2 ᠰᠠᠷ᠎ᠠ᠎ᠶ᠋ᠢᠨ 2 ᠤ᠋ᠨ ᠡᠳᠦᠷ᠂ ᠡᠨᠡ ᠵᠢᠯ᠎ᠤᠨ ᠴᠠᠭᠠᠨ ᠰᠠᠷ᠎ᠠ᠎ᠶ᠋ᠢᠨ ᠵᠥᠭᠡᠭᠡᠪᠦᠷᠢ ᠡᠬᠢᠯᠡᠯ᠎ᠡ᠂ ᠱᠢᠨ᠎ᠡ᠎ᠪᠡᠷ ᠪᠠᠢᠭᠤᠯᠵᠤ ᠠᠱᠢᠭ᠍ᠯᠠᠯᠲᠠ᠎ᠳᠤ ᠣᠷᠣᠭᠤᠯᠤᠭ᠍ᠰᠠᠨᠦᠬᠠᠶ ᠲᠦᠷᠭᠡᠨ᠎ᠦ ᠲᠡᠮᠦᠷ ᠵᠠᠮ᠎ᠤᠨ ᠥᠷᠲᠡᠭᠡ ᠨᠢ ᠳᠡᠷᠭᠡ ᠨᠡᠪᠲᠡᠷᠡᠭ᠌ᠰᠡᠨᠦ ᠳᠠᠷᠠᠭᠠᠬᠢ ᠠᠩᠬᠠᠳᠠᠭ᠍ᠴᠢ ᠴᠠᠭᠠᠨ ᠰᠠᠷ᠎ᠠ᠎ᠶ᠋ᠢᠨ ᠵᠥᠭᠡᠭᠡᠪᠦᠷᠢ ᠵᠢ ᠤᠭ᠍ᠲᠤᠨ ᠠᠪᠤᠯ᠎ᠠ᠃
ᠦᠳᠡ᠎ᠶ᠋ᠢᠨ ᠡᠮᠦᠨᠡᠬᠢ 9 ᠴᠠᠭ 30 ᠮᠢᠨᠦ᠋ᠲ᠎ᠲᠦ᠂ ᠦᠬᠠᠶ᠎ᠶ᠋ᠢᠨ ᠤᠯᠠᠭᠠᠨᠮᠥ᠋ᠴᠢᠷ 《ᠨᠤᠮ ᠪᠢᠴᠢᠭ᠎ᠢᠶᠡᠷ ᠱᠢᠨ᠎ᠡ ᠶᠢᠷᠲᠢᠨᠴᠦ ᠲᠠᠢ ᠵᠤᠯᠭᠠᠶ᠎ᠠ》 ᠭᠡᠬᠦ ᠭᠤᠢᠳᠠ ᠰᠠᠢᠠᠬᠨ ᠪᠥᠵᠢᠭ᠎ᠢᠶᠡᠷ ᠲᠡᠷᠭᠡ ᠬᠦᠯᠢᠶᠡᠬᠦ᠌ ᠲᠢᠩᠬᠢᠮ᠎ᠦᠨ ᠠᠭᠤᠷ ᠠᠮᠢᠰᠭᠤᠯ᠎ᠢ ᠬᠥᠭ᠌ᠵᠢᠭᠡᠵᠦ᠍᠂ ᠠᠷᠪᠠᠳᠤᠭᠠᠷ ᠬᠤᠭᠤᠴᠠᠭᠠᠨ᠎ᠤ 《 ᠨᠤᠮ᠎ᠤᠨ ᠬᠡᠰᠢᠭᠳᠦ ᠴᠠᠭᠠᠨ ᠰᠠᠷ᠎ᠠ 》 ᠳᠣᠮᠣ ᠬᠡᠯᠪᠡᠷᠢ᠎ᠶ᠋ᠢᠨ ᠰᠣᠶᠣᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠵᠢᠴᠢ 《 ᠵᠠᠯᠠᠭᠤ ᠰᠠᠢᠨ ᠳᠤᠷᠠᠴᠤᠳ᠎ᠤᠨ ᠠᠶᠠᠯᠠᠯ ᠬᠡᠷ᠎ᠲᠡᠬᠡᠨ ᠬᠠᠷᠢᠬᠤ ᠠᠶᠠᠨ᠎ᠤ ᠵᠠᠮ᠎ᠢ ᠲᠤᠯᠠᠭᠠᠴᠠᠭᠤᠯᠤᠨ᠎ᠠ》 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢᠨ ᠬᠥᠱᠢᠭᠡ᠎ᠶ᠋ᠢ ᠨᠡᠬᠡᠬᠡᠪᠡ᠃
ᠦᠬᠠᠶ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠲᠡᠰ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠦᠬᠠᠶ ᠬᠣᠲᠠ᠎ᠶ᠋ᠢᠨ ᠬᠣᠷᠢᠶ᠎ᠠ᠂ ᠦᠬᠠᠶ ᠬᠣᠲᠠ᠎ᠶ᠋ᠢᠨ ᠤᠳᠭ᠎ᠠ ᠤᠷᠠᠯᠢᠭᠤᠨᠬᠢᠨᠦ ᠬᠣᠯᠪᠣᠭ᠎ᠠ ᠵᠡᠷᠬᠡ ᠤᠯᠠᠨ ᠰᠠᠯᠠᠭ᠎ᠠ ᠮᠦᠴᠢᠷ᠎ᠤᠨ ᠬᠠᠮᠳᠤᠷᠠᠨ ᠡᠷᠭᠢᠯᠡᠭ᠌ᠰᠡᠨ ᠡᠨᠡ ᠬᠦ᠌ ᠠᠵᠢᠯᠯᠠᠭ᠎ᠠ᠎ᠳᠤ᠂ ᠨᠣᠮ ᠪᠢᠴᠢᠭ ᠪᠡᠯᠡᠭ᠌ᠯᠡᠬᠦ᠂ ᠬᠤᠤᠰ ᠤᠶᠠᠩᠭ᠎ᠠ ᠪᠢᠴᠢᠬᠦ ᠂ ᠲᠤᠬᠠᠶ᠎ᠶ᠋ᠢᠨ ᠲᠠᠯᠠᠪᠠᠶ᠎ᠳᠤ ᠠᠯᠪᠠᠨ ᠵᠢᠷᠤᠮ᠎ᠤᠨ ᠡᠮᠴᠢᠯᠡᠭᠡ ᠬᠢᠬᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ ᠁ ᠠᠯᠢ ᠣᠯᠠᠨ ᠪᠠᠶᠠᠯᠢᠭ ᠠᠵᠢᠯᠯᠠᠭ᠎ᠠ ᠵᠢ ᠦᠷᠨᠢᠬᠦᠯᠦᠭᠰᠡᠨ ᠨᠢ ᠴᠠᠭᠠᠨ ᠰᠠᠷ᠎ᠠ᠎ᠶ᠋ᠢᠨ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠦᠳᠬᠡᠷᠡᠬᠦᠯᠦᠭᠰᠡᠨ᠎ᠢᠶᠠᠷ ᠪᠠᠷᠠᠬᠤ ᠥᠬᠡᠶ᠂ ᠥᠷᠭᠡᠨ ᠣᠯᠠᠨ ᠠᠶᠠᠨᠴᠢᠳ ᠲᠤ᠌ ᠬᠦᠨ ᠵᠤᠵᠠᠭᠠᠨ ᠰᠤᠶᠤᠯ᠎ᠤᠨ ᠰᠢᠳᠢ ᠬᠦᠴᠦᠨ ᠢ ᠮᠡᠳᠡᠷᠡᠬᠦᠯᠪᠡ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠦᠬᠠᠶ ᠬᠣᠲᠠ᠎ᠶ᠋ᠢᠨ ᠱᠢᠨᠬᠤᠸᠠ ᠨᠣᠮ᠎ᠤᠨ ᠳᠡᠯᠭᠡᠭᠦᠷ᠎ᠦᠨ ᠬᠢᠵᠠᠭᠠᠷᠲᠤ ᠺᠣᠮᠫᠠᠨᠢ᠎ᠶ᠋ᠢᠨ ᠪᠡᠯᠡᠳᠭᠡᠭ᠌ᠰᠡᠨ ᠨᠣᠮ᠎ᠤᠨ ᠪᠡᠯᠡᠭ ᠠᠶᠠᠨᠴᠢᠳ᠎ᠤᠨ ᠬᠦᠷᠢᠶᠡᠯᠡᠯ᠎ᠢ ᠶᠡᠬᠡᠳᠡ ᠤᠯᠪᠠ᠃
ᠠᠶᠠᠨᠴᠢᠳ ᠡᠨᠡ ᠬᠦ᠌ 《ᠰᠣᠶᠣᠯ᠎ᠤᠨ ᠪᠡᠯᠡᠭ》 ᠢ᠋ ᠲᠤᠰᠤᠭᠠᠳ ᠶᠡᠬᠡᠳᠡ ᠪᠠᠶᠠᠷᠯᠠᠵᠤ ᠪᠠᠢᠯ᠎ᠠ᠃ 《ᠡᠳᠡᠭᠡᠷ ᠨᠣᠮ ᠪᠢᠴᠢᠭᠦᠳᠢ ᠲᠤᠰᠤᠭᠰᠠᠨ ᠵᠢᠡᠷ ᠡᠨᠡ ᠤᠳᠠᠭᠠᠨ᠎ᠤ ᠠᠶᠠᠨ ᠵᠠᠮ᠎ᠳᠠᠭᠠᠨ ᠨᠠᠮ ᠵᠢᠮ ᠰᠠᠭᠤᠵᠤ ᠨᠣᠮ ᠤᠩᠰᠢᠵᠤ᠂ ᠤᠶᠤᠨ᠎ᠢᠶᠡᠨ ᠴᠡᠨᠡᠭᠯᠡᠯᠠ》 ᠭᠡᠵᠦ ᠠᠶᠠᠨᠴᠢᠨ ᠼᠦᠢ ᠰᠢᠶᠣᠣ ᠯᠢᠨ ᠬᠡᠯᠡᠪᠡ᠃
ᠲᠡᠷᠬᠡᠨ ᠦᠷᠳᠡᠬᠡ ᠡᠴᠡ ᠲᠠᠮᠠᠢ ᠬᠤᠯᠠ ᠦᠭᠡᠢ ᠵᠠᠢ ᠳ᠋ᠤ ᠤᠷᠳᠦ ᠰᠢᠷᠡᠭᠡ ᠵᠠᠰᠠᠵᠤ᠂ ᠦᠬᠠᠢ ᠬᠤᠳᠠ᠎ᠶᠢᠨ ᠤᠷᠠᠨ ᠪᠢᠴᠢᠯᠭᠡᠲᠡᠨ᠎ᠦ ᠡᠪᠯᠡᠯ᠎ᠦᠨ ᠤᠷᠠᠨ ᠪᠢᠴᠢᠯᠭᠡᠲᠡᠳ ᠤᠯᠠᠭᠠᠨ ᠴᠠᠭᠠᠰᠤ ᠳᠡᠯᠭᠡᠵᠦ᠂ ᠪᠢᠷ ᠪᠦᠵᠢᠭᠯᠡᠬᠦᠯᠦᠨ ᠦᠪᠡᠷ ᠦᠪᠡᠷ᠎ᠤᠨ ᠤᠷ᠎ᠠ ᠠᠪᠢᠶᠠᠰ᠎ᠢᠶᠡᠨ ᠪᠠᠳᠠᠷᠠᠭᠤᠯᠤᠨ᠎ᠠ᠃ ᠰᠠᠢᠨ ᠰᠠᠢᠬᠠᠨ ᠬᠦᠰᠡᠯ ᠡᠷᠡᠮᠡᠯᠵᠡᠯ᠎ᠢ ᠢᠯᠡᠳᠬᠡᠭᠰᠡᠨ ᠴᠠᠭᠠᠨ ᠰᠠᠷ᠎ᠠ ᠵᠢᠨ ᠬᠤᠤᠰ ᠤᠶᠠᠨᠭᠭᠠ ᠵᠢ ᠲᠤᠰᠤᠭᠰᠠᠨ ᠠᠶᠠᠨᠴᠢᠳ ᠮᠠᠰᠢ ᠪᠠᠶᠠᠷ ᠲᠠᠢ ᠪᠠᠢᠯ᠎ᠠ᠃
《ᠨᠠᠭᠠᠰᠢ᠎ᠪᠠᠨ ᠬᠠᠷ᠎ᠠ! ᠨᠢᠭᠡ᠂ ᠬᠣᠶᠠᠷ᠂ ᠭᠤᠷᠪᠠ !》 ᠭᠡᠵᠦ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠦᠬᠠᠢ ᠬᠤᠳᠠ᠎ᠶᠢᠨ ᠬᠣᠷᠢᠶ᠎ᠠ ᠪᠠ ᠬᠠᠢᠷᠤᠪ᠎ᠤᠨ ᠲᠣᠬᠣᠢ ᠴᠠᠬᠢᠯᠭᠠᠨ ᠬᠠᠩᠭᠠᠬᠤ ᠺᠣᠮᠫᠠᠨᠢ ᠵᠢᠨ ᠬᠠᠮᠲᠤᠷᠠᠨ ᠥᠷᠨᠢᠭᠦᠯᠦᠭᠰᠡᠨ 《ᠴᠠᠭᠠᠨ ᠰᠠᠷ᠎ᠠ᠎ᠶᠢᠨ ᠬᠡᠷᠡᠯ ᠵᠢᠷᠤᠭ ᠲᠠᠲᠠᠬᠤ》 ᠠᠵᠢᠯᠯᠠᠭ᠎ᠠ ᠴᠤ᠌ ᠤᠯᠠᠨ᠎ᠤ ᠬᠦᠷᠢᠶᠡᠯᠡᠯ᠎ᠢ ᠣᠯᠪᠠ᠃ ᠬᠠᠢᠷᠤᠪ᠎ᠤᠨ ᠲᠣᠬᠣᠢ ᠴᠠᠬᠢᠯᠭᠠᠨ ᠬᠠᠩᠭᠠᠬᠤ ᠺᠣᠮᠫᠠᠨᠢ᠎ᠶᠢᠨ ᠰᠠᠢᠨ ᠳᠤᠷᠠᠴᠤᠳ ᠠᠶᠠᠨᠴᠢᠳ᠎ᠲᠤ ᠬᠡᠷᠡᠯ ᠵᠢᠷᠤᠭ ᠲᠠᠲᠠᠵᠤ ᠦᠭᠬᠦᠨ ᠳᠤᠷᠠᠰᠬᠠᠯ ᠦᠯᠡᠳᠡᠭᠡᠨ᠎ᠡ᠃
ᠲᠡᠷᠭᠡ ᠬᠦᠯᠢᠶᠡᠬᠦ ᠲᠢᠩᠬᠢᠮ᠎ᠦᠨ ᠨᠥᠭᠥᠭᠡ ᠲᠠᠯ᠎ᠠ᠎ᠳᠤ᠂ ᠦᠬᠠᠢ ᠬᠣᠲᠠ᠎ᠶᠢᠨ ᠮᠣᠩᠭᠣᠯ ᠬᠢᠲᠠᠳ ᠡᠮᠨᠡᠯᠭᠡ᠎ᠶᠢᠨ ᠬᠣᠷᠢᠶ᠎ᠠ᠎ᠡᠴᠡ ᠵᠣᠬᠢᠶᠠᠨ ᠪᠠᠢᠭᠤᠯᠵᠤ ᠥᠷᠨᠢᠭᠦᠯᠦᠭᠰᠡᠨ ᠠᠯᠪᠠᠨ ᠵᠢᠷᠤᠮ᠎ᠤᠨ ᠡᠮᠴᠢᠯᠡᠭᠡ ᠴᠦ᠍ ᠴᠥᠭᠡᠨ ᠪᠤᠰᠤ ᠬᠥᠮᠥᠰ᠎ᠦᠨ ᠠᠩᠬᠠᠷᠤᠯ᠎ᠢ ᠲᠠᠲᠠᠨ᠎ᠡ᠃ ᠡᠮᠴᠢ ᠨᠠᠷ ᠠᠶᠠᠨᠴᠢᠳ᠎ᠲᠤ ᠴᠢᠰᠤᠨ ᠳᠠᠷᠤᠯᠲᠠ᠎ᠶᠢ ᠬᠡᠮᠵᠢᠬᠦ᠂ ᠴᠢᠰᠤᠨ ᠰᠢᠬᠢᠷ᠎ᠢ ᠬᠡᠮᠵᠢᠵᠤ ᠦᠭᠬᠦ ᠵᠢᠨ ᠬᠠᠮᠲᠤ ᠡᠷᠡᠭᠦᠯ ᠮᠡᠨᠳᠦ᠎ᠶᠢᠨ ᠵᠦᠪᠯᠡᠯᠬᠡ ᠬᠠᠨᠭᠭᠠᠨ᠎ᠠ᠃ 《ᠲᠠ ᠴᠢᠰᠤᠨ ᠳᠠᠷᠤᠯᠲᠠ ᠪᠡᠨ ᠨᠠᠯᠢᠶᠠᠳ ᠲᠤᠬᠳᠠᠪᠤᠷᠢᠳᠠᠢ ᠪᠠᠢᠨ᠎ᠠ᠂ ᠭᠡᠪᠡᠴᠦ ᠴᠠᠭᠠᠨ ᠰᠠᠷ᠎ᠠ᠎ᠶᠢᠨ ᠬᠤᠭᠤᠴᠠᠭᠠᠨ᠎ᠳᠤ ᠬᠡᠳᠦ ᠶᠡᠬᠡ ᠲᠤᠰᠤ ᠮᠢᠬ᠎ᠠ ᠢᠳᠡᠬᠦ ᠡᠴᠡ ᠵᠠᠢᠯᠠᠰᠬᠢᠵᠤ ᠬᠠᠷᠠᠰᠣ᠌ ᠢᠳᠡᠬᠦ ᠵᠢ ᠴᠢᠬᠤᠯᠠᠴᠢᠯᠠᠬᠤ ᠬᠡᠷᠡᠭᠲᠡᠢ》 ᠭᠡᠵᠤ ᠡᠮᠴᠢ ᠡᠴᠡ ᠨᠢᠭᠡᠨ ᠠᠶᠠᠨᠴᠢᠨ᠎ᠳᠤ ᠵᠠᠬᠢᠨᠡ᠃ ᠡᠭᠦᠨ᠎ᠦ ᠵᠡᠷᠭᠡ᠎ᠳᠦ ᠲᠤᠰ ᠡᠮᠨᠡᠯᠭᠡ᠎ᠶᠢᠨ ᠬᠣᠷᠢᠶ᠎ᠡ ᠵᠢᠨ ᠰᠠᠢᠨ ᠳᠤᠷᠠᠴᠤᠳ ᠪᠠᠰᠠ ᠠᠶᠠᠨᠴᠢᠳ᠎ᠲᠤ ᠢᠯᠢᠵᠦ ᠨᠤᠬᠤᠯᠠᠬᠤ ᠵᠡᠷᠭᠡ ᠬᠢᠲᠠᠳ ᠡᠮᠨᠡᠯᠭᠡ᠎ᠶᠢᠨ ᠦᠢᠯᠡᠴᠢᠯᠡᠭᠡ ᠬᠠᠩᠭᠠᠵᠤ ᠪᠠᠢᠯ᠎ᠠ᠃
ᠠᠵᠢᠯᠯᠠᠭ᠎ᠠ᠎ᠶᠢᠨ ᠳᠤᠮᠳᠠ ᠭᠣᠣᠯᠯᠠᠨ ᠡᠷᠭᠢᠯᠡᠭᠰᠡᠨ ᠪᠠᠢᠭᠤᠯᠭ᠎ᠠ᠎ᠶᠢᠨ ᠬᠢᠨ ᠪᠠᠰᠠ ᠲᠡᠷᠭᠡᠨ ᠥᠷᠲᠡᠭᠡᠨ᠎ᠳᠦ ᠠᠵᠢᠯᠯᠠᠵᠤ ᠪᠠᠢᠭ᠎ᠠ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠰᠠᠢᠨ ᠳᠤᠷᠠᠴᠤᠳ᠎ᠲᠦ ᠲᠣᠬᠣᠨᠢᠭᠤᠯᠬᠤ ᠡᠳ᠋ ᠪᠣᠳᠠᠰ ᠲᠦᠭᠡᠭᠡᠨ ᠥᠭᠪᠡ᠂ ᠨᠢᠭᠡᠨ ᠰᠠᠢᠨ ᠳᠤᠷ᠎ᠠ᠎ᠶᠢᠨ ᠦᠢᠯᠡᠴᠢᠯᠡᠭᠴᠢ ᠲᠣᠬᠣᠨᠢᠭᠤᠯᠬᠤ ᠪᠡᠯᠡᠭ᠎ᠢ ᠳᠤᠰᠤᠭᠰᠠᠨ᠎ᠤ ᠳᠠᠷᠠᠭ᠎ᠠ᠄ 《ᠪᠢᠳᠡ ᠪᠤᠰᠤᠳ᠎ᠲᠤ ᠦᠢᠯᠡᠴᠢᠯᠡᠬᠦ᠎ᠶᠢᠨ ᠵᠡᠷᠭᠡ᠎ᠪᠡᠷ ᠪᠠᠰᠠ ᠪᠤᠰᠤᠳ᠎ᠤᠨ ᠬᠠᠯᠠᠮᠵᠢᠯᠡᠯᠢ ᠬᠦᠷᠳᠡᠨ᠎ᠡ ᠭᠡᠵᠤ ᠪᠣᠳᠣᠵᠤ ᠣᠯᠣᠭᠰᠠᠨ ᠦᠭᠡᠢ》 ᠭᠡᠵᠦ ᠰᠡᠳᠬᠢᠯ ᠳᠣᠭᠳᠣᠯᠤᠨ ᠢᠨᠢᠶᠡᠮᠰᠦᠭᠯᠡᠨ᠎ᠡ᠃
ᠦᠬᠠᠢ ᠬᠣᠲᠠ᠎ᠶᠢᠨ ᠨᠠᠮ᠎ᠤᠨ ᠬᠣᠷᠢᠶ᠎ᠡ ᠵᠢᠨ ᠤᠬᠠᠭᠤᠯᠬᠤ ᠬᠡᠯᠲᠡᠰ᠎ᠦᠨ ᠬᠡᠪᠯᠡᠯ ᠬᠡᠪᠯᠡᠯ᠎ᠦᠨ ᠡᠷᠬᠡ ᠺᠢᠨᠣ᠋᠎ᠶᠢᠨ ᠰᠠᠯᠠᠭᠠᠨ᠎ᠤ ᠳᠠᠷᠤᠭ᠎ᠠ ᠵᠠᠩ ᠵᠢᠶᠧ ᠰᠤᠷᠪᠤᠯᠵᠢᠯᠠᠭ᠍ᠴᠢ᠎ᠳᠤ᠂ ᠠᠷᠪᠠᠳᠤᠭᠠᠷ ᠬᠤᠭᠤᠴᠠᠭᠠᠨ᠎ᠤ 《ᠨᠤᠮ᠎ᠤᠨ ᠬᠡᠰᠢᠭᠲᠦ ᠴᠠᠭᠠᠨ ᠰᠠᠷ᠎ᠠ》 ᠰᠣᠶᠣᠯ᠎ᠤᠨ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠦᠭᠰᠡᠨ ᠨᠢ ᠨᠢᠭᠡᠨᠲᠡ ᠴᠠᠭᠠᠨ ᠰᠠᠷ᠎ᠠ᠎ᠶᠢᠨ ᠵᠥᠭᠡᠭᠡᠪᠦᠷᠢ ᠵᠢᠨ ᠳᠤᠮᠳᠠᠬᠢ ᠠᠶᠠᠨᠴᠢᠳ᠎ᠤᠨ ᠰᠡᠳᠬᠢᠯ᠎ᠢ ᠳᠤᠯᠠᠭᠠᠴᠠᠭᠤᠯᠤᠬᠰᠠᠨ ᠲᠦᠷᠦᠯ ᠲᠡᠮᠳᠡᠭ ᠪᠣᠯᠵᠤ᠂ ᠠᠶᠠᠨᠴᠢᠳ᠎ᠤᠨ ᠭᠡᠷ᠎ᠲᠡᠬᠡᠨ ᠬᠠᠷᠢᠬᠤ ᠠᠶᠠᠨ᠎ᠢ ᠤᠳᠬ᠎ᠠ ᠠᠭᠤᠯᠭ᠎ᠠ ᠲᠠᠢ ᠪᠣᠯᠭᠠᠭᠰᠠᠨ᠎ᠢᠶᠠᠷ ᠪᠠᠷᠠᠬᠤ ᠦᠭᠡᠢ᠂ ᠨᠡᠢᠭᠡᠮ ᠳᠠᠶᠠᠭᠠᠷ᠎ᠲᠤ 《ᠨᠣᠮ ᠤᠩᠰᠢᠬᠤ ᠳᠤᠷᠠᠲᠠᠢ᠂ ᠰᠠᠢᠨ ᠨᠣᠮ ᠤᠩᠰᠢᠬᠤ᠂ ᠨᠣᠮ ᠤᠩᠰᠢᠬᠤ᠎ᠳᠠᠭᠠᠨ ᠴᠢᠳᠠᠮᠠᠭᠠᠢ》 ᠪᠠᠢᠬᠤ ᠰᠣᠶᠣᠯ᠎ᠤᠨ ᠠᠭᠤᠷ ᠠᠮᠢᠰᠬᠤᠯ᠎ᠢ ᠪᠣᠶ ᠪᠣᠯᠭᠠᠬᠤ᠎ᠳᠤ ᠪᠦᠲᠦᠮᠵᠢᠲᠡᠶ ᠳᠡᠮᠵᠢᠯᠭᠡ ᠬᠠᠩᠭᠠᠭᠰᠠᠨ ᠪᠠᠢᠨ᠎ᠠ ᠭᠡᠪᠡ᠃