ᠠᠷᠠᠳ᠎ᠤᠨ ᠠᠮᠢᠳᠤᠷᠠᠯ ᠶᠠᠭᠤᠨ᠎ᠡᠴᠡ ᠴᠤ᠌ ᠴᠢᠬᠤᠯᠠ᠃
ᠭᠡᠷ᠎ᠦᠨ ᠵᠢᠡᠨ ᠡᠭᠦᠳᠡᠨ᠎ᠳᠦ ᠠᠵᠢᠯ ᠣᠯᠵᠤ᠂ ᠬᠥᠳᠡᠯᠮᠦᠷᠢᠴᠢᠨ ᠮᠡᠷᠭᠡᠵᠢᠯ ᠵᠢᠡᠷ ᠵᠤᠭᠤᠰ ᠤᠯᠪᠠ; ᠣᠯᠠᠨ ᠲᠡᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮᠪᠠᠢᠭᠤᠯᠵᠤ᠂ ᠠᠷᠠᠳ᠎ᠤᠨ ᠠᠮᠢᠳᠤᠷᠠᠯ᠎ᠤᠨ ᠠᠮᠤᠷ ᠲᠦᠪᠱᠢᠨ᠎ᠦ ᠲᠣᠣᠷ᠎ᠢ ᠨᠢᠭ᠍ᠲᠠ ᠰᠦᠯᠵᠢᠪᠡ; ᠡᠮᠴᠢᠯᠡᠭᠡᠨ᠎ᠦ ᠡᠬᠢ ᠪᠠᠶᠠᠯᠢᠭ ᠡᠳᠦᠷ ᠢᠷᠡᠬᠦᠶ᠎ᠡ ᠪᠠᠶᠠᠯᠢᠭ᠍ᠵᠢᠵᠤ᠂ ᠨᠠᠰᠤᠵᠢᠯ᠎ᠤᠨ ᠠᠰᠠᠷᠠᠮᠵᠢ᠎ᠶ᠋ᠢᠨ ᠵᠠᠭ᠍ᠪᠤᠷ ᠱᠢᠨᠡᠳᠴᠦ᠍ ᠪᠠᠢᠨ᠎ᠠ; ᠦᠳᠡᠬᠦᠰ ᠨᠢᠯᠬᠠᠰ᠎ᠢ ᠰᠡᠳᠭᠢᠯ ᠲᠠᠯᠪᠢᠨ ᠬᠠᠮᠠᠭᠠᠯᠠᠵᠤ᠂ ᠦᠳᠡᠰᠢ᠎ᠶ᠋ᠢᠨ ᠨᠠᠷᠠ ᠨᠠᠩ ᠤᠯᠠᠭᠠᠨ ᠦᠷᠯᠦᠭᠡ ᠵᠢᠨ ᠨᠡᠷ᠎ᠡ ᠨᠠᠩ ᠭᠤᠶᠤ ᠪᠤᠯᠪᠠ ᠁
2025 ᠣᠨ᠎ᠳᠤ ᠥᠪᠥᠷ ᠮᠣᠩᠭᠣᠯ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠦᠷᠭᠦᠯᠵᠢᠯᠡᠨ ᠪᠠᠲᠤᠯᠠᠨ ᠰᠠᠢᠵᠢᠷᠠᠭᠤᠯᠵᠤ᠂ ᠰᠡᠳᠭᠢᠯ ᠳᠡᠯᠪᠢᠨ ᠬᠦᠴᠦ᠍ ᠣᠷᠣᠭᠤᠯᠵᠤ ᠠᠷᠠᠳ ᠣᠯᠠᠨ᠎ᠤ 《ᠳᠡᠷᠭᠡᠳᠡᠬᠢ ᠪᠠᠭ᠎ᠠ ᠶᠠᠪᠤᠳᠠᠯ》 ᠢ᠋ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ 《ᠬᠠᠯᠠᠭᠤᠨ ᠳᠤᠯᠠᠭᠠᠨ ᠶᠡᠬᠡ ᠶᠠᠪᠤᠳᠠᠯ》 ᠪᠣᠯᠭᠠᠨ ᠬᠢᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ ᠨᠠᠩ ᠭᠦᠶ᠋ᠴᠡᠳ᠂ ᠵᠢᠷᠭᠠᠯᠲᠤ ᠲᠥᠷᠥᠭ᠌ᠳᠡᠯ ᠨᠠᠩ ᠦᠷᠭᠦᠯᠵᠢᠯᠡᠬᠦᠢᠴᠡ᠂ ᠠᠮᠤᠷ ᠲᠦᠪᠱᠢᠨ᠎ᠦ ᠲᠥᠷᠥᠭ᠌ᠳᠡᠯ ᠨᠠᠩ ᠪᠠᠲᠤᠯᠠᠭ᠎ᠠ᠎ᠲᠠᠶ ᠪᠣᠯᠪᠠ᠃
《ᠬᠡᠷ᠎ᠦᠨ ᠡᠭᠦᠳᠡᠨ᠎ᠳᠡᠬᠢ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠥᠷᠲᠡᠭᠡᠨ᠎ᠳᠦ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠬᠦᠷᠳᠡᠵᠦ᠂ ᠠᠵᠢᠯ᠎ᠤᠨ ᠪᠠᠢᠷᠢ ᠲᠠᠨᠢᠯᠴᠠᠭᠤᠯᠤᠭᠰᠠᠨ ᠵᠢᠡᠷ᠂ ᠪᠢ ᠮᠠᠰᠢ ᠲᠦᠷᠭᠡᠨ᠎ᠢᠶᠡᠷ ᠡᠬᠡ ᠨᠢᠯᠬᠠᠰ᠎ᠢ ᠠᠰᠠᠷᠠᠨ ᠰᠤᠪᠢᠯᠠᠬᠤ ᠠᠵᠢᠯ᠎ᠢ ᠡᠷᠢᠵᠦ᠍ ᠤᠯᠪᠠ᠂ ᠰᠠᠷ᠎ᠠ᠎ᠶ᠋ᠢᠨ ᠴᠠᠯᠢᠩ 4000 ᠭᠠᠷᠤᠶ ᠲᠥᠭᠥᠷᠢᠭ ᠪᠠᠢᠵᠤ᠂ ᠰᠡᠳᠬᠢᠯ ᠮᠠᠰᠢ ᠬᠠᠨᠤᠮᠵᠢᠳᠠᠢ ᠪᠠᠢᠨ᠎ᠠ》᠃ ᠨᠢᠳᠤᠨᠤᠨ᠎ᠡᠴᠡ ᠨᠠᠭᠠᠱᠢᠬᠢ ᠠᠮᠢᠳᠤᠷᠠᠯ᠎ᠤᠨ ᠬᠤᠪᠢᠷᠠᠯᠲᠠ᠎ᠶ᠋ᠢᠨ ᠵᠢᠡᠨ ᠲᠤᠬᠠᠢ ᠶᠠᠷᠢᠬᠤ᠎ᠳᠠᠭᠠᠨ᠂ ᠪᠤᠭᠤᠲᠤ ᠵᠢᠨ ᠸᠠᠩ ᠮᠢᠨ ᠪᠠᠶᠠᠷᠯᠠᠬᠰᠠᠨ ᠰᠡᠳᠬᠢᠯ ᠵᠢᠡᠨ ᠳᠠᠷᠤᠵᠦ ᠶᠠᠳᠠᠨ᠎ᠠ᠃
ᠥᠪᠥᠷ ᠮᠣᠩᠭᠣᠯ ᠨᠢᠭᠡᠨᠲᠡ 1052 ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠥᠷᠲᠡᠭᠡ᠂ 168 ᠠᠷᠰᠠᠷ ᠠᠵᠢᠯ᠎ᠤᠨ ᠵᠠᠬ᠎ᠠ ᠳᠡᠯᠭᠡᠭᠦᠷ (ᠥᠷᠲᠡᠭᠡ) ᠪᠠᠢᠭᠤᠯᠵᠤ᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡ᠎ᠶ᠋ᠢ ᠲᠦᠭᠦᠮ ᠲᠦᠳᠡ ᠪᠣᠯᠭᠠᠪᠠ᠃
ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠮᠥᠨ᠂ ᠠᠷᠠᠳ ᠲᠦᠮᠡᠨ᠎ᠦ ᠪᠤᠳᠠᠭᠠᠨ ᠠᠶᠠᠭᠠᠳ᠋ᠤ ᠬᠣᠯᠪᠣᠭ᠍ᠳᠠᠵᠤ ᠪᠠᠢᠳᠠᠭ᠃ 2025 ᠣᠨ᠎ᠳᠤ ᠥᠪᠥᠷ ᠮᠣᠩᠭᠣᠯ 《ᠠᠵᠢᠯ ᠣᠯᠭᠣᠯᠲᠠ +》 ᠦᠶ᠋ᠯᠡᠴᠢᠯᠡᠭᠡᠨ᠎ᠦ ᠵᠠᠭ᠍ᠪᠤᠷ᠎ᠲᠤ ᠱᠢᠨ᠎ᠡ᠎ᠶ᠋ᠢ ᠡᠭᠦᠳᠴᠦ᠍᠂ ᠠᠵᠢᠯᠲᠠᠨ ᠡᠯᠰᠡᠬᠦ᠌ ᠴᠤᠭ᠍ᠯᠠᠭᠠᠨ᠎ᠢ ᠬᠤᠳᠠᠯᠳᠤᠭᠠᠨ᠎ᠤ ᠲᠠᠯᠠᠪᠤᠷ᠂ ᠰᠥᠨᠢ᠎ᠶ᠋ᠢᠨ ᠵᠠᠬ᠎ᠠ᠂ ᠰᠦᠮ᠎ᠡ᠎ᠶ᠋ᠢᠨ ᠴᠤᠭ᠍ᠯᠠᠭᠠᠨ ᠵᠡᠷᠭᠡ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ ᠭᠠᠵᠠᠷ᠎ᠲᠤ ᠨᠡᠭᠦᠯᠭᠡᠵᠦ᠍᠂ ᠡᠯ᠎ᠡ ᠲᠥᠷᠥᠯ᠎ᠦᠨ ᠠᠵᠢᠯᠲᠠᠨ ᠡᠯᠰᠡᠬᠦ᠌ ᠴᠤᠭ᠍ᠯᠠᠭᠠᠨ᠎ᠢ 3960 ᠲᠠᠯᠠᠪᠤᠷ ᠡᠷᠭᠢᠯᠡᠵᠦ᠍᠂ 160.49 ᠲᠦᠮᠡᠨ ᠠᠵᠢᠯ᠎ᠤᠨ ᠪᠠᠢᠷᠢ ᠬᠠᠩᠭᠠᠵᠤ᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡ᠎ᠶ᠋ᠢ 《ᠤᠯᠠᠨ ᠤ᠋ ᠳᠡᠷᠭᠡᠳᠡ》 《ᠵᠤᠭᠰᠤᠰᠢ ᠦᠭᠡᠢ》 ᠪᠣᠯᠭᠠᠪᠠ᠃
ᠠᠵᠢᠯ ᠣᠯᠭᠣᠯᠲᠠ ᠪᠣᠯ ᠨᠢᠭᠡ ᠲᠠᠯ᠎ᠠ ᠪᠡᠷ ᠬᠥᠭ᠌ᠵᠢᠯᠲᠡ᠎ᠶ᠋ᠢᠨ ᠶᠡᠬᠡ ᠲᠠᠯ᠎ᠠ᠎ᠳ᠋ᠤ ᠬᠣᠯᠪᠣᠭ᠍ᠳᠠᠵᠤ᠂ ᠨᠢᠭᠡ ᠲᠠᠯ᠎ᠠ ᠪᠡᠷ ᠠᠷᠠᠳ ᠤᠯᠠᠨ᠎ᠤ ᠠᠵᠠ ᠵᠢᠷᠭᠠᠯᠳ᠋ᠤ ᠬᠣᠯᠪᠣᠭ᠍ᠳᠠᠵᠤ ᠪᠠᠢᠳᠠᠭ᠃
2025 ᠣᠨ᠎ᠳᠤ ᠥᠪᠥᠷ ᠮᠣᠩᠭᠣᠯ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ ᠪᠠ ᠢᠳᠡᠪᠬᠢᠲᠡᠶ ᠠᠵᠢᠯ ᠣᠯᠭᠣᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠠᠵᠢᠯ᠎ᠤᠨ ᠪᠠᠢᠷᠢ᠎ᠶ᠋ᠢ ᠨᠡᠭᠡᠭᠡᠨ ᠬᠥᠭ᠌ᠵᠢᠭᠦᠯᠬᠦ᠌᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠬᠢᠬᠦ᠌᠂ ᠠᠵᠢᠯ ᠣᠯᠭᠣᠯᠲᠠ᠎ᠶ᠋ᠢᠨ ᠲᠤᠰᠠᠯᠠᠮᠵᠢ ᠦᠵᠡᠭᠦᠯᠬᠦ᠌ ᠵᠡᠷᠭᠡ ᠲᠠᠯ᠎ᠠ᠎ᠡᠴᠡ ᠶᠡᠷᠦᠩᠬᠡᠢᠯᠡᠭᠰᠡᠨ ᠠᠷᠭ᠎ᠠ ᠪᠤᠳᠤᠯᠭ᠎ᠠ ᠠᠪᠴᠤ᠂ ᠨᠠᠩ ᠭᠦᠶ᠋ᠴᠡᠳ ᠨᠠᠩ ᠴᠢᠨᠠᠷ ᠰᠠᠢᠲᠠᠶ ᠠᠵᠢᠯ ᠣᠯᠭᠣᠯᠲᠠ᠎ᠶ᠋ᠢ ᠠᠬᠢᠭᠤᠯᠪᠠ᠃ ᠪᠥᠬᠥ᠌ ᠣᠷᠣᠨ᠎ᠤ ᠬᠣᠲᠠ ᠪᠠᠯᠭᠠᠰᠤ᠎ᠶ᠋ᠢᠨ 20.9 ᠲᠦᠮᠡᠨ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠠᠵᠢᠯ ᠠᠯᠳᠠᠯᠲᠠ᠎ᠶ᠋ᠢᠨ ᠨᠣᠷᠮ᠎ᠠ ᠵᠢᠨ ᠪᠠᠢᠴᠠᠭᠠᠯᠲᠠ ᠵᠢᠨ ᠵᠢᠯ᠎ᠦᠨ ᠳᠤᠮᠳᠠᠴᠢ ᠬᠡᠮᠵᠢᠭ᠌ᠳᠡᠯ᠎ᠢ 5 ᠵᠢᠯ᠎ᠦᠨ ᠲᠤᠷᠱᠢᠬᠢ ᠬᠠᠮᠤᠭ᠎ᠤᠨ ᠳᠤᠤᠷ᠎ᠠ ᠲᠦᠪᠰᠢᠨ ᠬᠦᠷᠲᠡᠯ᠎ᠡ ᠪᠠᠭᠤᠷᠠᠭᠤᠯᠵᠤ᠂ ᠠᠵᠢᠯ ᠲᠠᠢ ᠬᠥᠮᠦᠨ ᠥᠬᠡᠶ ᠭᠡᠷ ᠪᠦᠯᠢ᠎ᠶ᠋ᠢ ᠬᠥᠳᠡᠯᠦᠩᠭᠦᠶ᠎ᠪᠡᠷ ᠥᠬᠡᠶ ᠪᠣᠯᠭᠠᠬᠤ᠎ᠶ᠋ᠢ ᠪᠠᠲᠤᠯᠠᠪᠠ᠃ ᠪᠠᠴᠢᠮ ᠬᠡᠷᠡᠭ᠌ᠰᠡᠬᠦ᠌ ᠳᠤᠲᠠᠭ᠍ᠳᠠᠵᠤ ᠪᠠᠢᠭ᠎ᠠ ᠤᠷ᠎ᠠ ᠴᠢᠳᠠᠪᠤᠷᠢ᠎ᠶ᠋ᠢᠨ ᠲᠥᠷᠥᠯ᠎ᠦᠨ 55 ᠠᠵᠢᠯ ᠮᠡᠷᠭᠡᠵᠢᠯ (ᠠᠵᠢᠯ ᠲᠥᠷᠥᠯ) ᠢ᠋ ᠱᠢᠨ᠎ᠡ᠎ᠪᠡᠷ ᠨᠡᠢᠲᠡᠯᠡᠵᠦ᠍᠂ ᠡᠯ᠎ᠡ ᠠᠵᠢᠯ ᠲᠥᠷᠥᠯ᠎ᠦᠨ ᠪᠣᠯᠪᠠᠰᠤᠷᠠᠯ᠎ᠳ᠋ᠤ 67.4 ᠲᠦᠮᠡᠨ ᠬᠥᠮᠦᠨ ᠤᠳᠠᠭᠠᠤᠷᠤᠯᠴᠠᠪᠠ᠃
ᠠᠷᠠᠳ᠎ᠤᠨ ᠠᠮᠢᠳᠤᠷᠠᠯ ᠠᠷᠠᠳ᠎ᠤᠨ ᠰᠡᠳᠭᠢᠯ᠎ᠳᠦ ᠬᠣᠯᠪᠣᠭ᠍ᠳᠠᠵᠤ᠂ ᠨᠡᠢᠭᠡᠮ᠎ᠦᠨ ᠪᠠᠲᠤᠯᠠᠭ᠎ᠠ ᠨᠡᠩ ᠴᠤ᠌ ᠭᠤᠤᠯᠳᠠᠯᠭ᠎ᠠ ᠵᠢᠨ ᠳᠤᠳᠤᠷᠠᠬᠢ ᠭᠤᠤᠯᠳᠠᠯᠭ᠎ᠠ ᠪᠤᠯᠤᠨ᠎ᠠ᠃ 2025 ᠣᠨ᠎ᠳᠤ ᠥᠪᠥᠷ ᠮᠣᠩᠭᠣᠯ ᠨᠡᠢᠭᠡᠮ᠎ᠦᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠵᠦ᠍᠂ ᠬᠠᠷᠠᠭᠠᠯᠵᠠᠯ᠎ᠤᠨ ᠲᠦᠪᠱᠢᠨ᠎ᠢ ᠲᠣᠭ᠍ᠳᠠᠪᠤᠷᠢᠳᠠᠢ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠤᠨ ᠠᠮᠤᠷ ᠲᠦᠪᠱᠢᠨ᠎ᠦ ᠲᠤᠤᠷ᠎ᠢ ᠤᠯᠠᠮ᠎ᠡᠴᠡ ᠤᠯᠠᠮ ᠨᠢᠭ᠍ᠲᠠ ᠰᠦᠯᠵᠢᠵᠦ᠍᠂ ᠤᠯᠠᠮ᠎ᠡᠴᠡ ᠤᠯᠠᠮ ᠪᠠᠬᠢ ᠪᠣᠯᠭᠠᠪᠠ᠃ ᠪᠦᠬᠦ᠌ ᠣᠷᠣᠨ᠎ᠤ ᠦᠨᠳᠦᠰᠦᠨ ᠨᠠᠰᠤᠵᠢᠯ᠎ᠤᠨ ᠳᠠᠭᠠᠳᠭᠠᠯ᠂ ᠠᠵᠢᠯ᠎ᠡᠴᠡ ᠪᠣᠯᠤᠭ᠍ᠰᠠᠨ ᠭᠡᠮᠲᠦᠯ᠎ᠦᠨ ᠳᠠᠭᠠᠳᠭᠠᠯ᠂ ᠠᠵᠢᠯ ᠠᠯᠳᠠᠯᠲᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠲᠤᠰ ᠲᠤᠰ 1775.3 ᠲᠦᠮᠡᠨ ᠬᠥᠮᠦᠨ᠂ 376.8 ᠲᠦᠮᠡᠨ ᠬᠥᠮᠦᠨ᠂ 341.2 ᠲᠦᠮᠡᠨ ᠬᠥᠮᠦᠨ᠎ᠳᠦ ᠬᠦᠷᠴᠦ᠍᠂ ᠴᠥᠮ ᠡᠭᠦᠷᠭᠡ᠎ᠵᠢᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠵᠦ᠍᠂ 43.6 ᠲᠦᠮᠡᠨ ᠬᠦᠴᠢᠷᠳᠡᠯᠲᠡᠶ ᠣᠯᠠᠨ ᠲᠦᠮᠡᠨ᠎ᠳᠦ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠰᠦᠢᠳᠭᠡᠯ᠎ᠢ ᠣᠷᠣᠯᠠᠨ ᠲᠤᠱᠢᠶᠠᠵᠤ᠂ ᠨᠡᠢᠭᠡᠮ᠎ᠦᠨ ᠪᠠᠲᠤᠯᠠᠭ᠎ᠠ᠎ᠶ᠋ᠢᠨ ᠳᠦᠷᠢᠮ᠎ᠦᠨ ᠬᠦᠷᠦᠯᠴᠡᠬᠦ ᠴᠢᠨᠠᠷ᠎ᠢ ᠤᠯᠠᠮ ᠨᠡᠮᠡᠭ᠌ᠳᠡᠭᠦᠯᠪᠡ᠃
2025 ᠣᠨ᠎ᠳᠤ ᠪᠥᠬᠥ᠌ ᠣᠷᠣᠨ᠎ᠤ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ 2177.98 ᠲᠦᠮᠡ᠎ᠳᠦ ᠬᠦᠷᠴᠦ᠍᠂ ᠤᠯᠤᠰ᠎ᠤᠨ ᠡᠭᠦᠷᠭᠡ᠎ᠶ᠋ᠢᠨ ᠬᠠᠷᠠᠯᠲᠠ᠎ᠶ᠋ᠢ ᠤᠷᠢᠳᠴᠢᠯᠠᠨ ᠳᠠᠪᠠᠭᠤᠯᠤᠨ ᠪᠡᠶᠡᠯᠡᠭᠦᠯᠵᠦ᠍᠂ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ 2024 ᠤᠨ᠎ᠤ ᠬᠢ᠎ᠡᠴᠡ 14.01 ᠲᠦᠮᠡ ᠨᠡᠮᠡᠭ᠌ᠳᠡᠪᠡ᠃ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠡᠳ᠋᠎ᠦᠨ ᠵᠠᠰᠠᠭ᠎ᠤᠨ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ 2020 ᠣᠨ᠎ᠳᠤ 550 ᠲᠥᠭᠥᠷᠢᠭ ᠪᠠᠢᠭ᠍ᠰᠠᠨ᠎ᠢ 2025 ᠣᠨ᠎ᠳᠤ 700 ᠲᠥᠭᠥᠷᠢᠭ ᠪᠣᠯᠭᠠᠨ ᠳᠡᠭᠡᠭ᠌ᠰᠢᠯᠡᠭᠦᠯᠪᠡ᠃
ᠲᠦᠷᠦᠭᠦᠬᠡᠨ ᠳ᠋ᠤ᠂ ᠬᠥᠬᠡᠬᠣᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶ᠎ᠠ ᠪᠣᠯᠤᠨ ᠨᠡᠢᠰᠯᠡᠯ᠎ᠦᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠪᠡᠭᠡᠵᠢᠩ᠎ᠦᠨ ᠱ᠌ᠢ ᠵᠢᠶ ᠲᠠᠨ ᠡᠮᠨᠡᠯᠭᠡ᠎ᠶ᠋ᠢᠨ ᠬᠣᠷᠢᠶ᠎ᠠ ᠵᠡᠷᠭᠡ ᠬᠠᠮᠲᠤᠷᠠᠨ ᠭᠤᠶᠤᠴᠢᠯᠠᠨ ᠮᠡᠳᠡᠭᠦᠯᠦᠭ᠌ᠰᠡᠨ 《ᠳᠤᠮᠳᠠᠳᠤ ᠤᠯᠤᠰ᠎ᠤᠨ ᠤᠮᠠᠷᠠᠲᠤ᠎ᠶ᠋ᠢᠨ ᠴᠡᠴᠡᠭ᠎ᠦᠨ ᠲᠣᠭᠣᠰᠣᠨ᠎ᠤ ᠬᠠᠷᠱᠢᠮᠠᠲᠠᠭᠠᠶ ᠴᠢᠨᠠᠷᠲᠠᠶ ᠡᠪᠡᠳᠴᠢᠨ ᠢ᠋ 〈ᠲᠠᠪᠤ᠎ᠶ᠋ᠢ ᠨᠢᠭᠡ ᠴᠣᠭ᠍ᠴᠠᠵᠢᠭᠤᠯᠬᠤ〉 ᠤᠨᠢᠨ ᠳᠡᠭᠡᠷ᠎ᠡ ᠨᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠪᠠᠢᠭᠤᠯᠬᠤ ᠪᠠ ᠳᠡᠯᠭᠡᠷᠡᠭᠦᠯᠬᠦ᠌》 ᠲᠥᠷᠥᠯ ᠵᠦᠶ᠋ᠯ ᠨᠢ ᠳᠤᠮᠳᠠᠳᠤ᠎ᠶ᠋ᠢᠨ ᠠᠨᠠᠭᠠᠬᠤ ᠤᠬᠠᠭᠠᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠤᠨ ᠬᠣᠶᠠᠳᠤᠭᠠᠷ ᠳᠡᠰ᠎ᠤᠨ ᠱᠠᠩᠨᠠᠯ᠎ᠢ ᠭᠥᠷᠳᠡᠪᠡ᠃ ᠡᠨᠡ ᠪᠣᠯ ᠮᠠᠨ᠎ᠤ ᠣᠷᠣᠨ᠎ᠤ ᠠᠨᠠᠭᠠᠬᠤ ᠤᠬᠠᠭᠠᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠳᠡᠭᠡᠭ᠌ᠰᠢᠯᠡᠯᠲᠡ᠎ᠶ᠋ᠢᠨ ᠠᠮᠢᠳᠤᠯᠢᠭ ᠢᠯᠡᠷᠡᠯ ᠪᠠᠢᠵᠤ᠂ ᠣᠷᠣᠨ ᠪᠦᠰᠡ᠎ᠶ᠋ᠢᠨ ᠬᠠᠷᠱᠢᠮᠠᠲᠠᠭᠠᠶ ᠴᠢᠨᠠᠷᠲᠠᠶ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠢᠯᠡᠬᠦ᠌ ᠪᠠ ᠣᠨᠣᠱᠢᠯᠠᠨ ᠡᠮᠨᠡᠬᠦ᠌ ᠲᠦᠪᠱᠢᠨ᠎ᠢ ᠢᠯᠡᠳᠲᠡ ᠳᠡᠭᠡᠭ᠌ᠰᠢᠯᠡᠭᠦᠯᠵᠦ᠍ ᠂ ᠥᠪᠥᠷ ᠮᠣᠩᠭᠣᠯ᠎ᠤᠨ ᠬᠤᠪᠢᠷᠠᠮᠠᠯ ᠤᠷᠪᠠᠯ᠎ᠤᠨ ᠰᠡᠷᠭᠡᠢᠯᠡᠨ ᠵᠠᠰᠠᠬᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠲᠡᠶ ᠠᠬᠢᠭᠤᠯᠵᠤ ᠪᠠᠢᠨ᠎ᠠ᠃
ᠡᠷᠡᠭᠦᠯ ᠮᠡᠨᠳᠦ ᠪᠣᠯ ᠠᠷᠠᠳ᠎ᠤᠨ ᠠᠮᠢᠳᠤᠷᠠᠯ᠎ᠤᠨ ᠴᠢᠬᠤᠯᠠ ᠵᠦᠶ᠋ᠯ ᠮᠦᠨ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠱᠢᠰᠲ᠋ᠧᠮ ᠲᠠᠰᠤᠷᠠᠯᠲᠠ ᠥᠬᠡᠶ ᠪᠦᠷᠢᠨᠱᠢᠵᠦ᠍᠂ ᠡᠮᠴᠢᠯᠡᠭᠡ ᠡᠷᠡᠭᠦᠯ ᠬᠠᠮᠠᠭᠠᠯᠠᠯ᠎ᠤᠨ ᠡᠬᠢ ᠪᠠᠶᠠᠯᠢᠭ ᠢᠯᠡᠳᠲᠡ ᠨᠡᠮᠡᠭ᠌ᠳᠡᠨ᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠲᠦᠪᠰᠢᠨ ᠦᠷᠭᠦᠯᠵᠢᠯᠡᠨ ᠳᠡᠭᠡᠭ᠌ᠰᠢᠯᠡᠪᠡ᠃
2025 ᠣᠨ᠎ᠳᠤ ᠥᠪᠥᠷ ᠮᠣᠩᠭᠣᠯ᠎ᠤᠨ ᠡᠮᠴᠢᠯᠡᠭᠡᠨ᠎ᠦ ᠦᠶ᠋ᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ ᠱᠢᠨ᠎ᠡ ᠳᠡᠭ᠌ᠲᠡᠷ᠎ᠲᠦ ᠭᠠᠷᠪᠠ᠃ 4 ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠦᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ 1.8 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠨ ᠥᠪᠡᠷᠲᠡᠭᠡᠨ ᠵᠠᠰᠠᠬᠤ ᠣᠷᠣᠨ᠎ᠤ ᠲᠤᠰᠭᠠᠶ ᠰᠠᠯᠠᠭᠠᠨ᠎ᠤ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠢ 39 ᠪᠠᠢᠭᠤᠯᠵᠤ᠂ 4000 ᠲᠦᠮᠡᠨ ᠲᠥᠭᠥᠷᠢᠭ᠎ᠦᠨ ᠪᠠᠯᠠ ᠣᠷᠣᠭᠤᠯᠤᠨ 8 ᠤᠯᠤᠰ᠎ᠤᠨ ᠡᠮᠴᠢᠯᠡᠭᠡᠨ᠎ᠦ ᠭᠤᠤᠯᠳᠠᠯᠭ᠎ᠠ᠎ᠲᠠᠶ ᠲᠤᠰᠭᠠᠶ ᠰᠠᠯᠠᠭ᠎ᠠ᠎ᠶ᠋ᠢ ᠰᠣᠩᠭᠣᠨ ᠪᠥᠲᠥᠭᠡᠨ ᠪᠠᠢᠭᠤᠯᠪᠠ᠃ ᠪᠡᠭᠡᠵᠢᠩ ᠥᠪᠥᠷ ᠮᠣᠩᠭᠣᠯ᠂ ᠱᠠᠩᠬᠠᠶ ᠥᠪᠥᠷ ᠮᠣᠩᠭᠣᠯ᠂ ᠯᠢᠶᠣᠤᠨᠢᠩ ᠥᠪᠥᠷ ᠮᠣᠩᠭᠣᠯ᠂ ᠲᠢᠶᠠᠨᠵᠢᠨ ᠥᠪᠥᠷ ᠮᠣᠩᠭᠣᠯ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠣᠷᠣᠨ᠎ᠤ ᠭᠠᠳᠠᠨᠠᠬᠢ 2000 ᠱᠢᠬᠠᠮ ᠲᠤᠰᠭᠠᠶ ᠮᠡᠷᠭᠡᠵᠢᠯᠲᠡᠨ ᠡᠴᠡ 50 ᠭᠠᠷᠤᠶ ᠲᠦᠮᠡᠨ ᠡᠪᠡᠳᠴᠢᠲᠡᠨ᠎ᠳᠦ ᠣᠨᠣᠱᠢᠯᠠᠨ ᠡᠮᠨᠡᠬᠦ᠌ ᠦᠶ᠋ᠯᠡᠴᠢᠯᠡᠭᠡ ᠬᠠᠩᠭᠠᠪᠠ᠃
《ᠦᠳᠡᠬᠦᠰ ᠨᠢᠯᠬᠠᠰ》 ᠪᠤᠯ ᠬᠠᠢᠷᠠᠯᠠᠨ ᠬᠠᠮᠠᠭᠠᠯᠠᠬᠤ ᠭᠣᠣᠯᠳᠠᠯᠭ᠎ᠠ ᠮᠥᠨ᠂ ᠡᠨᠡ ᠨᠢ ᠲᠦᠮᠡᠨ ᠡᠷᠦᠬᠡ᠎ᠶ᠋ᠢᠨ ᠰᠡᠳᠬᠢᠯ ᠵᠢᠷᠦᠭᠡ ᠵᠢ ᠬᠤᠯᠪᠤᠵᠦ ᠪᠠᠢᠳᠠᠭ᠃
2025 ᠣᠨ᠎ᠳᠤ ᠥᠪᠥᠷ ᠮᠣᠩᠭᠣᠯ ᠮᠠᠯᠵᠢᠬᠤ ᠲᠠᠷᠢᠶᠠᠯᠠᠬᠤ ᠣᠷᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ᠎ᠶ᠋ᠢᠨ ᠵᠢᠷᠭᠠᠯᠠᠩᠲᠤ ᠬᠦᠷᠢᠶᠡᠯᠡᠩ᠎ᠦᠨ 5000 ᠡᠷᠦᠬᠡ ᠵᠢᠨ ᠳᠤᠯᠠᠭᠠᠯᠠᠬᠤ ᠲᠥᠬᠥᠭᠡᠷᠦᠮᠵᠢ᠎ᠶ᠋ᠢ ᠥᠭᠡᠷᠡᠴᠢᠯᠡᠨ ᠱᠢᠨᠡᠳᠭᠡᠵᠦ᠍᠂ ᠰᠤᠮᠤ ᠱᠢᠶᠠᠩ ᠪᠠᠯᠭᠠᠰᠤ ᠣᠷᠣᠨ ᠪᠦᠰᠡ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠢ 93 ᠪᠠᠢᠭᠤᠯᠵᠤ᠂ ᠲᠣᠰᠭᠣᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠥᠷᠲᠡᠭᠡ᠎ᠶ᠋ᠢ 1093 ᠪᠠᠢᠭᠤᠯᠵᠤ᠂ 284 ᠵᠢᠷᠭᠠᠯᠠᠩᠲᠤ ᠬᠦᠷᠢᠶᠡᠯᠡᠩ᠎ᠦᠨ ᠴᠢᠳᠠᠮᠵᠢ᠎ᠶ᠋ᠢ ᠥᠷᠭᠡᠳᠭᠡᠨ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ᠎ᠤ ᠨᠠᠰᠤᠲᠠᠢᠴᠤᠳ᠎ᠲᠤ ᠬᠡᠷ᠎ᠲᠤ᠎ᠨᠢ ᠴᠢᠨᠠᠷ ᠰᠠᠢᠲᠠᠶ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠬᠦᠷᠲᠡᠭᠡᠪᠡ᠃
2025 ᠣᠨ᠎ᠳᠤ᠂ 《ᠬᠠᠮᠤᠭ᠎ᠤᠨ ᠲᠤᠷᠤᠢ ᠪᠠᠭᠤᠷᠠᠢ ᠬᠦᠮᠤᠰ》 ᠨᠠᠩ ᠣᠯᠠᠨ ᠨᠠᠩ ᠲᠤᠰᠭᠠᠶ ᠮᠡᠷᠭᠡᠵᠢᠯ᠎ᠦᠨ ᠠᠰᠠᠷᠠᠨ ᠰᠤᠪᠢᠯᠠᠬᠤ ᠬᠠᠷᠠᠭᠠᠯᠵᠠᠯ᠎ᠢ ᠭᠥᠷᠳᠡᠪᠡ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠬᠡᠤᠬᠡᠳ ᠪᠦᠷᠢᠳᠦ ᠳᠤᠮᠳᠠᠴᠢ᠎ᠪᠠᠷ ᠲᠣᠭ᠍ᠲᠠᠭ᠍ᠰᠠᠨ ᠲᠣᠭᠠᠨ᠎ᠤ ᠨᠥᠬᠥᠪᠥᠷᠢ ᠥᠭ᠌ᠬᠦ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠴᠡᠴᠡᠷᠯᠢᠭ ᠲᠤ᠌ ᠤᠷᠤᠬᠰᠠᠨ ᠭᠡᠤᠭᠡᠤᠨ ᠲᠤ᠌ 7.4 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠪᠡ᠃ 55 《ᠪᠤᠯᠪᠠᠷᠠᠢ ᠭᠡᠦᠭᠡᠳ ᠥᠷᠲᠡᠭᠡ》 ᠶ᠋ᠢᠨ ᠨᠡᠢᠭᠡᠮ ᠲᠣᠭᠣᠷᠢᠭ᠎ᠤᠨ ᠨᠠᠢᠳᠠᠵᠤ ᠰᠠᠭᠠᠲᠠᠭᠤᠯᠤᠨ ᠬᠥᠮᠦᠵᠢᠭᠦᠯᠬᠦ᠌ ᠦᠶ᠋ᠯᠡᠴᠢᠯᠡᠭᠡᠨ᠎ᠦ ᠲᠤᠷᠱᠢᠯᠲᠠ᠎ᠶ᠋ᠢᠨ ᠴᠡᠭ᠎ᠢ ᠱᠢᠨ᠎ᠡ᠎ᠪᠡᠷ ᠡᠭᠦᠳᠦᠨ ᠪᠠᠢᠭᠤᠯᠵᠤ᠂ 2100 ᠭᠠᠷᠤᠶ ᠡᠯ᠎ᠡ ᠲᠥᠷᠥᠯ᠎ᠦᠨ ᠨᠠᠢᠳᠠᠵᠤ ᠰᠠᠭᠠᠲᠠᠭᠤᠯᠤᠨ ᠬᠥᠮᠦᠵᠢᠭᠦᠯᠬᠦ᠌ ᠪᠠᠢᠭᠤᠯᠤᠮᠵᠢ᠎ᠶ᠋ᠢ ᠪᠠᠢᠭᠤᠯᠵᠤ᠂ 1.6 ᠲᠦᠮᠡᠨ ᠲᠦᠬᠡᠮᠡᠯ ᠬᠠᠷᠠᠭᠠᠯᠵᠠᠳᠤ ᠬᠡᠤᠬᠡᠳ ᠰᠠᠭᠠᠳᠠᠭᠤᠯᠬᠤ ᠣᠷᠣ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍᠂ 3 ᠨᠠᠰᠤᠨ᠎ᠡᠴᠡ ᠳᠣᠷᠣᠭ᠍ᠰᠢᠬᠢ ᠮᠢᠩᠭᠠᠨ ᠬᠡᠦᠬᠡᠳ ᠪᠦᠷᠢᠳᠦ ᠨᠠᠢᠳᠠᠵᠤ ᠰᠠᠭᠠᠲᠠᠭᠤᠯᠤᠨ ᠬᠥᠮᠦᠵᠢᠭᠦᠯᠬᠦ᠌ ᠣᠷᠣᠨ ᠲᠣᠭ᠎ᠠ᠎ᠶ᠋ᠢ 4.64 ᠪᠣᠯᠭᠠᠨ ᠨᠡᠮᠡᠭ᠌ᠳᠡᠭᠦᠯᠪᠡ᠃ ᠬᠡᠦᠬᠡᠳ ᠪᠣᠢᠵᠢᠭᠤᠯᠬᠤ ᠨᠥᠬᠥᠪᠥᠷᠢ᠎ᠶ᠋ᠢᠨ ᠲᠥᠷᠦ᠍᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠂ 7.74 ᠳ᠋ᠦᠩᠱᠢᠭᠤᠷ ᠲᠥᠭᠥᠷᠢᠭ᠎ᠦᠨ ᠨᠥᠬᠥᠪᠥᠷᠢ ᠲᠠᠷᠬᠠᠭᠠᠪᠠ᠃
《ᠦᠳᠡᠬᠦᠰ ᠨᠢᠯᠬᠠᠰ》 ᠤ᠋ᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠬᠠᠮᠲᠤ᠂ ᠥᠪᠥᠷ ᠮᠣᠩᠭᠣᠯ ᠠᠷᠠᠳ ᠲᠦᠮᠡᠨ᠎ᠦ ᠡᠷᠡᠭᠦᠯ ᠮᠡᠨᠳᠦ ᠵᠢᠨ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠪᠡ᠃ ᠬᠢᠮᠡᠯ ᠴᠢᠬᠢᠨ ᠲᠤᠩ᠂ ᠬᠥᠩᠭᠡᠵᠢᠯᠲᠡ᠎ᠶ᠋ᠢᠨ ᠡᠪᠡᠳᠬᠦ᠌᠎ᠶ᠋ᠢ ᠵᠣᠭ᠍ᠰᠣᠭᠠᠬᠤ᠂ ᠭᠡᠮᠲᠦᠭᠡᠬᠦ ᠥᠬᠡᠶ ᠪᠡᠷ ᠭᠧᠨ᠎ᠢ ᠪᠠᠢᠴᠠᠭᠠᠨ ᠬᠡᠮᠵᠢᠬᠦ᠌ ᠵᠡᠷᠭᠡ᠎ᠶ᠋ᠢ ᠡᠮᠴᠢᠯᠡᠭᠡᠨ᠎ᠦ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠦ ᠣᠷᠣᠭᠤᠯᠵᠤ᠂ ᠣᠯᠠᠨ ᠲᠦᠮᠡᠨ᠎ᠦ ᠡᠪᠡᠳᠴᠢᠨ ᠦᠵᠡᠭᠦᠯᠬᠦ᠌ ᠳᠠᠷᠤᠭᠠᠰᠤ᠎ᠶ᠋ᠢ ᠬᠥᠩᠭᠡᠷᠡᠭᠦᠯᠪᠠ᠃ ᠦᠷᠡᠵᠢᠯ᠎ᠦᠨ ᠨᠡᠮᠡᠭᠦᠷᠢ᠎ᠶ᠋ᠢ 《ᠭᠤᠶᠤᠴᠢᠯᠠᠬᠤ᠎ᠲᠠᠶ ᠵᠡᠷᠭᠡ ᠭᠥᠷᠳᠡᠬᠦ᠌》᠂ 《ᠬᠤᠪᠢ ᠬᠥᠮᠦᠨ᠎ᠳᠦ ᠱᠢᠭᠤᠳ ᠣᠯᠭᠣᠬᠤ》 ᠶ᠋ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ 7 ᠨᠢᠭᠡᠳᠦᠯᠲᠡᠶ ᠲᠦᠯᠦᠪᠵᠢᠬᠦᠯᠬᠦ ᠣᠷᠣᠨ᠎ᠳᠤ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ᠎ᠳᠡᠬᠢ ᠡᠮᠨᠡᠯᠭᠡ᠎ᠳᠦ ᠰᠠᠭᠤᠵᠤ ᠬᠥᠩᠭᠡᠵᠢᠬᠦ᠌ ᠵᠠᠷᠤᠳᠠᠯ᠎ᠢ ᠪᠥᠬᠥ᠌ ᠲᠣᠭ᠎ᠠ᠎ᠪᠠᠷ ᠨᠢ ᠲᠠᠩᠰᠠ ᠲᠠᠢᠯᠬᠤ᠎ᠶ᠋ᠢ ᠪᠡᠶᠡᠯᠡᠭᠦᠯᠵᠦ᠍᠂ ᠬᠡᠦᠬᠡᠳ ᠲᠥᠷᠥᠭ᠌ᠰᠡᠨ ᠠᠨᠠᠭᠠᠬᠤ ᠤᠬᠠᠭᠠᠨ᠎ᠤ ᠭᠡᠷᠡᠴᠢ᠎ᠪᠡᠷ᠎ᠢᠶᠡᠨ ᠳᠠᠭᠠᠳᠭᠠᠯ᠎ᠳᠤ ᠣᠷᠣᠵᠤ ᠪᠣᠯᠤᠨ᠎ᠠ᠃ ᠬᠥᠬᠡᠬᠣᠲᠠ᠂ ᠦᠬᠠᠶ᠂ ᠮᠠᠨᠵᠤᠤᠷ ᠤᠷᠳᠤ ᠬᠤᠭᠤᠴᠠᠭ᠎ᠠ ᠪᠡᠷ ᠳᠠᠭᠠᠳᠭᠠᠯ ᠢ᠋ ᠪᠠᠳᠤᠯᠠᠬᠤ ᠲᠤᠷᠱᠢᠯᠲᠠ ᠵᠢᠨ ᠴᠡᠭ ᠢ᠋ ᠡᠩ ᠲᠡᠷᠢᠭᠦᠨ᠎ᠳᠦ ᠬᠠᠢᠨ ᠰᠦᠪᠡᠭ᠌ᠴᠢᠯᠡᠵᠦ᠍᠂ 302.25 ᠲᠦᠮᠡᠨ ᠬᠥᠮᠦᠨ ᠳᠠᠭᠠᠳᠭᠠᠯ᠎ᠳᠤ ᠤᠷᠤᠵᠤ᠂ ᠨᠡᠢᠲᠡ 2.53 ᠲᠦᠮᠡᠨ ᠬᠥᠮᠦᠨ᠎ᠳᠦ ᠬᠠᠷᠠᠭᠠᠯᠵᠠᠯ ᠬᠦᠷᠲᠡᠭᠡᠵᠦ᠍᠂ ᠨᠡᠢᠲᠡ 4.82 ᠳ᠋ᠦᠩᠱᠢᠭᠤᠷ ᠲᠥᠭᠥᠷᠢᠭ᠎ᠦᠨ ᠵᠠᠷᠤᠳᠠᠯ ᠥᠭ᠌ᠴᠦ᠂ ᠴᠢᠳᠠᠯ ᠲᠡᠩᠬᠡᠭᠡ᠎ᠪᠡᠨ ᠠᠯᠳᠠᠭ᠍ᠰᠠᠳ᠎ᠤᠨ ᠬᠡᠷ ᠪᠦᠯᠢ᠎ᠶ᠋ᠢᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠪᠡ᠃ ᠰᠤᠪᠢᠯᠠᠯᠲᠠ᠎ᠶ᠋ᠢᠨ ᠡᠭᠦᠳᠡᠨ ᠡᠮᠨᠡᠯᠭᠡ᠂ ᠡᠮ᠎ᠦᠨ ᠤᠬᠠᠭᠠᠨ᠎ᠤ ᠡᠭᠦᠳᠡᠨ ᠡᠮᠨᠡᠯᠭᠡ᠂ ᠠᠮᠤᠷ ᠲᠠᠢᠪᠤᠩ ᠰᠤᠪᠢᠯᠠᠯᠲᠠ ᠵᠡᠷᠭᠡ ᠱᠢᠨ᠎ᠡ᠎ᠪᠡᠷ ᠪᠠᠢᠭᠤᠯᠤᠭ᠍ᠰᠠᠨ ᠦᠶ᠋ᠯᠡᠴᠢᠯᠡᠭᠡᠨ᠎ᠦ ᠲᠥᠷᠥᠯ ᠵᠦᠶ᠋ᠯ᠎ᠦᠨ ᠲᠤᠷᠱᠢᠯᠲᠠ᠎ᠶ᠋ᠢᠨ ᠴᠡᠭ ᠢ᠋ ᠥᠷᠨᠢᠭᠦᠯᠵᠦ᠍᠂ ᠨᠥᠬᠥᠴᠡᠯ᠎ᠳᠦ ᠨᠡᠢᠴᠡᠬᠦ᠌ 1060 ᠵᠦᠶ᠋ᠯ᠎ᠦᠨ ᠡᠮᠴᠢᠯᠡᠭᠡᠨ᠎ᠦ ᠦᠶ᠋ᠯᠡᠴᠢᠯᠡᠭᠡᠨ᠎ᠦ ᠲᠥᠷᠥᠯ ᠵᠦᠶ᠋ᠯ᠎ᠢ ᠡᠮᠴᠢᠯᠡᠭᠡᠨ᠎ᠦ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠦ ᠣᠷᠣᠭᠤᠯᠪᠠ᠃ 12 ᠪᠦᠯᠦᠭ ᠡᠮ᠎ᠦᠨ ᠵᠦᠶ᠋ᠯ ᠪᠠ ᠬᠣᠷᠣᠭ᠍ᠳᠠᠯ ᠮᠠᠲ᠋ᠧᠷᠢᠶᠠᠯ᠎ᠤᠨ ᠦᠨ᠎ᠡ ᠬᠠᠩᠰᠢ ᠬᠣᠯᠪᠣᠭᠠᠯᠠᠨ ᠬᠥᠳᠡᠯᠦᠯᠴᠡᠵᠦ᠍᠂ ᠳᠤᠮᠳᠠᠴᠢ᠎ᠪᠠᠷ ᠲᠣᠰ ᠲᠣᠰ 22.26% ᠪᠠ 34.11% ᠪᠡᠷ ᠪᠠᠭᠤᠷᠠᠪᠠ᠃
《ᠨᠢᠳᠤᠨᠤᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠢᠨᠡᠳᠭᠡᠭᠰᠡᠨᠤ ᠳᠠᠷᠠᠭ᠎ᠠ᠂ ᠭᠠᠳᠠᠷ ᠬᠡᠷᠡᠮᠳᠦ ᠳᠤᠯᠠᠭᠠᠨ᠎ᠢ ᠬᠠᠮᠠᠭᠠᠯᠠᠬᠤ ᠡᠳ᠋ ᠬᠢᠵᠦ ᠱᠢᠷᠳᠠᠨ ᠪᠤᠳᠤᠵᠤ᠂ ᠴᠠᠷᠳᠠᠮᠠᠯ ᠵᠠᠮ᠂ ᠵᠠᠮ᠎ᠤᠨ ᠳ᠋ᠧᠩ ᠪᠣᠯᠤᠨ ᠢᠵᠢ ᠪᠦᠷᠢᠳᠦᠭᠦᠯᠬᠦ᠌ ᠲᠥᠬᠥᠭᠡᠷᠦᠮᠵᠢ᠎ᠶ᠋ᠢ ᠴᠦ᠍ ᠪᠦᠬᠦᠨ᠎ᠢ ᠱᠢᠨᠡᠳᠭᠡᠵᠦ᠍᠂ ᠣᠷᠴᠢᠨ ᠲᠣᠭᠣᠷᠢᠨ ᠶᠠᠪᠤᠬᠤ ᠲᠤᠲᠤᠮ ᠰᠠᠢᠵᠢᠷᠠᠵᠤ ᠪᠠᠢᠨ᠎ᠠ》᠃ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢᠨ ᠥᠭᠡᠷᠡᠴᠢᠯᠡᠯᠲᠡ᠎ᠶ᠋ᠢᠨ ᠢᠨᠵᠧᠨᠧᠷᠢᠩ᠎ᠦᠨ ᠲᠤᠬᠠᠢ ᠶᠠᠷᠢᠬᠤ᠎ᠳᠠᠭᠠᠨ᠂ ᠪᠠᠶᠠᠨᠨᠠᠭᠤᠷ᠎ᠤᠨ ᠳ᠋ᠸᠩᠺᠸᠤ ᠱᠢᠶᠠᠨ᠎ᠤ᠎ᠶ᠋ᠢᠨ ᠰᠦᠢ ᠰᠠᠭᠤᠭᠠᠯᠢ ᠠᠷᠠᠳ᠎ᠤᠨ ᠲᠣᠭᠣᠷᠢᠭ᠎ᠲᠤ ᠰᠠᠭᠤᠭ᠎ᠠ ᠸᠠᠩ ᠵᠢᠶᠠᠨ ᠭᠦᠸᠧ ᠰᠡᠳᠭᠢᠯ ᠳᠦᠭᠦᠷᠡᠩ ᠪᠠᠢᠯ᠎ᠠ᠃
ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠎ᠨᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠳᠣᠲᠣᠭᠠᠳᠤ ᠬᠡᠷᠡᠭ᠌ᠴᠡᠭᠡ᠎ᠶ᠋ᠢ ᠬᠥᠭ᠌ᠵᠢᠭᠡᠬᠦ᠌᠂ ᠠᠵᠤ ᠠᠬᠤᠶ᠎ᠶ᠋ᠢᠨ ᠡᠷᠭᠢᠯᠲᠡ᠎ᠶ᠋ᠢ ᠱᠢᠯᠤᠭᠤᠳᠭᠠᠬᠤ ᠴᠢᠬᠤᠯᠠ ᠭᠠᠷᠳᠠᠴᠠ ᠪᠣᠯᠤᠨ᠎ᠠ᠃ 2025 ᠣᠨ᠎ᠳᠤ ᠥᠪᠥᠷ ᠮᠣᠩᠭᠣᠯ ᠬᠣᠲᠠ ᠪᠠᠯᠭᠠᠰᠤᠨ᠎ᠤ 895 ᠬᠠᠭᠤᠴᠢᠨ ᠰᠠᠭᠤᠭᠠᠯᠢ ᠲᠣᠭᠣᠷᠢᠭ ᠤ᠋ᠨ 17.9 ᠲᠦᠮᠡᠨ ᠡᠷᠦᠬᠡ ᠵᠢ ᠥᠭᠡᠷᠡᠴᠢᠯᠡᠨ ᠱᠢᠨᠡᠳᠭᠡᠪᠠ᠃ ᠥᠩᠭᠡᠷᠡᠭ᠌ᠰᠡᠨ᠎ᠦ 《ᠬᠠᠭᠤᠴᠢᠷᠠᠭ᠍ᠰᠠᠨ》 ᠰᠠᠭᠤᠭᠠᠯᠢ ᠠᠷᠠᠳ ᠤ᠋ᠨ ᠲᠤᠭᠤᠷᠢᠬ ᠨᠢ ᠣᠷᠴᠢᠨ ᠲᠣᠭᠣᠷᠢᠨ ᠴᠡᠪᠡᠷ ᠲᠡᠭ᠌ᠰᠢ᠂ ᠲᠥᠬᠥᠭᠡᠷᠦᠮᠵᠢ ᠪᠦᠷᠢᠨ ᠲᠡᠭᠦᠯᠳᠡᠷ᠂ ᠠᠮᠢᠳᠤᠷᠠᠯ ᠳᠥᠭᠥᠮ ᠳᠥᠲᠡ 《ᠵᠣᠯ ᠵᠢᠷᠭᠠᠯᠲᠤ ᠬᠡᠷ ᠣᠷᠣᠨ》 ᠪᠣᠯᠵᠣ ᠬᠤᠪᠢᠷᠠᠪᠠ᠃
ᠡᠳᠦᠷ ᠲᠤᠲᠤᠮ᠎ᠤᠨ ᠠᠮᠢᠳᠤᠷᠠᠯ᠎ᠤᠨ ᠬᠡᠷᠡᠭ᠌ᠯᠡᠭᠡ ᠳᠤᠮᠳᠠ ᠴᠦ᠍ ᠰᠡᠳᠬᠢᠯ ᠲᠤᠯᠠᠭᠠᠴᠠᠭᠤᠯᠤᠭᠰᠠᠨ ᠬᠠᠯᠠᠭᠤᠨ ᠤᠷᠤᠰᠬᠠᠯ ᠤᠷᠤᠰᠴᠤ᠌ ᠪᠠᠢᠨ᠎ᠠ᠃ ᠡᠨᠡ ᠵᠢᠯ᠎ᠦᠨ 1 ᠰᠠᠷ᠎ᠠ᠎ᠶ᠋ᠢᠨ 26᠎ᠤ᠋ ᠡᠳᠦᠷ᠂ ᠥᠪᠥᠷ ᠮᠣᠩᠭᠣᠯ ᠲᠣᠨᠣᠭ ᠲᠥᠬᠥᠭᠡᠷᠦᠮᠵᠢ᠎ᠶ᠋ᠢ ᠱᠢᠨᠡᠳᠭᠡᠬᠦ᠌᠂ ᠬᠡᠷᠡᠭ᠌ᠯᠡᠭᠡᠨ᠎ᠦ ᠵᠦᠶ᠋ᠯ᠎ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠂ ᠬᠣᠷᠢᠶᠠᠨ ᠠᠪᠴᠤ᠌ ᠡᠷᠭᠢᠯᠳᠦᠭᠦᠯᠦᠨ ᠠᠱᠢᠭ᠍ᠯᠠᠬᠤ ᠰᠦᠯᠵᠢᠶᠡᠨ᠎ᠦ ᠪᠠᠢᠭᠤᠯᠤᠯᠲᠠ ᠵᠡᠷᠭᠡ ᠲᠠᠪᠤᠨ ᠶᠡᠬᠡ ᠲᠠᠯ᠎ᠠ᠎ᠪᠠᠷ 24 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ ᠠᠪᠴᠤ᠌᠂ ᠬᠡᠳᠤ ᠣᠷᠳᠣ ᠬᠤᠭᠤᠴᠠᠭᠠᠨ᠎ᠤ ᠤᠨᠴᠠᠭᠠᠢ ᠤᠯᠤᠰ᠎ᠤᠨ ᠵᠢᠭᠡᠯᠡᠯᠭᠡ᠎ᠶ᠋ᠢᠨ ᠪᠠᠯᠠ ᠮᠥᠩᠭᠥ᠎ᠶ᠋ᠢᠨ ᠳᠡᠮᠵᠢᠯᠭᠡ᠂ ᠨᠠᠷᠢᠨ ᠤᠨᠤᠴᠠᠳᠠᠢ ᠨᠥᠬᠥᠪᠥᠷᠢ ᠥᠭ᠌ᠬᠦ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠠᠵᠤ ᠦᠶ᠋ᠯᠡᠰ᠎ᠦᠨ ᠲᠠᠰ ᠳᠡᠪᠱᠢᠬᠦ᠌ ᠪᠠ ᠬᠡᠷᠡᠭ᠌ᠯᠡᠭᠡ ᠵᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃
ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠵᠤ᠂ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ ᠵᠢ ᠯᠠᠪᠳᠠᠭᠤᠨ ᠠᠬᠢᠭᠤᠯᠪᠠ᠃ 2025 ᠣᠨ᠎ᠳᠤ ᠥᠪᠥᠷ ᠮᠣᠩᠭᠣᠯᠠᠷᠠᠳᠤᠨ ᠠᠮᠢᠳᠤᠷᠠᠯ᠎ᠳᠤ ᠠᠱᠢᠭ ᠬᠦᠷᠲᠡᠭᠡᠬᠦ᠌ ᠠᠯᠢ ᠣᠯᠠᠨ ᠲᠥᠷᠥ᠎ᠶ᠋ᠢᠨ ᠪᠣᠳᠣᠯᠭ᠎ᠠ ᠵᠢ ᠵᠤᠬᠢᠴᠠᠭᠤᠯᠤᠨ ᠨᠠᠢᠳᠠᠪᠤᠷᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠪᠡ᠃ ᠪᠦᠬᠦ᠌ ᠣᠷᠣᠨ᠎ᠤ ᠬᠡᠷᠡᠭ᠌ᠯᠡᠭᠡ ᠵᠢᠨ ᠵᠦᠢᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠳᠤ 61.8 ᠳ᠋ᠦᠩᠱᠢᠭᠤᠷ ᠲᠥᠭᠥᠷᠢᠭ᠎ᠦᠨ ᠪᠡᠯᠡ ᠮᠥᠩᠭᠥ᠌ ᠨᠥᠬᠥᠪᠥᠷᠢᠯᠡᠵᠦ᠍᠂ 640 ᠳ᠋ᠦᠩᠱᠢᠭᠤᠷ ᠲᠥᠭᠥᠷᠢᠭ᠎ᠤᠨ ᠬᠡᠷᠡᠭ᠌ᠯᠡᠭᠡ᠎ᠶ᠋ᠢ ᠳᠠᠢᠴᠢᠯᠠᠪᠠ᠃ ᠢᠳᠡᠭᠡᠨ ᠤᠮᠳᠠᠭᠠᠨ ᠠᠮᠲᠠᠲᠤ ᠢᠳᠡᠭᠡᠨ᠂ ᠮᠠᠱᠢᠨ ᠲᠡᠷᠭᠡ ᠭᠡᠷ᠎ᠦᠨ ᠴᠠᠬᠢᠯᠭᠠᠨ ᠬᠡᠷᠡᠭ᠌ᠰᠡᠯ ᠵᠡᠷᠭᠡ ᠬᠦᠷᠢᠶ᠎ᠡ᠎ᠶ᠋ᠢᠨ ᠲᠣᠭᠣᠷᠢᠨ᠎ᠳᠤ ᠡᠯ᠎ᠡ ᠲᠥᠷᠥᠯ᠎ᠦᠨ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠠᠢᠮᠠᠭ ᠬᠣᠲᠠ᠎ᠶ᠋ᠢ ᠵᠢᠯᠣᠭᠣᠳᠴᠤ᠌ 5 ᠳ᠋ᠦᠩᠱᠢᠭᠤᠷ ᠲᠥᠭᠥᠷᠢᠭ ᠤ᠋ᠨ ᠡᠯ᠎ᠡ ᠲᠥᠷᠥᠯ᠎ᠦᠨ ᠬᠡᠷᠡᠭ᠌ᠯᠡᠭᠡ ᠵᠢᠨ ᠲᠡᠮᠳᠡᠭ᠌ᠲᠦ᠍᠎ᠶ᠋ᠢ ᠲᠠᠷᠬᠠᠭᠠᠵᠤ᠂ ᠨᠡᠢᠲᠡ ᠪᠠᠷᠤᠭ 400 ᠳ᠋ᠦᠩᠱᠢᠭᠤᠷ ᠲᠥᠭᠥᠷᠢᠭ ᠤ᠋ᠨ ᠬᠡᠷᠡᠭ᠌ᠯᠡᠭᠡ᠎ᠶ᠋ᠢ ᠳᠠᠢᠴᠢᠯᠠᠵᠤ᠂ ᠬᠡᠷᠡᠭ᠌ᠯᠡᠭ᠌ᠴᠢᠳ᠎ᠲᠦ ᠨᠠᠩ ᠣᠯᠠᠨ ᠪᠣᠳᠠᠲᠤ ᠠᠱᠢᠭ ᠬᠦᠷᠲᠡᠭᠡᠪᠡ᠃
ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠵᠢᠨᠷ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠵᠣᠯ ᠵᠢᠷᠭᠠᠯᠲᠤ ᠥᠪᠥᠷ ᠮᠣᠩᠭᠣᠯ᠎ᠢ ᠨᠡᠩ 《ᠨᠢᠳᠤᠨ ᠳ᠋ᠦ ᠦᠵᠡᠭᠳᠡᠵᠦ ᠭᠠᠷ ᠲᠦ᠍ ᠪᠠᠷᠢᠬᠳᠠᠬᠤ》 ᠪᠣᠯᠭᠠᠪᠠ᠃
ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ ᠲᠡᠭᠦᠰᠭᠡᠯ ᠭᠡᠵᠦ᠍ ᠪᠠᠢᠬᠤ ᠦᠭᠡᠢ᠂ ᠲᠠᠰᠤᠷᠠᠯᠳᠠ ᠦᠭᠡᠢ ᠦᠷᠭᠦᠯᠵᠢᠯᠡᠬᠦ᠌ ᠱᠢᠨ᠎ᠡ ᠭᠠᠷᠤᠭ᠎ᠠ ᠯᠠ ᠪᠠᠢᠳᠠᠭ᠃ 2026 ᠣᠨ᠎ᠳᠤ ᠥᠪᠥᠷ ᠮᠣᠩᠭᠣᠯ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠶᠠᠪᠤᠳᠠᠯ᠎ᠢ ᠦᠷᠭᠦᠯᠵᠢᠯᠡᠨ ᠪᠣᠳᠠᠲᠠᠢ ᠬᠢᠵᠦ᠍᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠶᠠᠪᠤᠳᠠᠯ᠎ᠢ ᠨᠠᠷᠢᠯᠢᠭ ᠬᠢᠵᠦ᠍᠂ ᠠᠷᠠᠳ᠎ᠤᠨ ᠰᠠᠨᠠᠭᠠᠨ᠎ᠳᠤ ᠨᠡᠢᠴᠡᠭᠦᠯᠬᠦ᠌ ᠶᠠᠪᠤᠳᠠᠯ᠎ᠢ ᠰᠠᠢᠲᠤᠷ ᠬᠢᠵᠦ᠍᠂ ᠤᠯᠠᠨ ᠲᠦᠮᠡᠨ᠎ᠦ ᠵᠢᠷᠭᠠᠯᠳᠤ ᠲᠦᠷᠦᠭᠳᠡᠯ ᠢ᠋ ᠨᠡᠩ ᠬᠦᠨ ᠪᠣᠯᠭᠠᠵᠤ᠂ ᠰᠡᠳᠭᠢᠯ᠎ᠢ ᠨᠡᠩ ᠳᠤᠯᠠᠭᠠᠴᠠᠭᠤᠯᠤᠨ᠎ᠠ᠃