ᠳᠤᠮᠳᠠᠳᠦ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠳᠣᠯᠣᠳᠤᠭᠠᠷ ᠬᠤᠭᠤᠴᠠᠭᠠᠨ᠎ᠤ ᠵᠢᠷᠭᠤᠳᠤᠭᠠᠷ ᠤᠳᠠᠭ᠎ᠠ᠎ᠶ᠋ᠢᠨ ᠪᠦᠬᠦ᠌ ᠭᠡᠱᠢᠭᠦᠳ ( ᠥᠷᠭᠡᠳᠭᠡᠭ᠌ᠰᠡᠨ )᠎ᠦᠨ ᠬᠤᠷᠠᠯ ᠬᠤᠷᠠᠯᠳᠤᠪᠠ
2026-02-03 10:52:37
ᠵᠣᠬᠢᠶᠠᠭ᠍ᠴᠢ᠄
​ ᠰᠦᠩ ᠱᠤᠸᠠᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 1 ᠤ᠋ ᠡᠳᠦᠷ᠂ ᠳᠤᠮᠳᠠᠳᠦ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠳᠣᠯᠣᠳᠤᠭᠠᠷ ᠬᠤᠭᠤᠴᠠᠭᠠᠨ᠎ᠤ ᠵᠢᠷᠭᠤᠳᠤᠭᠠᠷ ᠤᠳᠠᠭ᠎ᠠ᠎ᠶ᠋ᠢᠨ ᠪᠦᠬᠦ᠌ ᠭᠡᠱᠢᠭᠦᠳ (ᠥᠷᠭᠡᠳᠭᠡᠭ᠌ᠰᠡᠨ) ᠎ᠦᠨ ᠬᠤᠷᠠᠯ ᠬᠥᠬᠡᠬᠣᠲᠠ᠎ᠳᠤ ᠬᠤᠷᠠᠯᠳᠤᠪᠠ᠃

ᠬᠤᠷᠠᠯ᠎ᠠᠴᠠ᠂ 2025 ᠣᠨ᠎ᠳᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠳᠤᠤᠷ᠎ᠠ᠂ ᠪᠥᠬᠥ᠌ ᠣᠷᠣᠨ᠎ᠤ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠭᠡᠱᠢᠭᠦᠨ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠠᠮᠵᠢᠯᠲᠠ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠨᠠᠩ ᠥᠷᠭᠡᠨ ᠳᠡᠯᠭᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠣᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠪᠠ᠃ 2026 ᠣᠨ᠎ᠳᠤ᠂ ᠪᠥᠬᠥ᠌ ᠣᠷᠣᠨ᠎ᠤ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠤᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠣᠯᠭ᠎ᠠ᠎ᠪᠠᠨ ᠴᠢᠩᠭᠠᠳᠭᠠᠵᠤ᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠬᠠᠮᠲᠤ᠎ᠶ᠋ᠢᠨ ᠲᠠᠨᠢᠯᠲᠠ᠎ᠪᠠᠨ ᠥᠷᠭᠡᠨ᠎ᠢᠶᠡᠷ ᠨᠢᠭ᠍ᠲᠠᠷᠠᠭᠤᠯᠵᠤ᠂ ᠢᠳᠡᠪᠬᠢᠲᠡᠶ᠎ᠪᠡᠷ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠳᠤᠮᠳᠠᠳᠤ ᠤᠯᠤᠰ᠎ᠤᠨ ᠮᠠᠶᠢ᠍ᠭ᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠠᠷᠠᠳᠴᠢᠯᠠᠯ ᠵᠢᠡᠷ ᠤᠯᠤᠰ ᠵᠢᠡᠨ ᠪᠠᠢᠭᠤᠯᠬᠤ ᠬᠤᠷᠠᠯ᠎ᠤᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号