ᠲᠥᠪ᠎ᠦᠨ ᠤᠬᠠᠭᠤᠯᠬᠤ ᠬᠡᠯᠲᠡᠰ ᠣᠢᠷ᠎ᠠ᠎ᠳᠤ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠣᠨᠢᠨ ᠮᠡᠳᠡᠭᠡᠨ᠎ᠦ ᠨᠢᠭᠡᠴᠢ᠎ᠶ᠋ᠢᠨ᠎ᠬᠢᠨ 2026 ᠣᠨ᠎ᠤ 《ᠬᠦᠳᠡᠭᠡ ᠨᠤᠲᠤᠭ᠎ᠤᠨ ᠴᠠᠭᠠᠨ ᠰᠠᠷ᠎ᠠ》 ᠵᠢᠨ ᠠᠵᠢᠯᠯᠠᠭ᠎ᠠ᠎ᠶ᠋ᠢ ᠪᠥᠬᠥ᠌ ᠵᠢᠯ᠎ᠦᠨ ᠭᠤᠤᠯ ᠰᠡᠳᠦᠪᠲᠦ ᠤᠬᠠᠭᠤᠯᠭ᠎ᠠ᠎ᠶ᠋ᠢᠨ ᠴᠢᠬᠤᠯᠠ ᠡᠬᠢᠯᠡᠯᠲᠡ ᠪᠣᠯᠭᠠᠵᠤ᠂ ᠥᠷᠭᠡᠨ ᠣᠯᠠᠨ ᠰᠣᠨᠢᠨ ᠮᠡᠳᠡᠭᠡᠨ᠎ᠦ ᠠᠵᠢᠯᠲᠠᠨ᠎ᠢ ᠵᠣᠬᠢᠶᠠᠨ ᠪᠠᠢᠭᠤᠯᠤᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠬᠦᠷᠴᠦ᠍ ᠰᠤᠷᠪᠤᠯᠵᠢᠯᠠᠭ᠎ᠠ ᠬᠢᠵᠦ᠂ ᠴᠠᠭ ᠦᠶ᠎ᠡ᠎ᠶ᠋ᠢᠨ ᠱᠢᠨ᠎ᠡ ᠳᠦᠷᠰᠦ ᠪᠠᠢᠳᠠᠯ᠎ᠢ ᠲᠤᠰᠭᠠᠭ᠍ᠰᠠᠨ ᠠᠮᠢᠳᠤᠯᠢᠭ ᠰᠠᠢᠬᠠᠨ ᠥᠯᠢᠭᠡᠷ᠂ ᠨᠡᠢᠲᠡᠯᠢᠭ ᠬᠥᠮᠦᠰ᠎ᠢ ᠭᠦᠨᠵᠡᠭᠡᠶ ᠠᠭᠤᠳᠠᠯᠵᠤ᠂ ᠬᠥᠮᠦᠰ᠎ᠦᠨ ᠰᠡᠳᠭᠢᠯ᠎ᠢ ᠬᠥᠳᠡᠯᠭᠡᠮ᠎ᠡ᠂ ᠬᠥᠮᠦᠰ ᠢ ᠤᠷᠮᠠᠱᠢᠭᠤᠯᠤᠨ ᠵᠣᠷᠢᠭ᠍ᠵᠢᠭᠤᠯᠬᠤ ᠣᠶᠤᠨ ᠰᠠᠨᠠᠭᠠᠨ᠎ᠤ ᠬᠦᠴᠦᠨ ᠴᠢᠳᠠᠯ ᠢ ᠨᠢᠭ᠍ᠲᠠᠷᠠᠭᠤᠯᠵᠤ᠂ ᠡᠬᠡ ᠤᠯᠤᠰ ᠢᠶᠠᠨ ᠬᠠᠢᠷᠠᠯᠠᠬᠤ᠂ ᠠᠷᠠᠳ ᠲᠦᠮᠡᠨ᠎ᠳᠡᠭᠡᠨ ᠬᠤᠪᠢ ᠨᠡᠮᠡᠷᠢ ᠦᠵᠡᠭᠦᠯᠬᠦ᠌ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠳᠣᠪᠣᠢᠯᠭᠠᠵᠤ᠂ ᠬᠦᠴᠦᠷᠬᠡᠭ᠌ᠵᠢᠬᠦ᠌ ᠪᠡᠷ ᠬᠦᠴᠦᠯᠡᠨ ᠴᠢᠷᠮᠠᠢᠬᠤ᠂ ᠡᠷᠡᠮᠡᠬᠡᠢᠯᠡᠨ ᠤᠷᠤᠭ᠍ᠰᠢᠯᠠᠬᠤ ᠲᠡᠮᠡᠴᠡᠯ᠎ᠦᠨ ᠵᠣᠷᠢᠭ ᠰᠠᠨᠠᠭ᠎ᠠ ᠶ᠋ᠢ ᠪᠠᠳᠠᠷᠠᠭᠤᠯᠵᠤ᠂ ᠪᠠᠶᠠᠷ ᠪᠠᠶᠠᠰᠭᠤᠯᠠᠩᠲᠤ ᠡᠶ᠎ᠡ ᠨᠠᠢᠷᠠᠮᠳᠠᠭᠤ᠂ ᠴᠣᠭ ᠪᠠᠳᠠᠷᠠᠩᠭᠤᠶ ᠥᠭᠡᠳᠡᠷᠬᠡᠭ ᠪᠠᠶᠠᠷ᠎ᠤᠨ ᠡᠳᠦᠷ᠎ᠦᠨ ᠠᠭᠤᠷ ᠠᠮᠢᠰᠬᠤᠯ᠎ᠢ ᠪᠤᠢ ᠪᠤᠯᠭᠠᠬᠤ ᠬᠡᠷᠡᠭᠳᠡᠢ ᠭᠡᠵᠦ ᠱᠠᠭᠠᠷᠳᠠᠪᠠ᠃
ᠮᠡᠳᠡᠭ᠌ᠳᠡᠯ᠎ᠳᠦ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠭᠦᠨᠵᠡᠭᠡᠶ ᠤᠬᠠᠭᠤᠯᠬᠤ ᠬᠡᠷᠡᠭ᠌ᠲᠡᠶ᠃ ᠰᠤᠷᠪᠤᠯᠵᠢᠯᠠᠭ᠍ᠴᠢ ᠨᠠᠢᠷᠠᠭᠤᠯᠤᠭ᠍ᠴᠢ᠎ᠶ᠋ᠢ ᠲᠥᠯᠥᠭᠡᠯᠡᠬᠦ᠌ ᠴᠢᠨᠠᠷᠲᠠᠶ ᠭᠤᠤᠯᠳᠠᠯᠭ᠎ᠠ ᠲᠠᠶ ᠭᠠᠵᠠᠷ ᠣᠷᠣᠨ᠂ ᠭᠤᠤᠯᠳᠠᠯᠭ᠎ᠠ᠎ᠲᠠᠶ ᠠᠵᠢᠯ ᠲᠥᠷᠥᠯ᠂ ᠭᠤᠤᠯᠳᠠᠯᠭ᠎ᠠ᠎ᠲᠠᠶ ᠠᠵᠤ ᠠᠬᠤᠢᠯᠠᠯ ᠪᠠ ᠤᠯᠤᠰ᠎ᠤᠨ ᠴᠢᠬᠤᠯᠠ ᠶᠡᠬᠡ ᠢᠨᠵᠧᠨᠧᠷᠢᠩ ᠵᠡᠷᠭᠡ᠎ᠳᠦ ᠬᠦᠷᠴᠦ᠍᠂ ᠮᠠᠨ ᠤ ᠤᠯᠤᠰ ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢᠨ ᠡᠯᠪᠡᠭ ᠪᠠᠶᠠᠯᠢᠭ ᠦᠷ᠎ᠡ ᠪᠦᠲᠦᠭᠡᠯ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ ᠲᠣᠭ᠍ᠲᠠᠭᠤᠨ᠎ᠢᠶᠠᠷ ᠬᠥᠭ᠌ᠵᠢᠵᠦ᠂ ᠠᠮᠢ ᠠᠬᠤᠶ ᠣᠷᠴᠢᠨ ᠲᠤᠭᠤᠷᠢᠨ ᠦᠷᠭᠦᠯᠵᠢᠯᠡᠨ ᠰᠠᠢᠵᠢᠷᠠᠵᠤ᠂ ᠠᠷᠠᠳ᠎ᠤᠨ ᠠᠮᠢᠳᠤᠷᠠᠯ ᠤᠨ ᠬᠠᠷᠢᠭᠤᠯᠲᠠ᠎ᠶ᠋ᠢᠨ ᠬᠠᠭᠤᠳᠠᠰᠤ᠎ᠪᠠᠷ ᠬᠥᠮᠦᠰ᠎ᠦᠨ ᠰᠡᠳᠭᠢᠯ᠎ᠢ ᠳᠤᠯᠠᠭᠠᠴᠠᠭᠤᠯᠵᠤ᠂ ᠶᠠᠳᠠᠭᠤ ᠡᠴᠡ ᠠᠩᠭᠢᠵᠢᠷᠠᠭᠤᠯᠬᠤ ᠪᠡᠷᠬᠡ ᠰᠡᠳᠦᠪ᠎ᠢ ᠱᠢᠶ᠋ᠳᠪᠦᠷᠢᠯᠡᠭ᠌ᠰᠡᠨ ᠦᠷ᠎ᠡ ᠪᠦᠲᠦᠭᠡᠯ᠎ᠢ ᠪᠡᠬᠢᠵᠢᠭᠦᠯᠦᠨ᠂ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠦᠨ ᠣᠷᠳᠣ ᠬᠤᠭᠤᠴᠠᠭ᠎ᠠ᠎ᠪᠠᠷ ᠲᠣᠭ᠍ᠲᠠᠭᠤᠨ᠎ᠢᠶᠠᠷ ᠬᠥᠭ᠌ᠵᠢᠬᠦ᠌ ᠳᠣᠲᠣᠭᠠᠳᠤ ᠯᠣᠭᠢᠭ᠎ᠢ ᠢᠯᠡᠷᠡᠭᠦᠯᠵᠦ᠍᠂ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠨ᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠨᠢ ᠪᠠᠲᠤᠳᠭᠠᠬᠤ ᠬᠡᠷᠡᠭ᠌ᠲᠡᠶ ᠭᠡᠵᠦ᠍ ᠱᠠᠭᠠᠷᠳᠠᠪᠠ᠃
ᠮᠡᠳᠡᠭ᠌ᠳᠡᠯ᠎ᠳᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠵᠢᠯ᠎ᠤᠨ ᠠᠷᠭ᠎ᠠ ᠬᠡᠮᠵᠢᠶ᠎ᠡ᠎ᠶ᠋ᠢ ᠭᠦᠨᠵᠡᠭᠡᠶ ᠤᠬᠠᠭᠤᠯᠬᠤ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠠᠷᠠᠳ ᠤᠨ ᠠᠮᠢᠳᠤᠷᠠᠯ᠎ᠤᠨ ᠡᠨᠧᠷᠭᠢ ᠵᠢᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠵᠤ᠂ ᠣᠯᠠᠨ ᠲᠦᠮᠡᠨ᠎ᠦ ᠬᠠᠯᠠᠭᠤᠨ ᠳᠤᠯᠠᠭᠠᠨ ᠡᠪᠦᠯᠵᠢᠬᠦ᠌᠎ᠶ᠋ᠢ ᠪᠠᠲᠤᠯᠠᠵᠤ ᠪᠠᠢᠭ᠎ᠠ ᠬᠦᠴᠦᠲᠡᠶ ᠠᠷᠭ᠎ᠠ ᠬᠡᠮᠵᠢᠶ᠎ᠡ᠎ᠶ᠋ᠢ ᠢᠯᠡᠷᠡᠭᠦᠯᠬᠦ ᠬᠡᠷᠡᠭᠳᠡᠢ; ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠴᠠᠭᠠᠨ ᠰᠠᠷ᠎ᠠ᠎ᠶ᠋ᠢᠨ ᠵᠥᠭᠡᠭᠡᠪᠦᠷᠢ ᠶ᠋ᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠵᠠᠮ ᠬᠠᠷᠢᠯᠴᠠᠭᠠᠨ᠎ᠤ ᠲᠦᠭ᠌ᠵᠢᠷᠡᠯ᠎ᠢ ᠠᠷᠢᠯᠭᠠᠨ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠵᠤ᠂ ᠤᠯᠠᠨ ᠲᠦᠮᠡᠨ᠎ᠦ ᠠᠮᠤᠷ ᠲᠦᠪᠱᠢᠨ ᠳᠥᠭᠥᠮ ᠳᠥᠲᠡ ᠶᠠᠪᠤᠵᠤ ᠰᠠᠭᠤᠬᠤ᠎ᠶ᠋ᠢ ᠪᠠᠲᠤᠯᠠᠵᠤ ᠪᠠᠢᠭ᠎ᠠ᠎ᠶᠢ ᠤᠬᠠᠭᠤᠯᠬᠤ ᠬᠡᠷᠡᠭᠳᠡᠢ; ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠣᠨᠴᠠᠭᠠᠶ ᠬᠦᠴᠢᠷᠳᠡᠯᠲᠡᠶ ᠨᠠᠰᠤᠲᠠᠢᠴᠤᠳ᠂ ᠵᠡᠮᠳᠡᠭ᠌ᠴᠦᠳ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ ᠵᠡᠷᠭᠡ ᠬᠥᠮᠦᠰ᠎ᠢ ᠡᠷᠬᠢᠨ ᠦᠵᠡᠵᠦ᠍ ᠲᠣᠬᠣᠨᠢᠭᠤᠯᠬᠤ ᠪᠠ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌᠎ᠪᠡᠨ ᠴᠢᠩᠭᠠᠳᠭᠠᠵᠤ᠂ ᠬᠥᠯᠥᠰᠥᠨ ᠠᠵᠢᠯᠴᠢᠨ ᠤ ᠴᠠᠯᠢᠩ᠎ᠢ ᠥᠷᠢᠲᠦᠭ᠌ᠰᠡᠨ ᠵᠡᠷᠭᠡ ᠬᠠᠤᠯᠢ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠣᠯᠠᠨ ᠲᠦᠮᠡᠨ᠎ᠳᠦ ᠦᠨᠡᠨ ᠬᠦ᠌ ᠪᠣᠳᠠᠲᠤ ᠶᠠᠪᠤᠳᠠᠯ ᠬᠢᠵᠦ᠍ ᠬᠦᠴᠢᠷ ᠶᠠᠪᠤᠳᠠᠯ᠎ᠢ᠎ᠨᠢ ᠱᠢᠶ᠋ᠳᠪᠦᠷᠢᠯᠡᠵᠦ᠍ ᠥᠭ᠌ᠴᠤ ᠪᠠᠢᠭ᠎ᠠ᠎ᠶᠢ ᠮᠡᠳᠡᠭᠡᠯᠡᠬᠦ ᠬᠡᠷᠡᠭᠳᠡᠢ ᠭᠡᠵᠦ ᠵᠢᠭᠠᠵᠤ ᠭᠠᠷᠭᠠᠪᠠ᠃
ᠮᠡᠳᠡᠭ᠌ᠳᠡᠯ᠎ᠳᠦ᠂ ᠡᠯ᠎ᠡ ᠠᠵᠢᠯ ᠲᠥᠷᠥᠯ᠎ᠦᠨ ᠬᠢᠨ᠎ᠤ ᠠᠵᠢᠯ᠎ᠤᠨ ᠪᠠᠢᠷᠢ᠎ᠪᠠᠨ ᠪᠠᠲᠤ ᠰᠠᠬᠢᠵᠤ ᠪᠠᠢᠭ᠎ᠠ ᠲᠡᠮᠡᠴᠡᠭ᠌ᠰᠡᠳᠢ ᠭᠦᠨᠵᠡᠭᠡᠶ ᠤᠬᠠᠭᠤᠯᠬᠤ ᠬᠡᠷᠡᠭ᠌ᠲᠡᠶ᠃ ᠪᠠᠶᠠᠷ᠎ᠤᠨ ᠡᠳᠦᠷ᠎ᠦᠨ ᠬᠤᠭᠤᠴᠠᠭᠠᠨ᠎ᠳᠤ ᠵᠢᠵᠢᠭᠦᠷᠯᠡᠨ ᠰᠠᠬᠢᠵᠤ ᠪᠠᠢᠭ᠎ᠠ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠦᠨ ᠠᠵᠢᠯᠲᠠᠨ᠂ ᠡᠮᠴᠢᠯᠡᠭᠡᠨ᠎ᠦ ᠠᠵᠢᠯᠲᠠᠨ᠂ ᠦᠨᠳᠦᠰᠦᠨ ᠱᠠᠲᠤᠨ᠎ᠤ ᠳᠣᠲᠣᠭᠠᠳᠤ᠎ᠶ᠋ᠢ ᠬᠠᠮᠠᠭᠠᠯᠠᠬᠤ ᠠᠷᠠᠳ᠎ᠤᠨ ᠴᠠᠭ᠍ᠳᠠᠭ᠎ᠠ᠂ ᠬᠢᠯᠢ᠎ᠶ᠋ᠢᠨ ᠬᠠᠮᠠᠭᠠᠯᠠᠯᠲᠠ᠎ᠶ᠋ᠢᠨ ᠬᠠᠷᠠᠭᠤᠯ᠎ᠤᠨ ᠭᠠᠵᠠᠷ᠎ᠤᠨ ᠳᠠᠷᠤᠭ᠎ᠠ ᠪᠠᠢᠯᠳᠤᠭ᠍ᠴᠢ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠵᠡᠷᠭᠡ ᠬᠥᠮᠦᠰ᠎ᠢ ᠭᠦᠨᠵᠡᠭᠡᠶ ᠰᠤᠷᠪᠤᠯᠵᠢᠯᠠᠵᠤ᠂ ᠥᠷᠭᠡᠨ ᠣᠯᠠᠨ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠤᠨ ᠵᠢᠱ᠌ᠢᠶᠡᠴᠢ ᠳᠠᠭᠠᠭᠤᠯᠤᠭ᠍ᠴᠢ ᠶ᠋ᠢᠨ ᠦᠶ᠋ᠯᠡᠳᠦᠯ᠎ᠢᠶᠡᠨ ᠪᠠᠳᠠᠷᠠᠭᠤᠯᠤᠭ᠍ᠰᠠᠨ ᠰᠡᠳᠭᠢᠯ ᠬᠥᠳᠡᠯᠭᠡᠮ᠎ᠡ ᠦᠶ᠋ᠯᠡ ᠠᠵᠢᠯᠯᠠᠭ᠎ᠠ ᠶ᠋ᠢ ᠭᠤᠤᠯᠳᠠᠯᠭ᠎ᠠ᠎ᠲᠠᠶ ᠮᠡᠳᠡᠭᠡᠯᠡᠵᠦ᠍᠂ ᠡᠯ᠎ᠡ ᠠᠵᠢᠯ ᠲᠥᠷᠥᠯ᠎ᠦᠨ ᠡᠷᠡᠯᠬᠡᠭ᠌ᠯᠡᠨ ᠲᠡᠮᠡᠴᠡᠭ᠌ᠰᠡᠳ᠎ᠦᠨ ᠪᠠᠭ᠎ᠠ ᠬᠡᠷ᠎ᠢᠶᠡᠨ ᠣᠷᠭᠢᠵᠤ ᠣᠯᠠᠨ᠎ᠤ ᠲᠥᠯᠥᠭᠡ ᠵᠢᠳᠬᠦᠵᠦ᠍ ᠪᠠᠢᠭ᠎ᠠ ᠦᠨᠡᠨ ᠪᠣᠳᠠᠲᠠᠶ ᠲᠥᠷᠥᠭ᠌ᠳᠡᠯ᠂ ᠦᠨᠡᠨ ᠰᠡᠳᠭᠢᠯ᠎ᠦᠨ ᠦᠭᠡ᠎ᠶ᠋ᠢ ᠠᠮᠢᠳᠤᠯᠢᠭ᠎ᠢᠶᠠᠷ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠡᠷᠡᠯᠬᠡᠭ᠌ᠯᠡᠨ ᠲᠡᠮᠡᠴᠡᠭ᠌ᠰᠡᠳ᠎ᠦᠨ ᠣᠮᠣᠭ ᠲᠡᠭᠦᠯᠳᠡᠷ᠎ᠢᠶᠡᠷ ᠬᠠᠷᠢᠭᠤᠴᠠᠯᠭ᠎ᠠ ᠡᠭᠦᠷᠭᠡᠯᠡᠬᠦ᠌ ᠬᠡᠷᠡᠯ ᠰᠠᠴᠤᠷᠠᠩᠭᠤᠶ ᠳᠦᠷᠢ ᠲᠥᠷᠬᠦ᠌᠎ᠶ᠋ᠢ ᠪᠣᠶ ᠪᠣᠯᠭᠠᠵᠤ᠂ ᠢᠳᠡᠪᠬᠢᠲᠡᠶ ᠥᠭᠡᠳᠡᠯᠡᠨ ᠳᠠᠪᠱᠢᠬᠤ ᠢᠳᠡᠪᠬᠢ ᠬᠦᠴᠦᠨ᠎ᠢ ᠳᠠᠮᠵᠢᠭᠤᠯᠬᠤ ᠬᠡᠷᠡᠭᠳᠡᠢ ᠭᠡᠵᠦ ᠲᠤᠷᠠᠳᠪᠠ᠃
ᠮᠡᠳᠡᠭ᠌ᠳᠡᠯ᠎ᠳᠦ᠂ ᠴᠠᠭᠠᠨ ᠰᠠᠷ᠎ᠠ ᠪᠠᠨ ᠪᠠᠶᠠᠷᠯᠠᠨ ᠪᠡᠯᠭᠡᠯᠡᠬᠦ᠌ ᠰᠠᠢ᠌ᠨ ᠰᠠᠢᠬᠠᠨ ᠪᠠᠢᠳᠠᠯ᠎ᠢ ᠭᠦᠨᠵᠡᠭᠡᠢ ᠤᠬᠠᠭᠤᠯᠬᠤ ᠬᠡᠷᠡᠭᠳᠡᠢ᠃ ᠡᠯ᠎ᠡ ᠭᠠᠵᠠᠷ᠎ᠤᠨ ᠬᠢᠨ᠎ᠦ ᠭᠣᠢᠳᠠ ᠰᠠᠢᠬᠠᠨ ᠪᠥᠭᠡᠳ ᠥᠪᠡᠷᠮᠢᠴᠡ ᠣᠨᠴᠠᠯᠢᠭ ᠪᠦᠬᠦᠢ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠪᠣᠯᠤᠨ ᠤᠯᠠᠮᠵᠢᠯᠠᠯᠲᠤ ᠠᠷᠠᠳ᠎ᠤᠨ ᠵᠠᠩ ᠦᠢᠯᠡ᠎ᠶ᠋ᠢᠨ ᠠᠵᠢᠯᠯᠠᠭ᠎ᠠ ᠥᠷᠨᠢᠭᠦᠯᠬᠦ᠌᠎ᠶ᠋ᠢ ᠤᠬᠠᠭᠤᠯᠵᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠦᠨ ᠬᠠᠩᠭᠠᠯᠭ᠎ᠠ᠎ᠶ᠋ᠢ ᠪᠠᠶᠠᠯᠢᠭ᠍ᠵᠢᠭᠤᠯᠤᠨ᠂ ᠥᠪᠡᠷᠮᠢᠴᠡ ᠣᠨᠴᠠᠯᠢᠭ ᠪᠦᠬᠦᠢ ᠰᠣᠶᠣᠯ ᠵᠢᠭᠤᠯᠴᠢᠯᠠᠯ ᠤᠨ ᠠᠵᠤ ᠦᠢᠯᠡᠰ᠎ᠢ ᠬᠥᠭ᠌ᠵᠢᠭᠦᠯᠵᠦ᠍᠂ ᠴᠠᠭᠠᠨ ᠰᠠᠷ᠎ᠠ᠎ᠶ᠋ᠢᠨ ᠥᠪᠡᠷᠮᠢᠴᠡ ᠰᠣᠶᠣᠯ᠎ᠤᠨ ᠷᠢᠳᠢ ᠱᠢᠳᠢ ᠶ᠋ᠢ ᠳᠡᠯᠭᠡᠨ ᠦᠵᠡᠭᠦᠯᠵᠦ᠍᠂ ᠡᠯ᠎ᠡ ᠭᠠᠵᠠᠷ ᠤᠨ ᠰᠣᠶᠣᠯ ᠤᠨ ᠠᠵᠢᠯᠯᠠᠭ᠎ᠠ ᠥᠷᠭᠡᠨ᠎ᠢᠶᠡᠷ ᠥᠷᠨᠢᠭ᠌ᠰᠡᠨ᠂ ᠣᠯᠠᠨ ᠲᠦᠮᠡᠨ᠎ᠦ ᠰᠣᠶᠣᠯ ᠤᠨ ᠠᠮᠢᠳᠤᠷᠠᠯ ᠲᠡᠭᠦᠯᠳᠡᠷᠵᠢᠭ᠌ᠰᠡᠨ ᠪᠠᠶᠠᠷᠯᠠᠭᠤᠱᠢᠲᠠᠶ ᠪᠠᠢᠳᠠᠯ᠎ᠢ ᠲᠤᠰᠭᠠᠬᠤ ᠬᠡᠷᠡᠭ᠌ᠲᠡᠶ ᠭᠡᠵᠦ ᠲᠤᠳᠤᠷᠬᠠᠢᠯᠠᠪᠠ᠃
ᠪᠣᠳᠠᠲᠠᠶ ᠲᠣᠬᠢᠷᠠᠭᠤᠯᠤᠯᠲᠠ᠎ᠶ᠋ᠢᠨ ᠲᠠᠯ᠎ᠠ᠎ᠪᠠᠷ᠂ ᠮᠡᠳᠡᠭ᠌ᠳᠡᠯ᠎ᠳᠦ᠂ 2026 ᠣᠨ᠎ᠤ 2 ᠰᠠᠷ᠎ᠠ᠎ᠶ᠋ᠢᠨ 2 ᠤ᠋ᠨ ᠡᠳᠦᠷ᠎ᠡᠴᠡ 3 ᠰᠠᠷ᠎ᠠ᠎ᠶ᠋ᠢᠨ 3 ᠤ᠋ ᠡᠳᠦᠷ ᠪᠣᠯᠲᠠᠯ᠎ᠠ᠂ ᠲᠥᠪ᠎ᠤᠨ ᠪᠠ ᠡᠯ᠎ᠡ ᠮᠤᠵᠢ ᠣᠷᠣᠨ ᠬᠣᠲᠠ᠎ᠶ᠋ᠢᠨ ᠭᠤᠤᠯ ᠪᠣᠯᠬᠤ ᠰᠣᠨᠢᠨ ᠮᠡᠳᠡᠭᠡᠨ᠎ᠦ ᠨᠢᠭᠡᠴᠢ ᠴᠢᠬᠤᠯᠠ ᠬᠡᠪᠯᠡᠯ᠎ᠦᠨ ᠨᠢᠭᠤᠷ ᠵᠢᠴᠢ ᠬᠠᠷᠢᠶ᠎ᠠ ᠱᠢᠨ᠎ᠡ ᠵᠠᠭᠤᠴᠢᠯᠠᠭᠤᠷ᠎ᠤᠨ ᠲᠠᠪᠴᠠᠩ᠎ᠤᠨ ᠲᠦᠷᠦᠭᠦᠦ ᠨᠢᠭᠤᠷ᠎ᠤᠨ ᠠᠩᠬᠠᠨ᠎ᠤ ᠳᠡᠯᠭᠡᠴᠡ᠎ᠳᠦ 《ᠬᠦᠳᠡᠭᠡ ᠨᠤᠲᠤᠭ᠎ᠤᠨ ᠴᠠᠭᠠᠨ ᠰᠠᠷ᠎ᠠ》 ᠭᠡᠬᠦ ᠲᠤᠰᠭᠠᠶ ᠪᠤᠯᠤᠩ᠎ᠢ ᠨᠢᠭᠡᠳᠦᠯᠲᠡᠶ ᠨᠡᠭᠡᠭᠡᠵᠦ᠂ ᠬᠡᠷᠡᠭ᠌ᠴᠡᠭᠡ᠎ᠪᠡᠨ ᠦᠨᠳᠦᠰᠦᠯᠡᠨ ᠣᠨᠴᠠᠯᠢᠭ᠍ᠲᠤ ᠬᠤᠪᠢᠶᠠᠷᠢ ᠪᠤᠯᠤᠩ ᠨᠡᠭᠡᠭᠡᠬᠦ ᠬᠡᠷᠡᠭᠳᠡᠢ᠃ ᠢᠨᠲ᠋ᠧᠷ ᠰᠦᠯᠵᠢᠶᠡᠨ᠎ᠦ ᠦᠭᠡ ᠬᠡᠯᠡ᠎ᠶ᠋ᠢ ᠬᠡᠷᠡᠭ᠌ᠯᠡᠬᠦ᠌᠂ ᠵᠠᠯᠠᠭᠤᠵᠢᠭᠤᠯᠤᠨ ᠬᠦᠦᠷᠨᠢᠬᠦ᠌᠂ ᠦᠯᠢᠭᠡᠷᠴᠢᠯᠡᠨ ᠤᠯᠠᠮᠵᠢᠯᠠᠬᠤ᠎ᠶ᠋ᠢ ᠵᠣᠷᠢᠭ᠍ᠵᠢᠭᠤᠯᠵᠤ᠂ ᠬᠦᠯᠢᠶᠡᠨ ᠠᠪᠤᠭ᠍ᠴᠢᠳᠯᠤᠭᠠ ᠬᠠᠷᠢᠯᠴᠠᠨ ᠬᠥᠳᠡᠯᠦᠯᠴᠡᠵᠦ᠍ ᠰᠣᠯᠢᠯᠴᠠᠬᠤ᠎ᠶ᠋ᠢ ᠴᠢᠩᠭᠠᠳᠭᠠᠨ᠂ ᠮᠡᠳᠡᠭᠡᠯᠡᠯ᠎ᠦᠨ᠎ᠢᠶᠡᠨ ᠵᠣᠬᠢᠶᠠᠯ᠎ᠤᠨ ᠰᠤᠷᠲᠠᠯ᠎ᠢ ᠦᠨᠡᠨ ᠬᠦ᠌ ᠰᠠᠢᠵᠢᠷᠠᠭᠤᠯᠬᠤ ᠬᠡᠷᠡᠭᠳᠡᠢ ᠭᠡᠵᠦ ᠮᠡᠳᠡᠭᠳᠡᠨ ᠴᠢᠬᠤᠯᠠᠴᠢᠯᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 1 ᠤ᠋ ᠴᠠᠬᠢᠯᠭᠠᠨ ᠮᠡᠳᠡᠭᠡ)