— ᠶᠡᠷᠦᠩᠬᠡᠢ ᠱᠦᠵᠢ ᠰᠢ ᠵᠢᠨ ᠫᠢᠩ ᠦᠨ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠣᠷᠢᠨ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠶ᠎ᠠ
《ᠬᠦᠴᠦᠷᠬᠡᠭ ᠤᠯᠤᠰ ᠤᠨ ᠪᠦᠳᠦᠬᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠪᠤᠰᠤᠳᠴᠢ ᠨᠥᠬᠥᠴᠡᠯ ᠳᠦ ᠰᠠᠭᠤᠷᠢᠯᠠᠵᠤ᠂ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠲᠣᠭ᠍ᠲᠠᠭᠤᠨ ᠤ ᠳᠤᠮᠳᠠ ᠤᠷᠤᠭ᠍ᠰᠢᠯᠠᠨ ᠲᠠᠪᠱᠢᠬᠤ᠂ ᠱᠠᠳᠤᠴᠢ ᠴᠢᠨᠠᠷᠲᠠᠢ᠎ᠪᠠᠷ ᠪᠣᠢᠵᠢᠭᠤᠯᠬᠤ᠎ᠶ᠋ᠢ ᠪᠠᠷᠢᠮᠲᠠᠯᠠᠵᠤ᠂ ᠮᠠᠨ ᠤ ᠤᠯᠤᠰ ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ ᠳᠠᠰᠤᠷᠠᠯᠳᠠ ᠦᠬᠡᠢ ᠱᠢᠨ᠎ᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠬᠤ ᠬᠡᠷᠡᠭ᠌ᠲᠡᠢ》᠃ ᠲᠤᠮᠳᠠᠳᠤ ᠤᠯᠤᠰ ᠤ᠋ᠨ ᠡᠪ ᠬᠠᠮᠳᠤ ᠨᠠᠮ ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠲᠦᠷᠦᠭᠦᠬᠡᠨ ᠢᠷᠡᠭᠡᠳᠦᠢ᠎ᠶ᠋ᠢᠨ ᠠᠵᠤ ᠦᠢᠯᠡᠰ᠎ᠢ ᠪᠠᠢᠷᠢᠯᠠᠭᠤᠯᠬᠤ ᠪᠠ ᠬᠥᠭ᠌ᠵᠢᠭᠦᠯᠬᠦ᠌ ᠲᠤᠬᠠᠢ ᠬᠣᠷᠢᠨ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠵᠦ᠍᠂ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ᠎ᠶ᠋ᠢ ᠡᠷᠬᠢᠯᠡᠬᠦ᠌᠎ᠳᠡᠭᠡᠨ ᠴᠢᠬᠤᠯᠠ ᠶᠠᠷᠢᠶ᠎ᠠ ᠲᠠᠯᠪᠢᠵᠤ᠂ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠪᠠᠢᠳᠠᠯ ᠡᠭᠦᠷᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠠᠳᠠᠯᠵᠤ᠂ ᠢᠷᠡᠭᠡᠳᠦᠢ᠎ᠶ᠋ᠢᠨ ᠠᠵᠤ ᠦᠢᠯᠡᠰ ᠢ ᠬᠥᠭ᠌ᠵᠢᠭᠦᠯᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠱᠢᠰᠲ᠋ᠧᠮ᠎ᠲᠡᠶ ᠪᠠᠢᠷᠢᠯᠠᠭᠤᠯᠤᠯᠲᠠ ᠬᠢᠵᠦ᠍᠂ ᠱᠢᠨᠵᠢᠯᠡᠬᠦ᠌ ᠤᠬᠠᠭᠠᠨᠴᠢ ᠠᠷᠭ᠎ᠠ᠎ᠶ᠋ᠢᠨ ᠤᠨᠤᠯ ᠬᠠᠩᠭᠠᠵᠤ᠂ ᠮᠠᠨ᠎ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢ ᠬᠦᠴᠦᠲᠡᠢ ᠠᠬᠢᠭᠤᠯᠬᠤ᠎ᠳᠤ ᠬᠦᠴᠦᠷᠬᠡᠭ ᠶᠡᠬᠡ ᠦᠵᠡᠯ ᠰᠠᠨᠠᠭ᠎ᠠ ᠪᠠ ᠠᠵᠢᠯᠯᠠᠭᠠᠨ᠎ᠤ ᠬᠦᠴᠦᠨ ᠨᠡᠮᠡᠷᠢᠯᠡᠪᠡ᠃
ᠢᠷᠡᠭᠡᠳᠦᠢ᠎ᠶ᠋ᠢᠨ ᠠᠵᠤ ᠦᠢᠯᠡᠰ ᠪᠣᠯ ᠬᠣᠱᠢᠭᠤᠷᠠᠯ ᠮᠡᠷᠭᠡᠵᠢᠯ᠎ᠢᠶᠡᠷ ᠬᠥᠳᠡᠯᠭᠡᠭᠦᠷ ᠪᠣᠯᠭᠠᠭᠰᠠᠨ᠂ ᠪᠣᠢᠵᠢᠯᠲᠠ᠎ᠶ᠋ᠢᠨ ᠬᠤᠭᠤᠴᠠᠭ᠎ᠠ ᠪᠤᠶᠤ ᠠᠵᠤ ᠦᠢᠯᠡᠰᠵᠢᠯᠲᠡ᠎ᠶ᠋ᠢᠨ ᠡᠬᠢᠨ᠎ᠦ ᠬᠤᠭᠤᠴᠠᠭᠠᠨ᠎ᠳᠤ ᠪᠠᠢᠭ᠎ᠠ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠠᠢᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶ᠋ᠢᠨ ᠴᠢᠭ᠌ᠯᠡᠯ᠎ᠢ ᠲᠥᠯᠥᠭᠡᠯᠡᠵᠦ᠍ ᠪᠠᠢᠳᠠᠭ᠃ ᠣᠳᠣᠬᠠᠨ᠎ᠳᠤ᠂ ᠱᠢᠨ᠎ᠡ ᠨᠢᠭᠡᠨ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠬᠤᠪᠢᠰᠭᠠᠯ ᠪᠠ ᠠᠵᠤ ᠦᠢᠯᠡᠰ ᠦᠨ ᠬᠤᠪᠢᠰᠤᠯᠲᠠ ᠲᠦᠷᠭᠡᠰᠦᠨ ᠬᠤᠪᠢᠷᠠᠵᠤ᠂ ᠬᠣᠱᠢᠭᠤᠷᠠᠯ ᠮᠡᠷᠭᠡᠵᠢᠯ ᠲᠠᠰᠤᠷᠠᠯᠳᠠ ᠦᠭᠡᠢ ᠴᠣᠯᠭᠣᠷᠠᠨ ᠭᠠᠷᠴᠤ᠌᠂ ᠢᠷᠡᠭᠡᠳᠦᠢ᠎ᠶ᠋ᠢᠨ ᠠᠵᠤ ᠦᠢᠯᠡᠰ᠎ᠦᠨ ᠲᠦᠷᠭᠡᠨ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠪᠠ ᠲᠤᠯᠭᠠᠭᠤᠷᠢᠯᠠᠵᠤ᠂ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠦᠷᠢᠶ᠎ᠡ ᠱᠢᠨ᠎ᠡ ᠵᠠᠮ᠎ᠢ ᠲᠠᠰᠤᠷᠠᠯᠳᠠ ᠦᠭᠡᠢ ᠪᠤᠢ ᠪᠣᠯᠭᠠᠵᠤ ᠪᠠᠢᠨ᠎ᠠ᠃ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠦᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠬᠦ᠌᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌᠂ ᠱᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠪᠠ ᠨᠡᠢᠭᠡᠮ᠎ᠦᠨ ᠪᠦᠬᠦ᠌ ᠲᠠᠯ᠎ᠠ᠎ᠶ᠋ᠢᠨ ᠳᠠᠪᠱᠢᠯᠲᠠ ᠶ᠋ᠢ ᠠᠬᠢᠭᠤᠯᠬᠤ᠎ᠳᠤ ᠴᠥᠮ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠪᠢᠳᠡ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌᠎ᠶ᠋ᠢᠨ ᠴᠢᠬᠤᠯᠠ ᠴᠢᠨᠠᠷ ᠪᠠ ᠲᠤᠯᠭᠠᠮ ᠴᠢᠨᠠᠷ᠎ᠢ ᠭᠦᠨᠵᠡᠭᠡᠢ ᠲᠠᠨᠢᠵᠤ᠂ ᠪᠠᠷᠠᠯᠠᠯᠳᠤ ᠴᠢᠨᠠᠷᠳᠠᠢ ᠪᠡᠷ ᠤᠬᠠᠭᠠᠯᠠᠨ ᠲᠦᠯᠦᠪᠯᠡᠵᠤ᠂ ᠪᠦᠬᠦ᠌ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠵᠦ᠍᠂ ᠬᠠᠮᠵᠢᠯᠴᠠᠨ ᠬᠦᠴᠦᠯᠡᠵᠦ᠍᠂ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠮᠠᠨ᠎ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠨᠡᠩ ᠤᠯᠠᠨ ᠱᠢᠨ᠎ᠡ ᠱᠢᠪᠲᠤᠯᠤᠯᠲᠠ ᠭᠠᠷᠭᠠᠵᠤ᠂ ᠬᠥᠭ᠌ᠵᠢᠯᠲᠡ ᠶ᠋ᠢᠨ ᠠᠵᠠ ᠲᠣᠬᠢᠶᠠᠯ ᠢ ᠴᠢᠩᠭ᠎ᠠ ᠡᠵᠡᠮᠳᠡᠵᠦ᠍᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ ᠶ᠋ᠢ ᠪᠠᠲᠤ ᠡᠵᠡᠮᠳᠡᠬᠦ᠌ ᠬᠡᠷᠡᠭ᠌ᠲᠡᠢ᠃
ᠵᠠᠬ᠎ᠠ ᠳᠡᠯᠭᠡᠭᠦᠷ᠎ᠦᠨ ᠲᠣᠭ᠍ᠲᠠᠴᠠ᠎ᠶ᠋ᠢᠨ ᠦᠢᠯᠡᠳᠦᠯ᠎ᠢ ᠪᠠᠳᠠᠷᠠᠭᠤᠯᠬᠤ᠎ᠪᠠᠷ ᠳᠠᠮᠵᠢᠭᠤᠯᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠴᠢᠭ᠌ᠯᠡᠯ᠎ᠢ ᠬᠠᠢᠨ ᠰᠦᠪᠡᠭ᠌ᠴᠢᠯᠡᠬᠦ᠌᠎ᠡᠴᠡ ᠢᠷᠡᠭᠡᠳᠦᠢ᠎ᠶ᠋ᠢᠨ ᠠᠵᠤ ᠦᠢᠯᠡᠰ᠎ᠢ ᠨᠡᠪᠴᠢᠭᠦᠯᠬᠦ᠌ ᠪᠠ ᠲᠦᠷᠭᠡᠳᠭᠡᠬᠦ᠌ ᠲᠥᠯᠥᠪᠯᠡᠭᠡ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌ ᠬᠦᠷᠲᠡᠯ᠎ᠡ; ᠢᠷᠡᠭᠡᠳᠦᠢ᠎ᠶ᠋ᠢᠨ ᠠᠵᠤ ᠦᠢᠯᠡᠰ᠎ᠦᠨ ᠣᠷᠣᠭᠤᠯᠤᠯᠲᠠ ᠶ᠋ᠢᠨ ᠨᠡᠮᠡᠭ᠌ᠳᠡᠯ᠎ᠦᠨ ᠲᠣᠭ᠍ᠲᠠᠴᠠ ᠶ᠋ᠢ ᠪᠠᠢᠭᠤᠯᠬᠤ ᠶ᠋ᠢ ᠳᠤᠷᠠᠳᠤᠭ᠍ᠰᠠᠨ᠎ᠡᠴᠡ ᠢᠷᠡᠭᠡᠳᠦᠢ᠎ᠶ᠋ᠢᠨ ᠠᠵᠤ ᠦᠢᠯᠡᠰ᠎ᠢ ᠪᠠᠢᠷᠢᠯᠠᠭᠤᠯᠬᠤ᠎ᠶ᠋ᠢ ᠴᠢᠬᠤᠯᠠᠴᠢᠯᠠᠭ᠍ᠰᠠᠨ ᠬᠦᠷᠲᠡᠯ᠎ᠡ; 《ᠢᠷᠡᠭᠡᠳᠦᠢ᠎ᠶ᠋ᠢᠨ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠬᠤ ᠲᠤᠬᠠᠢ ᠬᠡᠷᠡᠭ᠌ᠵᠢᠭᠦᠯᠬᠦ᠌ ᠰᠠᠨᠠᠯ》 ᠢ᠋ ᠨᠡᠢᠲᠡᠯᠡᠭ᠌ᠰᠡᠨ᠎ᠡᠴᠡ᠂ ᠡᠯ᠎ᠡ ᠭᠠᠵᠠᠷ᠎ᠤᠨ ᠬᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠠᠷᠭ᠎ᠠ ᠵᠠᠮ᠎ᠢ ᠬᠠᠢᠨ ᠰᠦᠪᠡᠭ᠌ᠴᠢᠯᠡᠭ᠌ᠰᠡᠨ ᠬᠦᠷᠳᠡᠯ᠎ᠠ ᠁ ᠤᠢ᠍ᠢᠷ᠎ᠠ᠎ᠶ᠋ᠢᠨ ᠵᠢᠯ ᠳ᠋ᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠪᠡᠨ ᠴᠢᠩᠭᠠᠳᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠬᠰᠡᠨ ᠡᠴᠡ᠂ ᠮᠠᠨ ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠰᠠᠢ᠌ᠨ ᠰᠠᠢᠬᠠᠨ ᠪᠠᠢᠳᠠᠯ ᠢᠯᠡᠷᠡᠵᠦ᠍᠂ ᠢᠷᠡᠭᠡᠳᠦᠢ᠎ᠶ᠋ᠢᠨ ᠠᠵᠤ ᠦᠢᠯᠡᠰ᠎ᠦᠨ ᠥᠷᠭᠡᠨ ᠠᠭᠤᠳᠠᠮ ᠬᠥᠭ᠌ᠵᠢᠯᠲᠡ᠎ᠶ᠋ᠢᠨ ᠣᠷᠣᠨ ᠵᠠᠢ ᠵᠢᠴᠢ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠦᠵᠡᠭᠦᠯᠬᠦ᠌ ᠴᠢᠬᠤᠯᠠ ᠬᠦᠳᠦᠯᠦᠨ ᠳᠠᠭᠠᠭᠤᠯᠬᠤ ᠦᠢᠯᠡᠳᠦᠯ ᠡᠳᠦᠷ ᠢᠷᠡᠬᠦᠶ᠎ᠡ ᠲᠤᠪᠤᠢ᠌ᠮ᠎ᠠ ᠪᠣᠯᠪᠠ᠃
ᠢᠷᠡᠭᠡᠳᠦᠢ ᠶ᠋ᠢᠨ ᠠᠵᠤ ᠦᠢᠯᠡᠰ ᠨᠢ ᠪᠠᠷᠠᠯᠠᠯᠳᠠ ᠴᠢᠨᠠᠷᠳᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ᠂ ᠨᠤᠷᠠᠭᠠᠯᠲᠠ᠎ᠶ᠋ᠢᠨ ᠴᠢᠨᠠᠷᠳᠠᠢ ᠵᠡᠷᠭᠡ ᠣᠨᠴᠠᠯᠢᠭ᠎ᠲᠠᠶ ᠪᠠᠢᠵᠤ᠂ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌᠎ᠳᠦ ᠱᠢᠨᠵᠢᠯᠡᠬᠦ᠌ ᠤᠬᠠᠭᠠᠨᠴᠢ᠎ᠪᠠᠷ ᠤᠬᠠᠭᠠᠯᠠᠨ ᠲᠥᠯᠥᠪᠯᠡᠵᠦ᠍᠂ ᠪᠦᠬᠦ᠌ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠬᠦ᠌ ᠴᠢᠬᠤᠯᠠᠲᠠᠢ ᠶᠤᠮ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠡᠨᠡ ᠬᠦ᠌ ᠭᠤᠤᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠍᠂ ᠢᠷᠡᠭᠡᠳᠦᠶ᠎ᠶ᠋ᠢᠨ ᠠᠵᠤ ᠦᠶ᠋ᠯᠡᠰ᠎ᠢ ᠤᠷᠢᠳᠴᠢᠯᠠᠨ ᠪᠠᠢᠷᠢᠯᠠᠭᠤᠯᠵᠤ᠂ ᠣᠯᠠᠨ ᠡᠱᠢᠲᠦ ᠮᠡᠷᠭᠡᠵᠢᠯ᠎ᠦᠨ ᠱᠤᠭᠤᠮ᠂ ᠨᠡᠢᠲᠡᠯᠢᠭ ᠬᠡᠷᠡᠭ᠌ᠯᠡᠭᠡᠨ᠎ᠦ ᠲᠠᠯᠠᠪᠤᠷ᠂ ᠬᠡᠷᠡᠭ᠌ᠵᠢᠭᠦᠯᠵᠦ᠍ ᠪᠣᠯᠬᠤᠢᠴᠠ ᠬᠤᠳᠠᠯᠳᠤᠭᠠᠨ᠎ᠤ ᠵᠠᠭ᠍ᠪᠤᠷ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠢ ᠬᠠᠢᠨ ᠰᠦᠪᠡᠭ᠌ᠴᠢᠯᠡᠵᠦ᠍᠂ ᠺᠸᠠᠨ᠋ᠲ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠠᠮᠢᠳᠤ ᠪᠣᠳᠠᠰ᠎ᠤᠨ ᠦᠶ᠋ᠯᠡᠳᠭᠡᠯ᠂ ᠤᠰᠤᠲᠥ᠋ᠷᠥᠭ᠌ᠴᠢ ᠡᠨᠧᠷᠭᠢ ᠪᠣᠯᠤᠨ ᠴᠥᠮ᠎ᠡ᠎ᠶ᠋ᠢᠨ ᠨᠡᠢᠯᠡᠯᠲᠡᠶ᠋ᠢᠨ ᠡᠨᠧᠷᠭᠢ᠂ ᠬᠦᠮᠦᠨ ᠤ᠋ ᠲᠠᠷᠢᠬᠢ ᠪᠤᠯᠤᠨ ᠺᠤᠮᠫᠢᠦ᠋ᠲᠸᠷ ᠤ᠋ᠨ ᠮᠡᠳᠡᠭᠡ ᠵᠠᠨᠭᠭᠢ ᠵᠢᠨ ᠰᠤᠯᠢᠯᠴᠠᠭ᠎ᠠ᠂ ᠪᠠᠶ᠎ᠠ᠎ᠳᠤ ᠣᠶᠤᠨ᠂ ᠵᠢᠷᠭᠤᠳᠤᠭᠠᠷ ᠦᠶ᠎ᠡ᠎ᠶ᠋ᠢᠨ ᠱᠢᠯᠵᠢᠮᠡᠯ ᠴᠢᠮᠡᠭᠡ ᠬᠣᠯᠪᠣᠭ᠎ᠠ ᠵᠡᠷᠭᠡ᠎ᠶ᠋ᠢ ᠠᠵᠤ ᠠᠬᠤᠶ᠎ᠶ᠋ᠢᠨ ᠱᠢᠨ᠎ᠡ ᠨᠡᠮᠡᠭ᠌ᠳᠡᠯ᠎ᠦᠨ ᠴᠡᠭ ᠪᠣᠯᠭᠠᠬᠤ᠎ᠶ᠋ᠢ ᠠᠬᠢᠭᠤᠯᠤᠨ᠎ᠠ ᠭᠡᠵᠦ᠍ ᠳᠤᠷᠠᠳᠴᠠᠶ᠃《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠭᠣᠣᠯ ᠱᠢᠪᠲᠤᠯᠬᠤ ᠴᠢᠭ᠌ᠯᠡᠯ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠮᠡᠷᠭᠡᠵᠢᠯ᠎ᠦᠨ ᠱᠤᠭᠤᠮ ᠢ ᠱᠢᠨᠵᠢᠯᠡᠬᠦ᠌ ᠤᠬᠠᠭᠠᠨᠴᠢ᠎ᠪᠠᠷ ᠨᠤᠲᠠᠯᠠᠵᠤ᠂ ᠬᠣᠱᠢᠭᠤᠷᠠᠯ ᠮᠡᠷᠭᠡᠵᠢᠯ᠎ᠦᠨ ᠪᠠᠢᠯᠳᠤᠬᠤ ᠪᠤᠳᠤᠯᠭ᠎ᠠ᠎ᠶ᠋ᠢᠨ ᠤᠷᠢᠳᠴᠢᠯᠠᠨ ᠮᠠᠭᠠᠳᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ᠢᠷᠡᠭᠡᠳᠦᠢ
ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌᠎ᠳᠦ ᠪᠣᠳᠠᠲᠤ ᠪᠠᠢᠳᠠᠯ᠎ᠡᠴᠡ ᠰᠠᠯᠤᠩᠭᠢᠷᠠᠨ᠂ ᠨᠢᠭᠡ ᠯᠡ ᠳᠣᠣᠷ᠎ᠠ ᠲᠦᠷᠬᠢᠯᠳᠦᠨ ᠬᠥᠳᠡᠯᠦᠯᠴᠡᠵᠦ᠍᠂ ᠰᠣᠬᠣᠷ ᠪᠠᠯᠠᠢ᠎ᠪᠠᠷ ᠭᠡᠨᠡᠨ᠎ᠢᠶᠡᠷ ᠤᠷᠤᠭ᠍ᠰᠢᠯᠠᠵᠤ ᠪᠣᠯᠬᠤ ᠦᠭᠡᠢ᠂ ᠬᠠᠷᠢᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠂ ᠮᠡᠷᠭᠡᠵᠢᠯ ᠦᠨ ᠪᠣᠯᠪᠠᠰᠤᠷᠠᠩᠭᠤᠢ᠎ᠶ᠋ᠢᠨ ᠬᠡᠮᠵᠢᠶ᠎ᠡ᠂ ᠡᠯᠧᠮᠧᠨ᠋ᠲ᠎ᠦᠨ ᠲᠤᠯᠭᠠᠭᠤᠷᠢᠯᠠᠬᠤ ᠨᠥᠬᠥᠴᠡᠯ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠲᠣᠭ᠍ᠲᠠᠭᠤᠨ᠎ᠤ ᠲᠤᠮᠳᠠ ᠤᠷᠤᠭᠰᠢᠯᠠᠨ ᠲᠠᠪᠰᠢᠬᠤ᠂ ᠱᠠᠲᠤᠯᠠᠨ ᠪᠣᠢᠵᠢᠭᠤᠯᠬᠤ᠎ᠶ᠋ᠢ ᠪᠠᠷᠢᠮᠲᠠᠯᠠᠵᠤ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠬᠤ᠂ ᠰᠣᠯᠪᠢᠴᠠᠨ ᠬᠥᠭ᠌ᠵᠢᠭᠦᠯᠬᠦ᠌᠂ ᠲᠦᠷᠭᠡᠨ ᠪᠥᠭᠡᠳ ᠯᠠᠪᠳᠠᠭᠤᠨ᠎ᠢᠶᠠᠷ ᠠᠬᠢᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠱᠢᠰᠲ᠋ᠧᠮᠲᠦ ᠰᠡᠳᠭᠢᠬᠦᠢ ᠪᠡᠷ ᠠᠵᠤ ᠦᠢᠯᠡᠰ᠎ᠦᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠢᠷᠡᠭᠡᠳᠦᠢ᠎ᠶ᠋ᠢᠨ ᠠᠵᠤ ᠦᠢᠯᠡᠰ ᠪᠣᠯᠤᠨ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ᠎ᠦᠨ ᠬᠠᠷᠢᠯᠴᠠᠨ ᠨᠥᠬᠥᠪᠥᠷᠢᠯᠡᠬᠦ᠌᠎ᠶ᠋ᠢ ᠠᠬᠢᠭᠤᠯᠬᠤ ᠬᠡᠷᠡᠭ᠌ᠲᠡᠢ᠃
ᠢᠷᠡᠭᠡᠳᠦᠢ᠎ᠶ᠋ᠢᠨ ᠠᠵᠤ ᠦᠢᠯᠡᠰ ᠢ ᠪᠣᠢᠵᠢᠭᠤᠯᠤᠨ ᠬᠥᠭ᠌ᠵᠢᠭᠦᠯᠬᠦ᠌᠎ᠳᠦ ᠡᠷᠬᠡᠪᠰᠢ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠤᠭᠤᠮᠳᠠ ᠰᠢᠪᠳᠤᠯᠤᠯᠳᠠ᠎ᠶᠢ ᠴᠢᠩᠭᠠᠳᠭᠠᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠪᠲᠤᠯᠤᠯᠲᠠ᠎ᠶ᠋ᠢᠨ ᠬᠡᠮᠵᠢᠶ᠎ᠡ ᠨᠢ ᠮᠠᠰᠢ ᠶᠡᠬᠡ ᠬᠡᠮᠵᠢᠶᠡᠨ ᠳᠡᠭᠡᠷ᠎ᠡ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠤᠷᠳᠤᠴᠠ᠂ ᠥᠷᠭᠡᠴᠡ᠂ ᠭᠦᠨᠴᠡ᠎ᠶ᠋ᠢ ᠲᠣᠭ᠍ᠲᠠᠭᠠᠳᠠᠭ᠃ 《ᠤᠯᠠᠨ᠎ᠤ ᠬᠦᠴᠦ᠍ᠨ ᠳ᠋ᠦ ᠤᠪᠤᠭ᠎ᠠ ᠪᠤᠰᠳᠠᠭ 》᠃ ᠱᠢᠨ᠎ᠡ ᠬᠡᠯᠪᠡᠷᠢ᠎ᠶ᠋ᠢᠨ ᠤᠯᠤᠰ ᠳᠠᠶᠠᠭᠠᠷ ᠤᠨ ᠪᠠᠢᠭᠤᠯᠤᠮᠵᠢ᠎ᠶ᠋ᠢᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ 《ᠠᠵᠤ ᠦᠢᠯᠡᠰ ᠰᠡᠳᠦᠪ ᠭᠠᠷᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠰᠡᠳᠦᠪ ᠬᠠᠷᠢᠭᠤᠯᠬᠤ》 ᠵᠢ ᠪᠠᠷᠢᠮᠲᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠡᠷᠴᠢᠮ᠎ᠢᠶᠡᠨ ᠴᠢᠩᠭᠠᠷᠠᠭᠤᠯᠵᠤ᠂ 《ᠪᠣᠭᠣᠮᠢ》 ᠠᠰᠠᠭᠤᠳᠠᠯ᠎ᠢ ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠃ ᠰᠠᠭᠤᠷᠢ ᠰᠤᠳᠤᠯᠭᠠᠨ ᠤ ᠪᠠᠢᠯᠳᠤᠬᠤ ᠪᠤᠳᠤᠯᠭ᠎ᠠ᠎ᠶ᠋ᠢᠨ ᠴᠢᠨᠠᠷ᠂ ᠪᠠᠷᠠᠯᠠᠯᠳᠤ ᠴᠢᠨᠠᠷ᠂ ᠱᠢᠰᠲ᠋ᠧᠮᠵᠢᠭ᠌ᠰᠡᠨ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯᠤᠨ ᠠᠵᠤ ᠦᠢᠯᠡᠰ᠎ᠦᠨ ᠱᠢᠨ᠎ᠡ ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠯᠤᠰ᠎ᠤᠨ ᠱᠢᠨ᠎ᠡ ᠶ᠋ᠢ ᠡᠭᠦᠳᠬᠦ᠌ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ ᠶ᠋ᠢ ᠬᠦᠴᠦᠯᠡᠨ ᠳᠡᠭᠡᠭ᠌ᠰᠢᠯᠡᠭᠦᠯᠵᠦ᠍᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠭ᠌ᠵᠢᠯᠲᠡ᠎ᠶ᠋ᠢᠨ ᠠᠱᠢᠭ᠍ᠲᠠᠢ ᠪᠠᠢᠷᠢ᠎ᠶ᠋ᠢ ᠡᠵᠡᠯᠡᠬᠦ᠌ ᠬᠡᠷᠡᠭ᠌ᠲᠡᠢ᠃
ᠢᠷᠡᠭᠡᠳᠦᠢ ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌᠎ᠳᠦ ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠠ ᠪᠦᠲᠦᠮᠵᠢᠲᠡᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠠᠵᠤ ᠠᠬᠤᠢᠯᠠᠯ ᠪᠣᠯ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠮᠥᠨ᠂ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠯᠲᠡ᠎ᠶ᠋ᠢ ᠠᠬᠢᠭᠤᠯᠬᠤ ᠱᠢᠨ᠎ᠡ ᠬᠦᠴᠦᠨ ᠮᠥᠨ᠃ ᠣᠯᠠᠩᠬᠢ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ ᠨᠢ ᠠᠵᠤ ᠠᠬᠤᠢᠯᠠᠯ᠎ᠤᠨ ᠠᠯᠬᠤᠮ ᠠᠯᠬᠤᠮ᠎ᠢᠶᠠᠷ ᠱᠢᠪᠲᠤᠯᠵᠤ ᠳᠠᠢᠴᠢᠯᠠᠬᠤ᠎ᠳᠤ ᠲᠦᠱᠢᠭ᠌ᠯᠡᠨ᠎ᠡ᠃ ᠠᠵᠤ ᠠᠬᠤᠢᠯᠠᠯ᠎ᠤᠨ ᠪᠡᠶᠡᠴᠢ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠡᠯ᠎ᠡ ᠲᠦᠷᠦᠯ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠭᠣᠣᠯᠯᠠᠬᠤ ᠮᠡᠷᠭᠡᠵᠢᠯ᠎ᠢᠶᠡᠷ ᠲᠦᠷᠦᠭᠦᠯᠡᠭᠦᠯᠦᠭᠰᠡᠨ᠂ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠷ ᠴᠢᠩᠭ᠎ᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠲᠠᠭᠠᠭᠤᠯᠤᠬ᠍ᠴᠢ ᠠᠵᠤ ᠠᠬᠤᠢᠯᠠᠯ ᠪᠠ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠢ ᠶᠡᠬᠡᠪᠡᠷ ᠪᠣᠢᠵᠢᠭᠤᠯᠪᠠᠯ ᠰᠠᠶᠢ ᠠᠵᠤ ᠦᠢᠯᠡᠰ᠎ᠢ ᠭᠦᠳᠦᠯᠦᠨ ᠲᠠᠢ᠌ᠴᠢᠯᠠᠵᠦ᠍ ᠪᠠᠢᠭᠠᠳ ᠬᠣᠱᠢᠭᠤᠷᠠᠯ ᠪᠠ ᠳᠡᠭᠡᠳᠦ ᠲᠡᠰ᠎ᠤᠨ ᠬᠦᠷᠢᠢ᠎ᠡ ᠲᠡᠢᠰᠢ ᠲᠠᠰᠣᠷᠠᠯᠳᠠ ᠦᠭᠡᠢ ᠤᠷᠤᠭ᠍ᠰᠢᠯᠠᠭᠤᠯᠵᠤ ᠴᠢᠳᠠᠨ᠎ᠠ᠃ ᠢᠷᠡᠭᠡᠳᠦᠶ᠎ᠶ᠋ᠢᠨ ᠠᠵᠤ ᠦᠢᠯᠡᠰ᠎ᠢ ᠪᠣᠢᠵᠢᠭᠤᠯᠬᠤ ᠡᠭᠡᠯᠵᠢᠲᠦ ᠬᠤᠭᠤᠴᠠᠭ᠎ᠠ ᠨᠢ ᠤᠷᠲᠤ᠂ ᠵᠠᠬ᠎ᠠ ᠳᠡᠯᠭᠡᠭᠦᠷ᠎ᠦᠨ ᠠᠶᠤᠯ ᠲᠦᠭ᠌ᠰᠢᠭᠦᠷᠢ ᠶᠡᠬᠡ ᠪᠠᠢᠭ᠎ᠠ ᠪᠣᠯᠬᠣᠷ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠣᠯᠤᠨ ᠵᠠᠰᠠᠭ᠎ᠤᠨ ᠣᠷᠳᠣᠨ᠎ᠤ ᠦᠢᠯᠡᠴᠢᠯᠡᠭᠡ᠎ᠡᠴᠡ ᠰᠠᠯᠵᠤ ᠴᠢᠳᠠᠬᠤ ᠦᠭᠡᠶ ᠶᠤᠮ᠃ ᠡᠳ᠋᠎ᠦᠨ ᠵᠠᠰᠠᠭ ᠭᠠᠢᠯᠢ ᠲᠠᠲᠠᠪᠤᠷᠢ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠮᠥᠩᠭᠥᠨ ᠭᠦᠢᠯᠭᠡᠭᠡ᠎ᠶ᠋ᠢ ᠶᠡᠬᠡᠪᠡᠷ ᠬᠥᠭ᠌ᠵᠢᠭᠦᠯᠵᠦ᠍᠂ ᠴᠢᠳᠠᠪᠤᠷᠢᠲᠠᠨ᠎ᠢ ᠬᠥᠮᠦᠵᠢᠭᠦᠯᠬᠦ᠌᠂ ᠣᠷᠣᠭᠤᠯᠤᠨ ᠠᠪᠴᠢᠷᠠᠬᠤ᠂ ᠬᠡᠷᠡᠭ᠌ᠯᠡᠬᠦ᠌ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠬᠢᠵᠦ᠍᠂ ᠪᠦᠬᠦ᠌ ᠨᠡᠢᠭᠡᠮ᠎ᠳᠦ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠪᠠᠯ᠂ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠦᠩ ᠱᠢᠮᠡᠯᠢᠭ ᠬᠥᠷᠥᠰᠥ᠍ ᠱᠢᠷᠣᠢ᠎ᠶ᠋ᠢ ᠱᠢᠮᠡᠵᠢᠭᠦᠯᠵᠦ᠍ ᠴᠢᠳᠠᠨ᠎ᠠ᠃
ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠣᠯᠪᠣᠭ᠍ᠳᠠᠬᠤ ᠬᠡᠪᠴᠢᠶ᠎ᠡ ᠥᠷᠭᠡᠨ ᠪᠠᠢᠵᠤ᠂ ᠨᠢᠭᠡᠨ ᠯᠤᠲᠤ ᠶᠡᠬᠡ ᠨᠠᠷᠢᠨ ᠪᠤᠳᠤᠯᠢᠶᠠᠨᠲᠠᠢ ᠱᠢᠰᠲ᠋ᠧᠮᠲᠦ ᠢᠨᠵᠧᠨᠧᠷᠢᠩ ᠪᠣᠯᠬᠤ ᠤᠴᠢᠷ᠎ᠡᠴᠡ ᠡᠷᠬᠡᠪᠰᠢ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌ ᠬᠡᠷᠡᠭ᠌ᠲᠡᠢ᠃ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠱᠢᠨᠵᠢᠯᠡᠬᠦ᠌ ᠤᠬᠠᠭᠠᠨᠴᠢ ᠪᠦᠲᠦᠮᠵᠢᠲᠡᠢ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠯᠪᠡᠷᠢ᠎ᠶ᠋ᠢ ᠬᠠᠢᠨ ᠰᠦᠪᠡᠭ᠌ᠴᠢᠯᠡᠵᠦ᠍᠂ ᠬᠣᠯᠪᠣᠭ᠍ᠳᠠᠯ ᠪᠦᠬᠦᠢ ᠠᠶᠤᠯ ᠲᠦᠭ᠌ᠰᠢᠭᠦᠷᠢ᠎ᠶ᠋ᠢ ᠰᠡᠷᠭᠡᠢᠯᠡᠵᠦ᠍᠂ 《ᠠᠮᠢᠳᠤᠯᠢᠭ ᠴᠢᠯᠥᠭᠡᠲᠡᠢ ᠲᠠᠯᠪᠢᠬᠤ》 ᠪᠥᠭᠡᠳ 《ᠰᠠᠢᠲᠤᠷ ᠬᠠᠮᠢᠶᠠᠷᠬᠤ》 ᠵᠢ ᠪᠠᠲᠤᠯᠠᠬᠤ ᠬᠡᠷᠡᠭ᠌ᠲᠡᠢ᠃ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠎ᠪᠡᠷ ᠳᠠᠮᠵᠢᠭᠤᠯᠤᠨ᠂ ᠡᠯ᠎ᠡ ᠲᠠᠯ᠎ᠠ᠎ᠶ᠋ᠢᠨ ᠪᠠᠷᠢᠮᠵᠢᠶ᠎ᠠ᠎ᠶ᠋ᠢ ᠬᠠᠮᠲᠤ᠎ᠪᠠᠷ ᠪᠠᠢᠭᠤᠯᠬᠤ᠂ ᠲᠦᠷᠢᠮ᠎ᠢ ᠬᠠᠮᠲᠤ᠎ᠪᠠᠷ ᠵᠥᠪᠳᠡᠯᠴᠡᠬᠦ᠌᠂ ᠠᠵᠤ ᠦᠶ᠋ᠯᠡᠰ᠎ᠢ ᠬᠠᠮᠲᠤ᠎ᠪᠠᠷ ᠠᠬᠢᠭᠤᠯᠬᠤ᠎ᠶ᠋ᠢ ᠢᠳᠡᠪᠬᠢᠲᠡᠶ ᠠᠬᠢᠭᠤᠯᠬᠤ ᠬᠡᠷᠡᠭᠳᠡᠢ᠃ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌ ᠨᠢ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ᠎ᠤᠨ ᠴᠢᠳᠠᠪᠤᠷᠢ ᠪᠠ ᠬᠡᠪ ᠴᠢᠨᠠᠷ᠎ᠲᠤ ᠱᠢᠨ᠎ᠡ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠂ ᠡᠷᠬᠡᠪᠰᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠣᠱᠢᠭᠤᠷᠠᠯ ᠮᠡᠳᠡᠯᠭᠡ᠎ᠶ᠋ᠢᠨ ᠰᠤᠷᠤᠯᠴᠠᠯᠭ᠎ᠠ᠎ᠶ᠋ᠢ ᠴᠢᠩᠭᠠᠳᠭᠠᠵᠤ᠂ 《ᠴᠢᠳᠠᠪᠤᠷᠢ᠎ᠶ᠋ᠢᠨ ᠭᠡᠯᠮᠡᠭ᠌ᠳᠡᠯ》 ᠢ᠋ ᠪᠦᠲᠦᠮᠵᠢᠲᠡᠢ ᠱᠢᠢᠳᠪᠦᠷᠢᠯᠡᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠮᠡᠳᠡᠬᠦ᠌᠂ ᠠᠵᠤ ᠦᠢᠯᠡᠰ᠎ᠢ ᠣᠢᠯᠠᠭᠠᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠴᠢᠳᠠᠮᠠᠭᠠᠢ ᠪᠠᠢᠬᠤ᠎ᠪᠠᠷ ᠴᠢᠷᠮᠠᠢᠬᠤ ᠬᠡᠷᠡᠭ᠌ᠲᠡᠢ᠃
ᠢᠷᠡᠭᠡᠳᠦᠶ ᠨᠢᠭᠡᠨᠲᠡ ᠬᠦᠷᠴᠦ᠍ ᠢᠷᠡᠪᠡ᠂ ᠴᠠᠭ ᠪᠢᠳᠡᠨ᠎ᠢ ᠬᠦᠯᠢᠶᠡᠬᠦ᠌ ᠦᠭᠡᠢ᠃ ᠡᠨᠡ ᠵᠢᠯ ᠪᠣᠯ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠃ ᠱᠢᠨ᠎ᠡ ᠵᠢᠯ ᠡᠬᠢᠯᠡᠮᠡᠭ᠌ᠴᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠲᠦᠮᠡᠨ ᠠᠭ᠍ᠲᠠ᠎ᠶ᠋ᠢᠨ ᠲᠦᠪᠡᠷᠭᠡᠨ ᠦ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠵᠣᠭ᠍ᠰᠣᠯ ᠦᠭᠡᠢ ᠤᠷᠤᠭ᠍ᠰᠢᠯᠠᠬᠤ ᠡᠷᠴᠢ ᠵᠣᠷᠢᠭ ᠢ ᠪᠠᠲᠤᠯᠠᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠱᠢᠨ᠎ᠡ ᠳᠦᠷᠰᠦ ᠪᠠᠢᠳᠠᠯ᠎ᠢ ᠢᠯᠡᠷᠡᠭᠦᠯᠵᠦ᠍᠂ ᠲᠤᠮᠳᠠᠳᠤ ᠵᠢᠨ ᠡᠬᠡ ᠭᠠᠵᠠᠷ ᠲᠤ 《ᠱᠢᠨ᠎ᠡ ᠵᠢ ᠡᠭᠦᠳᠬᠦ》 ᠲᠡᠢᠰᠢ ᠤᠷᠤᠭ᠍ᠰᠢᠯᠠᠬᠤ᠂ 《ᠶᠠᠰᠤ ᠴᠢᠨᠠᠷ》 ᠵᠢᠡᠷ ᠠᠯᠤᠰ᠎ᠢ ᠵᠣᠷᠢᠬᠤ ᠥᠷᠨᠢᠭᠦᠨ ᠪᠠᠳᠠᠷᠠᠩᠭᠤᠢ ᠬᠦᠴᠦᠨ ᠴᠢᠳᠠᠯ ᠤᠷᠬᠢᠯ᠎ᠤᠨ ᠪᠠᠳᠠᠷᠠᠨ᠎ᠠ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠭᠡᠵᠦ᠍᠂ ᠬᠠᠨᠴᠤᠢ ᠱᠢᠮᠠᠯᠠᠨ ᠴᠢᠷᠮᠠᠢᠨ ᠠᠵᠢᠯᠯᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠮᠠᠨ᠎ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠠᠰᠤᠷᠠᠯᠳᠠ ᠦᠭᠡᠢ ᠱᠢᠨ᠎ᠡ ᠱᠢᠪᠲᠤᠯᠤᠯᠲᠠ ᠲᠠᠶ ᠪᠣᠯᠬᠤ ᠶ᠋ᠢ ᠠᠬᠢᠭᠤᠯᠵᠤ᠂ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ ᠶ᠋ᠢ ᠠᠬᠢᠭᠤᠯᠬᠤ᠎ᠳᠤ ᠨᠡᠩ ᠬᠦᠴᠦᠷᠬᠡᠭ ᠶᠡᠬᠡ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠡᠭᠡᠶᠡ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 2 ᠰᠠᠷ᠎ᠠ ᠵᠢᠨ 1 ᠤ᠋ ᠴᠠᠬᠢᠯᠭᠠᠨ ᠮᠡᠳᠡᠭᠡ)