠨᠡᠷ᠎ᠡ ᠮᠡᠳᠡᠭᠦᠯᠪᠡ᠃ ᠲᠥᠯᠥᠭᠡᠯᠡᠭᠴᠢᠳ ᠭᠡᠰᠢᠭᠦᠳ ᠬᠡᠬᠦᠳᠡᠭ ᠳᠦᠭᠦᠷᠡᠩ ᠤᠯᠤᠰ ᠲᠦᠷᠦ᠎ᠶᠢᠨ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ᠂ ᠡᠨᠡ ᠤᠳᠠᠭ᠎ᠠ ᠵᠢᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠬᠥᠭᠵᠢᠯᠲᠡ᠎ᠶᠢ ᠬᠠᠮᠲᠤ᠎ᠪᠠᠷ ᠰᠦᠪᠡᠭᠴᠢᠯᠡᠬᠦ ᠦᠪᠡᠳᠡᠭᠰᠢ ᠬᠤᠷᠠᠯ᠎ᠢ ᠵᠤᠷᠢᠵᠦ ᠢᠷᠡᠪᠡ᠃

ᠨᠡᠷ᠎ᠡ ᠮᠡᠳᠡᠭᠦᠯᠬᠦ᠎ᠪᠡᠷ ᠢᠷᠡᠭᠰᠡᠨ ᠲᠥᠯᠥᠭᠡᠯᠡᠭᠴᠢᠳ ᠭᠡᠰᠢᠭᠦᠳ ᠠᠵᠢᠯᠲᠠᠨ᠎ᠤ ᠵᠢᠯᠣᠭᠣᠳᠤᠯᠭ᠎ᠠ ᠳᠣᠣᠷ᠎ᠠ ᠨᠡᠷ᠎ᠡ᠎ᠪᠡᠨ ᠪᠦᠷᠢᠳᠬᠡᠭᠦᠯᠵᠦ᠂ ᠮᠠᠲᠧᠷᠢᠶᠠᠯ ᠠᠪᠴᠤ᠂ ᠪᠠᠭᠤᠳᠠᠯ ᠳ᠋ᠤ ᠰᠠᠭᠤᠬᠤ᠎ᠭᠠᠷᠳᠠᠮ᠎ᠵᠢᠡᠨ ᠭᠦᠢᠴᠡᠳᠬᠡᠵᠦ᠂ ᠪᠦᠬᠦᠶ᠋ᠢᠯᠡ ᠶᠠᠪᠤᠴᠠ ᠨᠢ ᠡᠮᠬᠢ ᠵᠢᠷᠤᠮ᠎ᠲᠠᠢ ᠶᠠᠪᠤᠭᠳᠠᠪᠠ᠃ ᠴᠥᠭᠡᠨ ᠪᠤᠰᠤ ᠲᠥᠯᠥᠭᠡᠯᠡᠭᠴᠢ ᠭᠡᠰᠢᠭᠦᠨ ᠨᠠᠷ᠎ᠠ ᠪᠠᠨ ᠪᠦᠷᠢᠳᠬᠡᠭᠦᠯᠵᠦ ᠪᠠᠷᠠᠮᠠᠭᠴᠠ ᠮᠠᠲᠧᠷᠢᠶᠠᠯ᠎ᠢ ᠤᠷᠪᠠᠭᠤᠯᠤᠨ ᠦᠵᠡᠵᠦ᠂ ᠪᠠᠢᠴᠠᠭᠠᠨ ᠰᠤᠳᠤᠯᠤᠯᠲᠠ ᠬᠢᠭᠰᠡᠨ ᠣᠯᠣᠯᠲᠠ ᠲᠥᠷᠥᠭᠳᠡᠯ᠎ᠢᠶᠡᠨ ᠰᠣᠯᠢᠯᠴᠠᠵᠤ᠂ ᠠᠵᠤ ᠦᠢᠯᠡᠰ᠎ᠦᠨ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠠᠮᠢ ᠠᠬᠤᠢ᠎ᠶᠢᠨ ᠬᠠᠮᠠᠭᠠᠯᠠᠯᠲᠠ ᠵᠡᠷᠭᠡ ᠬᠠᠯᠠᠮᠰᠢᠯ ᠠᠰᠠᠭᠤᠳᠠᠯ᠎ᠤᠨ ᠲᠣᠭᠣᠷᠢᠨ᠎ᠳᠤ ᠦᠵᠡᠯᠲᠡ᠎ᠪᠡᠨ ᠶᠠᠷᠢᠯᠴᠠᠨ᠎ᠠ᠃

ᠨᠢᠭᠡ ᠵᠢᠯ᠎ᠦᠨ ᠲᠤᠷᠰᠢᠬᠢ ᠯᠠᠪᠳᠠᠭᠤᠨ ᠪᠠᠲᠤᠲᠠᠢ ᠪᠠᠢᠴᠠᠭᠠᠨ ᠰᠤᠳᠤᠯᠤᠯᠲᠠ ᠬᠢᠬᠦ᠂ ᠥᠷᠭᠡᠨ ᠳᠡᠯᠭᠡᠷᠡᠩᠭᠦᠢ᠎ᠶᠠᠷᠢᠯᠴᠠᠭ᠎ᠠ ᠬᠢᠬᠦ᠂ ᠰᠤᠷᠪᠤᠯᠵᠢᠯᠠᠨ ᠣᠢᠯᠠᠭᠠᠬᠤ᠂ ᠡᠮᠬᠢᠳᠭᠡᠨ ᠲᠢᠭᠯᠡᠵᠦ ᠲᠤᠨᠭᠭᠠᠨ ᠰᠡᠳᠬᠢᠬᠦ᠎ᠪᠠᠷ ᠳᠠᠮᠵᠢᠨ ᠲᠥᠯᠥᠭᠡᠯᠡᠭᠴᠢᠳ ᠭᠡᠰᠢᠭᠦᠳ ᠦᠨᠳᠦᠰᠦᠨ ᠱᠠᠲᠤᠨ᠎ᠦ ᠴᠥᠭᠡᠨ ᠪᠤᠰᠤ ᠰᠠᠨᠠᠭᠤᠯᠭ᠎ᠠ ᠪᠠ ᠰᠠᠨᠠᠯ ᠳᠤᠷᠠᠳᠤᠯᠭ᠎ᠠ᠎ᠶᠢ ᠠᠪᠴᠢᠷᠠᠭᠰᠠᠨ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠦᠦ ᠸᠸᠨ ᠯᠠᠨ᠄ 《ᠡᠨᠡ ᠪᠣᠯ ᠮᠢᠨᠤ ᠲᠠᠪᠤᠳᠠᠭᠢ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ ᠣᠷᠣᠯᠴᠠᠵᠤ ᠪᠠᠢᠭ᠎ᠠ ᠶᠠᠪᠤᠳᠠᠯ ᠪᠣᠯᠣᠨ᠎ᠠ᠂ ᠰᠡᠳᠬᠢᠯ ᠮᠦᠨ ᠬᠦ᠌ ᠳᠣᠭᠳᠣᠯᠵᠤ ᠪᠠᠢᠬᠤ ᠪᠥᠭᠡᠳ ᠡᠨᠡ ᠠᠵᠠ ᠵᠠᠪᠰᠢᠶᠠᠨ᠎ᠢ ᠮᠠᠰᠢ ᠨᠠᠨᠳᠢᠩᠨᠠᠵᠤ ᠪᠠᠢᠨ᠎ᠠ᠃ ᠡᠨᠡ ᠤᠳᠠᠭ᠎ᠠ᠎ᠶᠢᠨ ᠶᠡᠬᠡ ᠬᠤᠷᠠᠯ ᠳᠡᠭᠡᠷ᠎ᠡ᠂ ᠪᠢ ᠵᠢᠵᠢᠭᠯᠡᠨ ᠬᠤᠳᠠᠯᠳᠤᠬᠤ ᠦᠢᠯᠡᠰ᠎ᠦᠨ ᠰᠢᠨ᠎ᠡ᠎ᠶᠢ ᠡᠭᠦᠳᠬᠦ ᠬᠥᠭᠵᠢᠯᠲᠡ᠎ᠶᠢ ᠲᠦᠷᠭᠡᠳᠬᠡᠬᠦ ᠲᠤᠬᠠᠢ ᠰᠠᠨᠠᠭᠤᠯᠭ᠎ᠠ ᠳᠤᠷᠠᠳᠤᠨ᠎ᠠ᠂ ᠣᠷᠣᠨ ᠨᠤᠲᠤᠭ᠎ᠤᠨ ᠵᠢᠵᠢᠭᠯᠡᠨ ᠬᠤᠳᠠᠯᠳᠤᠬᠤ ᠦᠢᠯᠡᠰ ᠵᠢᠴᠢ ᠰᠢᠨ᠎ᠡ᠎ᠪᠡᠷ ᠮᠠᠨᠳᠤᠭᠰᠠᠨ ᠡᠵᠡᠩᠨᠡᠯᠲᠡ᠎ᠶᠢᠨ ᠬᠡᠯᠪᠡᠷᠢ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢ ᠠᠬᠢᠭᠤᠯᠬᠤ᠎ᠶᠢ ᠬᠦᠰᠡᠵᠦ ᠪᠠᠢᠨ᠎ᠠ》 ᠭᠡᠪᠡ᠃

《ᠡᠨᠡ ᠵᠢᠯ ᠪᠢ ᠮᠢᠬᠠᠨ᠎ᠤ ᠦᠬᠡᠷ᠎ᠦᠨ ᠤᠯᠠᠨ ᠡᠰᠢᠵᠢᠬᠦᠯᠦᠭᠰᠡᠨ ᠡᠭᠦᠯᠳᠡᠷ ᠪᠣᠢᠵᠢᠭᠤᠯᠬᠤ ᠰᠢᠰᠲ᠋ᠸᠮ᠎ᠢ ᠲᠦᠷᠭᠡᠳᠬᠡᠨ ᠪᠠᠶ᠋ᠢᠭᠤᠯᠬᠤ ᠲᠤᠬᠠᠢ ᠰᠠᠨᠠᠯ ᠳᠤᠷᠠᠳᠤᠯᠭ᠎ᠠ᠎ᠶᠢ ᠲᠡᠪᠰᠢᠬᠦᠯᠬᠦ ᠪᠡᠷ ᠪᠤᠢ᠂ ᠥᠪᠡᠷᠲᠡᠭᠡᠨ ᠵᠠᠰᠠᠬᠤ ᠣᠷᠣᠨ᠎ᠡᠴᠡ ᠨᠡᠩ ᠤᠯᠠᠨ ᠢᠵᠢ ᠪᠦᠷᠢᠳᠦᠭᠰᠡᠨ ᠲᠦᠷᠦ᠎ᠶᠢᠨ ᠪᠣᠳᠣᠯᠭ᠎ᠠ ᠲᠣᠭᠲᠠᠭᠠᠵᠤ᠂ ᠥᠪᠥᠷ ᠮᠣᠩᠭᠣᠯ᠎ᠤᠨ ᠦᠬᠡᠷ ᠲᠡᠵᠢᠭᠡᠬᠦ ᠲᠣᠮᠣ᠌ ᠣᠷᠣᠨ᠎ᠡᠴᠡ ᠮᠢᠬᠠᠨ᠎ᠤ ᠦᠬᠡᠷ᠎ᠦᠨ ᠠᠵᠤ ᠦᠢᠯᠡᠰ᠎ᠦᠨ ᠬᠦᠴᠦᠷᠬᠡᠭ ᠣᠷᠣᠨ ᠲᠡᠢᠰᠢ ᠳᠠᠪᠠᠯᠲᠠ᠎ᠲᠠᠢ ᠪᠣᠯᠬᠤ᠎ᠶᠢ ᠬᠦᠰᠡᠵᠦ ᠪᠠᠢᠨ᠎ᠠ》 ᠭᠡᠵᠤ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠸᠠᠩ ᠹᠸᠩ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠰᠢᠦᠢ ᠰᠢᠩ ᠵᠢᠶᠠᠨ ᠰᠤᠷᠪᠤᠯᠵᠢᠯᠠᠭ᠍ᠴᠢ᠎ᠳᠤ᠄ 《ᠡᠨᠡ ᠤᠳᠠᠭᠠᠨ᠎ᠤ ᠬᠤᠷᠠᠯ᠎ᠳᠤ ᠪᠢ ᠦᠷ᠎ᠡ᠎ᠶᠢᠨ ᠦᠢᠯᠡᠰ᠎ᠦᠨ ᠠᠵᠤ ᠦᠶ᠋ᠯᠡᠰᠵᠢᠯᠲᠡ᠎ᠶᠢᠨ ᠲᠠᠯ᠎ᠠ᠎ᠪᠠᠷ ᠬᠢ ᠰᠠᠨᠠᠭᠤᠯᠭ᠎ᠠ᠎ᠶᠢ ᠠᠪᠴᠤ ᠢᠷᠡᠪᠡ᠂ ᠬᠢᠩᠭᠠᠨ ᠠᠢᠮᠠᠭ᠎ᠤᠨ ᠣᠲᠣ᠌ ᠦᠶ᠎ᠡ᠎ᠶᠢᠨ ᠦᠷ᠎ᠡ᠎ᠶᠢᠨ ᠦᠢᠯᠡᠰ᠎ᠦᠨ ᠬᠥᠭᠵᠢᠯᠲᠡ᠎ᠶᠢᠨ ᠯᠤᠲᠤ ᠶᠡᠬᠡ ᠳᠠᠯᠳᠠ ᠬᠦᠴᠦᠨ᠎ᠢ ᠭᠦᠢᠴᠡᠳ ᠠᠭᠤᠳᠠᠯᠵᠤ᠂ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠂ ᠬᠢᠷᠢ ᠬᠡᠮ᠎ᠢ ᠬᠢᠨᠠᠨ ᠲᠣᠭᠲᠠᠭᠠᠬᠤ ᠲᠠᠯ᠎ᠠ᠎ᠪᠠᠷ ᠤᠷᠢᠳ ᠵᠢᠡᠷ ᠳᠡᠮᠵᠢᠵᠦ᠂ ᠰᠢᠷ᠎ᠠ ᠪᠤᠷᠴᠠᠭ᠂ ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠬᠦᠷᠢᠶᠡᠨ᠎ᠳᠦ ᠮᠡᠷᠭᠡᠵᠢᠯ᠎ᠦᠨ ᠰᠢᠪᠲᠤᠯᠤᠯᠲᠠ᠎ᠲᠠᠢ ᠪᠣᠯᠬᠤ᠎ᠶᠢ ᠬᠦᠰᠡᠵᠦ ᠪᠠᠢᠨ᠎ᠠ》 ᠭᠡᠪᠡ᠃

《ᠪᠢ 〈ᠬᠦᠢᠲᠡᠨ᠎ᠤ ᠡᠬᠢ ᠪᠠᠶᠠᠯᠢᠭ᠋〉 ᠵᠢᠡᠷ 〈ᠬᠠᠯᠠᠮᠰᠢᠯ ᠠᠵᠤ ᠠᠬᠤᠢ〉 ᠶ᠋ᠢ ᠬᠥᠭᠵᠢᠭᠡᠬᠦ ᠲᠤᠬᠠᠢ ᠰᠠᠨᠠᠯ ᠲᠤᠷᠠᠳᠤᠯᠭ᠎ᠠ᠎ᠶᠢ ᠲᠡᠪᠰᠢᠬᠦᠯᠬᠦ ᠪᠡᠷ ᠪᠤᠢ》᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠠᠨ ᠴᠢᠩ ᠮᠧᠢ᠂ ᠬᠥᠯᠥᠨ ᠪᠤᠢ᠍ᠢᠷ᠎ᠤᠨ ᠤᠨᠴᠠᠭᠠᠢ ᠲᠠᠪᠠᠭᠤᠯᠢᠭ ᠪᠤᠯᠬᠤ 《ᠬᠦᠢᠲᠡᠨ᠎ᠤ ᠡᠬᠢ ᠪᠠᠶᠠᠯᠢᠭ᠋》 ᠢ᠋ 《ᠬᠠᠯᠠᠮᠰᠢᠯ ᠠᠵᠤ ᠠᠬᠤᠢ》 ᠪᠣᠯᠭᠠᠨ ᠬᠤᠪᠢᠷᠠᠭᠤᠯᠵᠤ᠂ ᠮᠠᠰᠢᠨ ᠲᠡᠷᠭᠡ᠂ ᠲᠤᠨᠤᠭ ᠲᠥᠬᠦᠭᠡᠷᠦᠮᠵᠢ᠂ ᠨᠡᠬᠡᠮᠡᠯ᠎ᠦᠨ ᠵᠦᠢᠯ ᠵᠢᠴᠢ ᠰᠢᠨ᠎ᠡ ᠮᠠᠲᠧᠷᠢᠶᠠᠯ ᠵᠡᠷᠭᠡ ᠬᠦᠷᠢᠶ᠎ᠡ ᠴᠠᠷᠠᠭ᠎ᠠ᠎ᠶᠢ ᠬᠠᠮᠤᠷᠤᠭᠰᠠᠨ ᠬᠦᠢᠲᠡᠨ ᠭᠠᠵᠠᠷ ᠲᠤ᠌ ᠲᠤᠷᠰᠢᠬᠤ ᠠᠵᠤ ᠦᠢᠯᠡᠰ᠎ᠢ ᠬᠥᠭᠵᠢᠭᠦᠯᠵᠦ᠂ ᠮᠥᠰᠥ ᠴᠠᠰᠤᠨ᠎ᠤ ᠠᠵᠤ ᠠᠬᠤᠢ᠎ᠶᠢᠨ ᠪᠦᠬᠦ ᠬᠡᠯᠬᠢᠶ᠎ᠡ᠎ᠶᠢᠨ ᠠᠵᠤ ᠦᠢᠯᠡᠰ᠎ᠦᠨ ᠰᠢᠰᠲ᠋ᠸᠮ᠎ᠢ ᠪᠠᠶ᠋ᠢᠭᠤᠯᠬᠤ᠎ᠶᠢ ᠬᠦᠰᠡᠵᠦ ᠪᠠᠢᠨ᠎ᠠ ᠭᠡᠪᠡ᠃

ᠲᠥᠯᠥᠭᠡᠯᠡᠭᠴᠢᠳ ᠭᠡᠰᠢᠭᠦᠳ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡᠳᠤ ᠡᠭᠦᠷᠭᠡᠯᠡᠯ ᠵᠢᠡᠷ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠣᠳᠠᠲᠠᠢ᠎ᠶᠢ ᠡᠷᠬᠢᠮᠯᠡᠭᠰᠡᠨ ᠰᠠᠨᠠᠯ ᠵᠥᠪᠯᠡᠯᠭᠡ ᠳᠤᠷᠠᠳᠬᠤ᠎ᠪᠠᠷ ᠲᠠᠮᠵᠢᠭᠤᠯᠤᠨ ᠠᠷᠠᠳ᠎ᠤᠨ ᠠᠮᠢᠳᠤᠷᠠᠯ᠎ᠤᠨ ᠬᠠᠯᠠᠮᠰᠢᠯ ᠠᠰᠠᠭᠤᠳᠠᠯ᠎ᠳᠤ ᠬᠠᠷᠢᠭᠤ ᠥᠭᠴᠦ᠂ ᠡᠷᠡᠮᠡᠭᠡᠢᠯᠡᠨ ᠤᠷᠤᠭᠰᠢᠯᠠᠬᠤ ᠳᠦᠷᠢ ᠲᠥᠷᠬᠦ ᠪᠡᠷ ᠡᠭᠦᠷᠭᠡ ᠬᠠᠷᠢᠭᠤᠴᠠᠯᠭ᠎ᠠ᠎ᠪᠠᠨ ᠬᠦᠢᠴᠡᠳᠭᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠤᠶᠤᠨ ᠤᠬᠠᠭᠠᠨ ᠪᠣᠯᠣᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号