ᠡᠷᠴᠢ ᠬᠦᠴᠦᠨ ᠵᠢᠡᠨ ᠲᠥᠪᠯᠡᠷᠡᠭᠦᠯᠦᠨ ᠰᠢᠨ᠎ᠡ ᠠᠶᠠᠨ᠎ᠳᠤ ᠮᠣᠷᠳᠠᠨ᠎ᠠ
2026-02-03 17:08:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠢᠯᠢᠭ᠎ᠦᠨ ᠤᠯᠠᠷᠢᠯ᠎ᠤᠨ ᠤᠯᠠᠭᠠᠨ ᠮᠣᠷᠢᠨ ᠵᠢᠯ ᠎ᠬᠦᠷᠴᠤ ᠢᠷᠡᠬᠦ ᠳᠠᠰᠢᠷᠠᠮ ᠳ᠋ᠤ᠂ ᠥᠪᠥᠷ ᠮᠣᠩᠭᠣᠯ᠎ᠤᠨ ᠡᠬᠡ ᠭᠠᠵᠠᠷ᠎ᠲᠤ ᠬᠥᠭᠵᠢᠯᠲᠡ᠎ᠶᠢᠨ ᠬᠦᠴᠦᠨ ᠬᠤᠷᠠᠮᠳᠤᠵᠤ ᠤᠷᠤᠭᠰᠢᠯᠠᠯᠳᠠ ᠵᠢᠨ ᠡᠷᠴᠢᠮ ᠵᠢᠡᠷ ᠪᠢᠯᠬᠠᠮ᠎ᠠ ᠪᠠᠢᠨ᠎ᠠ᠃ ᠤᠳᠠᠭᠠᠨ ᠵᠢᠯ ᠬᠤᠷᠠᠮᠳᠤᠭᠤᠯᠤᠭᠰᠠᠨ ᠡᠷᠴᠢ ᠬᠦᠴᠦᠨ ᠨᠢ ᠮᠠᠨᠳᠤᠬᠤ ᠨᠡᠷᠡᠨ᠎ᠢ ᠳᠠᠭᠠᠵᠤ ᠣᠷᠭᠢᠯᠤᠨ ᠴᠠᠯᠭᠢᠯᠠᠨ᠎ᠠ᠃ ᠡᠨᠡᠬᠦ ᠬᠦᠴᠦᠨ ᠴᠢᠳᠠᠯ ᠤᠳᠤᠮᠰᠢᠯ ᠳ᠋ᠤ ᠨᠢ ᠠᠭᠤᠰᠴᠤ᠂ ᠰᠤᠳᠠᠯ ᠳ᠋ᠤ ᠨᠢ ᠯᠤᠭᠰᠢᠨ᠎ᠠ ︱ ᠡᠨᠡ ᠪᠣᠯ 《ᠳᠡᠰᠪᠦᠷᠢ ᠬᠠᠳᠠᠭᠤᠵᠢᠯᠳᠠᠢ᠂ ᠴᠤᠴᠠᠯᠲᠠ ᠦᠭᠡᠢ ᠤᠷᠤᠭᠰᠢᠯᠠᠬᠤ᠂ ᠵᠤᠷᠢᠭᠰᠠᠨ ᠳ᠋ᠠᠭᠠᠨ ᠵᠠᠪᠠᠯ ᠬᠦᠷᠬᠦ》 ᠮᠣᠩᠭᠣᠯ ᠮᠣᠷᠢᠨ᠎ᠤ ᠵᠣᠷᠢᠭ᠋ ᠰᠠᠨᠠᠭ᠎ᠠ ᠶᠤᠮ᠂ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠬᠤ ᠬᠦᠴᠦᠲᠦ ᠳᠠᠭᠤᠨ᠎ᠢ ᠴᠢᠪᠬᠠᠳᠠᠨ᠎ᠠ᠃



ᠦᠵᠡᠭᠡᠴᠢ᠂ ᠠᠪᠠᠭ᠎ᠠ ᠵᠢᠨ 《ᠬᠠᠷ᠎ᠠ ᠠᠳᠤᠭᠤ》 ᠱᠤᠤᠭᠢᠨ ᠢᠷᠡᠯ᠎ᠡ ! ᠲᠡᠰᠪᠦᠷᠢ ᠪᠠᠠ ᠬᠤᠷᠳᠤᠴᠠ ᠬᠤᠪᠢᠰᠬᠠᠨ᠂ ᠲᠡᠪᠴᠢᠶᠡᠷᠢ ᠪᠡᠷ ᠵᠢᠠᠨ ᠬᠤᠰᠢᠭᠤᠷᠠᠵᠤ᠂ ᠬᠦᠴᠦᠨ ᠴᠢᠳᠠᠯ ᠪᠠ ᠭᠤᠸ᠎ᠠ ᠰᠠᠢᠬᠠᠨ᠎ᠤ ᠲᠠᠩᠭᠠᠷᠢᠭ᠋᠎ᠢᠶᠠᠨ ᠠᠭᠤᠳᠠᠮ ᠲᠠᠯ᠎ᠠ ᠶ᠋ᠢᠨ ᠦᠷᠦᠴᠡᠨ ᠳ᠋ᠤ ᠰᠠᠴᠤᠨ᠎ᠠ᠃

ᠰᠣᠨᠣᠰᠤᠭᠠᠴᠢ᠂ ᠦᠵᠦᠮᠦᠴᠢᠨ ᠴᠠᠭᠠᠨ ᠠᠳᠤᠭᠤᠨ᠎ᠤ ᠦᠦᠷᠰᠡᠬᠡᠨ ᠣᠭᠲᠠᠷᠭᠤᠢ᠎ᠶᠢ ᠵᠦᠰᠦᠨ᠎ᠡ! ᠡᠨᠡ ᠪᠣᠯ ᠴᠠᠰᠤᠲᠤ ᠲᠠᠯ᠎ᠠ᠎ᠶᠢᠨ ᠮᠥᠩᠭᠥᠨ ᠴᠠᠭᠠᠨ ᠨᠠᠢᠷᠠᠯ ᠬᠥᠭᠵᠢᠮ᠂ ᠠᠷᠢᠭᠤᠨ ᠴᠢᠭᠡᠴᠢ ᠢᠲᠡᠭᠡᠯ ᠵᠣᠷᠢᠭ᠋ ᠪᠣᠯᠣᠨ ᠡᠷᠡᠯᠬᠡᠭ ᠵᠣᠷᠢᠭ᠋᠎ᠢ ᠬᠥᠪᠴᠢᠯᠡᠭᠦ ᠬᠠᠯᠠᠭᠤᠨ ᠴᠢᠰᠤ ᠤᠷᠭᠢᠯᠤᠭᠰᠠᠨ ᠬᠠᠮᠲᠤ᠎ᠶᠢᠨ ᠳᠠᠭᠤᠨ ᠶᠤᠮ᠃

ᠬᠥᠯᠥᠨ ᠪᠤᠢ᠍ᠢᠷ᠎ᠤᠨ ᠠᠭᠤᠳᠠᠮ ᠲᠠᠯ᠎ᠠ᠎ᠡᠴᠠ ᠠᠯᠠᠱᠠ᠎ᠶᠢᠨ ᠨᠡᠯᠦᠭᠡᠷ ᠭᠣᠪᠢ ᠬᠦᠷᠲᠡᠯ᠎ᠡ᠂ ᠲᠦᠮᠡᠨ ᠠᠭᠲᠠ᠎ᠶᠢᠨ ᠳᠦᠪᠡᠷᠭᠡᠨ ᠬᠠᠯᠭᠢᠯᠠᠨ ᠳᠠᠪᠠᠯᠭᠠᠯᠠᠨ᠎ᠠ ︱ ᠡᠨᠡ ᠪᠣᠯ ᠥᠪᠥᠷ ᠮᠣᠩᠭᠣᠯ᠎ᠤᠨ ᠡᠬᠡ ᠭᠠᠵᠠᠷ᠎ᠤᠨ ᠵᠢᠷᠦᠬᠡᠨ ᠴᠣᠬᠢᠯᠭ᠎ᠠ᠂ ᠰᠢᠨ᠎ᠡ ᠠᠶᠠᠨ᠎ᠤ ᠢᠳᠡᠷᠡᠭᠦᠨ ᠠᠢᠵᠠᠮ ᠪᠤᠯᠬᠤ ᠶᠤᠮ᠃

ᠡᠨᠡᠬᠦ ᠲᠦᠪᠡᠷᠭᠡᠨ ᠶᠡᠷᠦ᠎ᠡᠴᠡ ᠵᠣᠭᠰᠣᠰᠢ ᠦᠭᠡᠢ᠂ ᠤᠷᠤᠭᠰᠢᠯᠠᠬᠤ ᠳᠤᠰᠤᠮ ᠬᠤᠷᠳᠤ ᠴᠢᠩᠭᠠᠯᠠᠨ᠎ᠠ᠃ ᠴᠠᠰᠤ ᠰᠢᠭᠤᠷᠭ᠎ᠠ᠎ᠶᠢ ᠲᠤᠭᠤᠯᠬᠤ ᠲᠡᠰᠪᠦᠷᠢ ᠲᠡᠪᠴᠢᠶᠡᠷᠢ ᠨᠢ ᠨᠢᠭᠡᠨᠲᠡ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠪᠠᠲᠤ ᠪᠡᠬᠢ ᠰᠠᠭᠤᠷᠢ ᠥᠩᠭᠡ᠎ᠳᠦ ᠨᠢ ᠰᠢᠩᠭᠡᠵᠡᠢ; ᠴᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ᠋ ᠨᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠠᠢᠨ ᠡᠬᠢᠯᠡᠯᠲᠡ᠎ᠶᠢ ᠴᠢᠷᠮᠠᠢᠨ ᠪᠡᠶᠡᠯᠡᠭᠦᠯᠬᠦ᠎ᠳᠦ ᠥᠷᠨᠢᠭᠦᠨ ᠪᠠᠳᠠᠷᠠᠩᠭᠤᠢ ᠬᠥᠳᠡᠯᠭᠡᠬᠦ ᠬᠦᠴᠦᠨ ᠨᠡᠮᠡᠷᠢᠯᠡᠵᠦ ᠪᠠᠢᠨ᠎ᠠ᠃ ᠮᠣᠩᠭᠣᠯ ᠮᠣᠷᠢᠨ᠎ᠤ ᠵᠣᠷᠢᠭ᠋ ᠰᠠᠨᠠᠭ᠎ᠠ ᠠᠯᠢ ᠬᠡᠳᠦᠢᠨ ᠰᠢᠨ᠎ᠡ ᠴᠠᠭ ᠦᠶ᠎ᠡ᠎ᠶᠢᠨ ᠬᠥᠭᠵᠢᠯᠳᠠ᠎ᠳᠤ ᠠᠭᠤᠰᠴᠤ᠂ ᠥᠪᠥᠷ ᠮᠣᠩᠭᠣᠯ᠎ᠤᠨ ᠲᠦᠷᠭᠡᠨ ᠪᠥᠭᠡᠳ ᠯᠠᠪᠳᠠᠭᠤᠨ᠂ ᠴᠢᠨᠠᠷ ᠰᠠᠢᠲᠠᠢ ᠬᠥᠭᠵᠢᠯᠲᠡ᠎ᠶᠢᠨ ᠬᠠᠩᠭᠢᠨᠠᠮ᠎ᠠ ᠳᠠᠭᠤᠨ ᠪᠣᠯᠤᠭᠰᠠᠨ ᠪᠠᠢᠨ᠎ᠠ᠃

ᠣᠳᠣᠬᠠᠨ᠎ᠳᠤ ᠪᠢᠳᠡ《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠪᠠᠲᠤ ᠪᠡᠬᠢ ᠰᠠᠭᠤᠷᠢ ᠳᠡᠭᠡᠷ᠎ᠡ ᠵᠣᠭᠰᠣᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠴᠤ ᠰᠢᠨ᠎ᠡ ᠠᠶᠠᠯᠠᠯ᠎ᠳᠤ ᠬᠠᠨᠳᠤᠵᠤ ᠪᠠᠢᠨ᠎ᠠ᠃ ᠠᠵᠢᠨᠠᠢ ᠬᠦᠯᠦᠭ ᠵᠠᠮ ᠲᠠᠨᠢᠳᠠᠭ ᠬᠡᠳᠡᠭᠴᠢᠯᠡᠨ᠂ ᠪᠦᠬᠦ ᠣᠷᠣᠨ᠎ᠢᠶᠠᠷ᠎ᠢᠶᠠᠨ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠰᠦᠷ ᠳᠠᠯᠠᠢᠴᠠᠲᠠᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠪᠠᠢᠨ᠎ᠠ᠃ ᠤᠳᠠᠭ᠎ᠠ ᠪᠦᠷᠢ᠎ᠶᠢᠨ ᠰᠢᠨ᠎ᠡ᠎ᠶᠢ ᠡᠭᠦᠳᠬᠦ ᠰᠢᠪᠲᠤᠯᠤᠯᠲᠠ᠂ ᠠᠯᠬᠤᠮ ᠪᠦᠷᠢ᠎ᠶᠢᠨ ᠥᠭᠡᠷᠡᠴᠢᠯᠡᠯᠲᠡ᠎ᠶᠢᠨ ᠭᠦᠨᠵᠡᠭᠡᠢᠷᠡᠯ᠂ ᠠᠷᠠᠳ᠎ᠤᠨ ᠠᠮᠢᠳᠤᠷᠠᠯ᠎ᠤᠨ ᠬᠠᠯᠠᠮᠵᠢᠯᠠᠯ ᠨᠢ ᠴᠥᠮ ᠬᠠᠮᠤᠭ᠎ᠤᠨ ᠠᠮᠢᠳᠤᠯᠢᠭ᠋ ᠴᠠᠭ ᠦᠶ᠎ᠡ᠎ᠶᠢᠨ ᠲᠠᠢᠯᠪᠤᠷᠢ ᠪᠣᠯᠣᠨ᠎ᠠ᠃

ᠤᠯᠠᠭᠠᠨ ᠮᠣᠷᠢᠨ ᠵᠢᠯ ᠵᠢᠡᠨ ᠤᠭᠳᠤᠨ᠂ ᠪᠢᠳᠡ ᠡᠷᠡᠮᠡᠭᠡᠢᠯᠡᠨ ᠲᠡᠮᠡᠴᠡᠬᠦ ᠵᠤᠷᠢᠭ ᠰᠦᠯᠳᠡ ᠪᠠᠷ ᠠᠵᠢᠨᠠᠢ ᠬᠦᠯᠦᠭ᠎ᠦᠨ ᠳᠡᠭᠦᠯᠢᠯᠲᠡ ᠵᠢᠨ ᠡᠷᠴᠢᠨ ᠳ᠋ᠤ᠂ ᠴᠤᠴᠠᠯᠲᠠ ᠦᠭᠡᠢ ᠲᠡᠮᠡᠴᠡᠬᠦ ᠣᠪᠣᠷ ᠪᠠᠢᠳᠠᠯ᠎ᠢᠶᠠᠷ ᠡᠷᠡᠰ ᠰᠢᠭᠤᠷᠬᠠᠢ ᠤᠷᠤᠭᠰᠢᠯᠠᠨ ᠳᠠᠪᠰᠢᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠰᠠᠢᠨ ᠡᠬᠢᠯᠡᠯᠲᠡ᠎ᠲᠠᠢ ᠪᠣᠯᠵᠤ᠂ ᠢᠳᠡᠷᠡᠭᠦᠨ ᠠᠯᠬᠤᠮ᠎ᠢᠶᠠᠷ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号