ᠪᠦᠦ ᠰᠢᠶᠠᠨ ᠬᠤᠸᠠ ᠶᠠᠷᠢᠶ᠎ᠠ ᠲᠠᠯᠪᠢᠵᠠᠢ
1 ᠰᠠᠷ᠎ᠠ᠎ᠶᠢᠨ 31 ᠤ᠋ ᠡᠳᠦᠷ᠂ ᠪᠦᠬᠦ ᠣᠷᠣᠨ᠎ᠤ 《 ᠱᠠᠯᠢᠭ᠋ ᠵᠠᠪᠬᠠᠢ ᠵᠦᠢᠯᠡᠰ᠎ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ᠎ᠳᠦ ᠴᠣᠬᠢᠯᠲᠠ ᠥᠭᠬᠦ》ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ ᠡᠴᠡ ᠪᠦᠬᠦ ᠤᠯᠤᠰ᠎ᠤᠨ 《ᠱᠠᠯᠢᠭ᠋ ᠵᠠᠪᠬᠠᠢ ᠵᠦᠢᠯᠡᠰ᠎ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ᠎ᠳᠦ ᠴᠣᠬᠢᠯᠲᠠ ᠥᠭᠬᠦ》 ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠠᠷᠠᠭᠠᠴᠢ᠎ᠶᠢᠨ ᠠᠯᠬᠤᠮ᠎ᠤᠨ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠬᠤᠷᠠᠯ ᠡᠴᠡ᠂ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ᠎ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠰᠢ᠎ᠶᠢᠨ ᠫᠢᠩ ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠢ᠋ᠢᠨ 《1571》ᠠᠵᠢᠯ ᠤᠨ ᠪᠠᠢᠷᠢᠯᠠᠭᠤᠯᠤᠯᠲᠠ᠎ᠶᠢ ᠬᠢᠨᠠᠮᠠᠭᠠᠢ ᠨᠠᠢᠳᠠᠪᠤᠷᠢᠵᠢᠭᠤᠯᠤᠨ᠂ ᠳᠤᠮᠳᠠᠳᠤ᠎ᠶᠢᠨ ᠦᠨᠳᠦᠰᠦᠲᠡᠨ ᠤ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ ᠴᠤᠬᠴᠠᠯᠠᠬᠤ ᠪᠡᠷ ᠭᠣᠣᠯ ᠰᠢᠵᠢᠮ ᠪᠣᠯᠭᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠦᠨ᠂ ᠬᠠᠤᠯᠢ ᠪᠤᠰᠤ᠎ᠪᠠᠷ ᠬᠡᠪᠯᠡᠨ ᠲᠠᠮᠵᠢᠭᠤᠯᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠰᠣᠶᠣᠯ ᠤᠨ ᠬᠦᠴᠦᠷᠬᠡᠭ ᠣᠷᠣᠨ ᠢ ᠪᠦᠲᠦᠭᠡᠨ ᠪᠠᠶ᠋ᠢᠭᠤᠯᠬᠤ᠎ᠶᠢ ᠠᠬᠢᠭᠤᠯᠬᠤ᠎ᠳᠤ ᠡᠷᠡᠭᠦᠯ ᠥᠭᠡᠳᠡᠷᠬᠡᠭ ᠨᠡᠢᠭᠡᠮ ᠤᠨ ᠰᠣᠶᠣᠯ ᠤᠨ ᠣᠷᠴᠢᠨ ᠠᠬᠤᠢ ᠵᠢ ᠪᠤᠢ ᠪᠣᠯᠭᠠᠬᠤ ᠬᠡᠷᠡᠭᠲᠡᠢ᠃ ᠭᠣᠣᠯᠳᠠᠯᠭ᠎ᠠ᠎ᠲᠠᠢ ᠬᠦᠷᠢᠶᠡᠨ᠎ᠳᠡᠬᠢ ᠴᠡᠭᠴᠡᠯᠡᠨ ᠵᠠᠰᠠᠬᠤ ᠡᠭᠦᠷᠭᠡ᠎ᠶᠢ ᠭᠦᠨᠵᠡᠭᠡᠢ ᠠᠬᠢᠭᠤᠯᠵᠤ᠂ ᠱᠠᠯᠢᠭ᠋ ᠵᠠᠪᠬᠠᠢ ᠵᠦᠢᠯᠡᠰ᠎ᠢ ᠲᠠᠮᠵᠢᠭᠤᠯᠬᠤ᠂ ᠬᠤᠯᠠᠭᠠᠢᠯᠠᠨ ᠬᠡᠪᠯᠡᠭᠦᠯᠬᠦ ᠵᠡᠷᠭᠡ ᠬᠠᠤᠯᠢ ᠠ᠋ᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠰᠦᠯᠵᠢᠶᠡᠨ᠎ᠦ ᠰᠣᠶᠣᠯ᠎ᠤᠨ ᠣᠷᠴᠢᠨ ᠲᠣᠭᠣᠷᠢᠨ᠎ᠢ ᠦᠷᠭᠦᠯᠵᠢᠯᠡᠨ ᠴᠡᠪᠡᠷᠰᠢᠭᠦᠯᠵᠦ᠂ ᠬᠢᠨᠠᠨ ᠬᠠᠮᠢᠶᠠᠷᠬᠤ ᠦᠢᠯᠡᠴᠢᠯᠡᠭᠡᠨ᠎ᠦ ᠲᠦᠪᠰᠢᠨ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠠᠵᠢᠯ᠎ᠤᠨ ᠲᠣᠭᠲᠠᠴᠠ᠎ᠶᠢᠨ ᠦᠢᠯᠡᠳᠦᠯ᠎ᠢ ᠦᠨᠡᠨᠬᠦ ᠪᠠᠳᠠᠷᠠᠭᠤᠯᠵᠤ᠂ ᠠᠵᠢᠯ᠎ᠤᠨ ᠬᠠᠮᠲᠤᠷᠠᠯ ᠬᠦᠴᠦᠨ᠎ᠢ ᠨᠡᠮᠡᠭᠳᠡᠭᠦᠯᠵᠦ᠂ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ 《ᠱᠠᠯᠢᠭ᠋ ᠵᠠᠪᠬᠠᠢ ᠵᠦᠢᠯᠡᠰ᠎ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ᠎ᠳᠦ ᠴᠣᠬᠢᠯᠲᠠ ᠥᠭᠬᠦ》 ᠠᠵᠢᠯ᠎ᠤᠨ ᠦᠷ᠎ᠡ ᠪᠦᠲᠦᠮᠵᠢ᠎ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃