ᠰᠤᠷᠪᠤᠯᠵᠢᠯᠠᠬᠴᠢ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠤᠭ᠎ᠠ ᠪᠦᠷᠢᠳᠭᠡᠯ ᠤ᠋ᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ 2025 ᠣᠨ ᠳ᠋ᠤ ᠦᠪᠦᠷ ᠮᠤᠨᠭᠭᠤᠯ ᠤ᠋ᠨ ᠤᠷᠤᠨ ᠨᠤᠲᠤᠭ ᠤ᠋ᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ 26710 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠬᠢ ᠡᠴᠡ 4.7% ᠪᠡᠷ ᠨᠡᠮᠡᠭ᠌ᠳᠡᠪᠡ᠃ ᠡᠭᠦᠨ ᠳ᠋ᠤ᠂ ᠨᠢᠭᠡᠳᠦᠭᠡᠷ ᠠᠵᠤ ᠦᠢᠯᠡᠰ ᠤ᠋ᠨ ᠨᠡᠮᠡᠭ᠌ᠳᠡᠯ ᠥᠷᠲᠡᠭ 3037 ᠳ᠋ᠦᠩᠱᠢᠭᠤᠷ ᠲᠥᠭᠥᠷᠢᠭ ᠲᠦ᠍ ᠬᠦᠷᠴᠦ᠂ 5% ᠪᠡᠷ ᠨᠡᠮᠡᠭ᠌ᠳᠡᠪᠡ; ᠬᠣᠶᠠᠳᠤᠭᠠᠷ ᠠᠵᠤ ᠦᠢᠯᠡᠰ ᠤ᠋ᠨ ᠨᠡᠮᠡᠭ᠌ᠳᠡᠯ ᠥᠷᠲᠡᠭ 11293 ᠳ᠋ᠦᠩᠱᠢᠭᠤᠷ ᠲᠥᠭᠥᠷᠢᠭ ᠲᠦ᠍ ᠬᠦᠷᠴᠦ᠂ 5.5% ᠪᠡᠷ ᠨᠡᠮᠡᠭ᠌ᠳᠡᠪᠡ; ᠭᠤᠷᠪᠠᠳᠤᠭᠠᠷ ᠠᠵᠤ ᠦᠢᠯᠡᠰ ᠤ᠋ᠨ ᠨᠡᠮᠡᠭ᠌ᠳᠡᠯ ᠥᠷᠲᠡᠭ 12381 ᠳ᠋ᠦᠩᠱᠢᠭᠤᠷ ᠲᠥᠭᠥᠷᠢᠭ ᠲᠦ᠍ ᠬᠦᠷᠴᠦ᠂ 4% ᠪᠡᠷ ᠨᠡᠮᠡᠭ᠌ᠳᠡᠪᠡ᠃
2025 ᠣᠨ ᠳ᠋ᠤ᠂ ᠣᠷᠣᠨ ᠳᠠᠶᠠᠭᠠᠷ ᠢ᠋ᠶ᠋ᠡᠨ ᠲᠣᠭ᠍ᠲᠠᠭᠤᠨ ᠤ᠋ ᠳᠤᠮᠳᠠ ᠤᠷᠤᠭ᠍ᠰᠢᠯᠠᠨ ᠳᠠᠪᠱᠢᠬᠤ ᠠᠵᠢᠯ ᠤ᠋ᠨ ᠶᠡᠷᠦᠩᠬᠡᠶ ᠬᠥᠭ ᠠᠶᠠᠰ ᠢ᠋ ᠪᠠᠷᠢᠮᠲᠠᠯᠠᠨ᠂ ᠨᠠᠩ ᠢᠳᠡᠪᠬᠢᠲᠡᠶ ᠬᠣᠷᠸ᠎ᠠ ᠲᠥᠷᠥ ᠶ᠋ᠢᠨ ᠪᠣᠳᠣᠯᠭ᠎ᠠ ᠵᠢ ᠨᠠᠢᠳᠠᠪᠤᠷᠢᠵᠢᠭᠤᠯᠵᠤ᠂ ᠠᠵᠢᠯ ᠣᠯᠭᠣᠯᠲᠠ ᠵᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ ᠢ᠋ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ ᠢ᠋ ᠲᠣᠭ᠍ᠲᠠᠪᠤᠷᠢᠵᠢᠭᠤᠯᠬᠤ᠂ ᠵᠢᠱ᠌ᠢᠯᠲᠡ ᠵᠢ ᠲᠣᠭ᠍ᠲᠠᠪᠤᠷᠢᠵᠢᠭᠤᠯᠬᠤ ᠠᠵᠢᠯ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠰᠠᠢᠲᠤᠷ ᠬᠢᠵᠦ᠍᠂ ᠠᠵᠤ ᠠᠬᠤᠶ ᠶ᠋ᠢᠨ ᠨᠡᠮᠡᠭ᠌ᠳᠡᠯ ᠤ᠋ᠨ ᠰᠠᠭᠤᠷᠢ ᠦᠷᠭᠦᠯᠵᠢᠯᠡᠨ ᠪᠡᠬᠢᠵᠢᠵᠦ᠍᠂ ᠶᠠᠰᠤ ᠴᠢᠨᠠᠷ ᠦᠷ᠎ᠡ ᠠᠱᠢᠭ ᠦᠷᠭᠦᠯᠵᠢᠯᠡᠨ ᠳᠡᠭᠡᠭ᠌ᠰᠢᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠡᠭᠦᠰ ᠠᠮᠵᠢᠯᠲᠠ ᠲᠠᠢ ᠰᠡᠭᠦᠯ ᠬᠤᠷᠢᠶᠠᠬᠤ ᠵᠢ ᠪᠡᠶᠡᠯᠡᠭᠦᠯᠪᠡ᠃
2025 ᠤᠨ ᠳ᠋ᠤ᠂ ᠪᠥᠬᠥ᠌ ᠣᠷᠣᠨ ᠤ᠋ ᠠᠮᠤ ᠪᠤᠳᠠᠭᠠᠨ ᠤ᠋ ᠶᠡᠷᠦᠩᠬᠡᠶ ᠤᠨᠠᠯᠲᠠ 840.7 ᠳ᠋ᠦᠩᠱᠢᠭᠤᠷ ᠵᠢᠩ ᠳ᠋ᠤ ᠬᠦᠷᠴᠦ᠍᠂ ᠳᠡᠭᠡᠷ᠎ᠡ ᠵᠢᠯ ᠤ᠋ᠨ ᠬᠢ ᠡᠴᠡ 2.5% ᠪᠡᠷ ᠨᠡᠮᠡᠭ᠌ᠳᠡᠵᠦ᠍᠂ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠵᠢ ᠪᠡᠶᠡᠯᠡᠭᠦᠯᠪᠡ᠃ ᠮᠠᠯ ᠤ᠋ᠨ ᠠᠱᠢᠭ ᠱᠢᠮ᠎ᠡ ᠶ᠋ᠢᠨ ᠬᠠᠩᠭᠠᠯᠭ᠎ᠠ ᠶ᠋ᠢᠨ ᠴᠢᠳᠠᠪᠤᠷᠢ ᠦᠷᠭᠦᠯᠵᠢᠯᠡᠨ ᠳᠡᠭᠡᠭ᠌ᠰᠢᠯᠡᠵᠦ᠂ ᠪᠥᠬᠥ᠌ ᠣᠷᠣᠨ ᠤ᠋ ᠭᠠᠬᠠᠶ ᠦᠬᠡᠷ ᠬᠣᠨᠢ ᠵᠢᠭᠦᠷᠲᠡᠨ ᠤ᠋ ᠮᠢᠬᠠᠨ ᠤ᠋ ᠭᠠᠷᠤᠯᠲᠠ 315.8 ᠲᠦᠮᠡᠨ ᠲᠣᠨ ᠳ᠋ᠤ ᠬᠦᠷᠴᠦ᠍᠂ ᠳᠡᠭᠡᠷ᠎ᠡ ᠵᠢᠯ ᠤ᠋ᠨ ᠬᠢ ᠡᠴᠡ 5% ᠪᠡᠷ ᠨᠡᠮᠡᠭ᠌ᠳᠡᠪᠡ᠃ ᠪᠥᠬᠥ᠌ ᠣᠷᠣᠨ ᠤ᠋ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠨᠡᠮᠡᠭ᠌ᠳᠡᠯ ᠥᠷᠲᠡᠭ ᠳᠡᠭᠡᠷ᠎ᠡ ᠵᠢᠯ ᠤ᠋ᠨ ᠬᠢ ᠡᠴᠡ 6.7% ᠪᠡᠷ ᠨᠡᠮᠡᠭ᠌ᠳᠡᠵᠦ᠂ ᠡᠭᠦᠨ ᠳ᠋ᠤ ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠱᠢᠨ᠎ᠡ ᠪᠡᠷ ᠮᠠᠨᠳᠤᠬᠰᠠᠨ ᠠᠵᠤ ᠦᠶ᠋ᠯᠡᠰ᠂ ᠳᠡᠭᠡᠳᠦ ᠮᠡᠷᠭᠡᠵᠢᠯ ᠤ᠋ᠨ ᠦᠶ᠋ᠯᠡᠳᠬᠦ᠌ ᠦᠶ᠋ᠯᠡᠰ᠂ ᠣᠲᠣ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠶ᠋ᠯᠡᠳᠪᠦᠷᠢ᠂ ᠬᠣᠪᠣᠷ ᠱᠢᠷᠣᠶ ᠶ᠋ᠢᠨ ᠠᠵᠤ ᠦᠶ᠋ᠯᠡᠰ ᠤ᠋ᠨ ᠨᠡᠮᠡᠭ᠌ᠳᠡᠯ ᠥᠷᠲᠡᠭ ᠳᠡᠭᠡᠷ᠎ᠡ ᠵᠢᠯ ᠤ᠋ᠨ ᠬᠢ ᠡᠴᠡ ᠲᠣᠰ ᠲᠣᠰ 9.4%᠂ 17.5%᠂ 39.6% ᠪᠠ 32% ᠢ᠋ᠶ᠋ᠡᠷ ᠨᠡᠮᠡᠭ᠌ᠳᠡᠪᠡ᠃ ᠪᠥᠬᠥ᠌ ᠣᠷᠣᠨ ᠤ᠋ ᠦᠶ᠋ᠯᠡᠴᠢᠯᠡᠭᠡᠨ ᠤ᠋ ᠦᠶ᠋ᠯᠡᠰ ᠤ᠋ᠨ ᠨᠡᠮᠡᠭ᠌ᠳᠡᠯ ᠥᠷᠲᠡᠭ ᠳᠡᠭᠡᠷ᠎ᠡ ᠵᠢᠯ ᠤ᠋ᠨ ᠬᠢ ᠡᠴᠡ 4% ᠪᠡᠷ ᠨᠡᠮᠡᠭ᠌ᠳᠡᠵᠦ᠂ ᠡᠭᠦᠨ ᠳ᠋ᠤ ᠪᠥᠭᠡᠮ ᠢ᠋ᠶ᠋ᠡᠷ ᠪᠤᠷᠤᠯᠠᠭᠤᠯᠬᠤ ᠪᠠ ᠵᠢᠵᠢᠭ᠌ᠯᠡᠨ ᠪᠤᠷᠤᠯᠠᠭᠤᠯᠬᠤ ᠦᠶ᠋ᠯᠡᠰ᠂ ᠬᠥᠮᠥᠷᠭᠡᠯᠡᠨ ᠬᠠᠳᠠᠭᠠᠯᠠᠬᠤ ᠪᠠ ᠱᠢᠤᠳᠠᠨ ᠤ᠋ ᠦᠶ᠋ᠯᠡᠰ᠂ ᠬᠣᠨᠣᠭ ᠪᠠᠭᠤᠳᠠᠯ ᠪᠠ ᠢᠳᠡᠭᠡᠨ ᠤᠮᠳᠠᠭᠠᠨ ᠤ᠋ ᠦᠶ᠋ᠯᠡᠰ ᠤ᠋ᠨ ᠨᠡᠮᠡᠭᠳᠡᠯ ᠦᠷᠲᠡᠭ ᠲᠤᠰ ᠲᠤᠰ 4.9%᠂ 5.4%᠂ 2.9% ᠪᠡᠷ ᠨᠡᠮᠡᠭ᠌ᠳᠡᠪᠡ᠃ ᠪᠥᠬᠥ᠌ ᠣᠷᠣᠨ ᠤ᠋ ᠲᠣᠭ᠍ᠲᠠᠮᠠᠯ ᠬᠥᠷᠥᠩᠭᠡ ᠶ᠋ᠢᠨ ᠪᠠᠯᠠ ᠣᠷᠣᠭᠤᠯᠤᠯᠲᠠ (ᠲᠠᠷᠢᠶᠠᠯᠠᠬᠤ ᠡᠷᠦᠬᠡ ᠵᠢ ᠪᠠᠭ᠍ᠲᠠᠭᠠᠬᠤ ᠥᠬᠡᠶ) ᠳᠡᠭᠡᠷ᠎ᠡ ᠵᠢᠯ ᠤ᠋ᠨ ᠬᠢ ᠡᠴᠡ 4% ᠪᠡᠷ ᠨᠡᠮᠡᠭ᠌ᠳᠡᠵᠦ᠂ ᠲᠣᠭ᠍ᠲᠠᠮᠠᠯ ᠬᠥᠷᠥᠩᠭᠡ ᠶ᠋ᠢᠨ ᠪᠡᠯᠡ ᠣᠷᠣᠭᠤᠯᠤᠯᠲᠠ ᠶ᠋ᠢᠨ ᠬᠡᠪᠴᠢᠶ᠎ᠡ ᠦᠷᠭᠦᠯᠵᠢᠯᠡᠨ ᠥᠷᠭᠡᠳᠪᠡ᠃ ᠪᠥᠬᠥ᠌ ᠣᠷᠣᠨ ᠤ᠋ ᠨᠡᠢᠭᠡᠮ ᠤ᠋ᠨ ᠬᠡᠷᠡᠭ᠌ᠯᠡᠭᠡᠨ ᠤ᠋ ᠪᠤᠳᠠᠰ ᠢ᠋ ᠵᠢᠵᠢᠭᠯᠡᠨ ᠪᠤᠷᠤᠯᠠᠭᠤᠯᠤᠬᠰᠠᠨ ᠶᠡᠷᠦᠩᠬᠡᠶ ᠬᠡᠮᠵᠢᠶ᠎ᠡ 5375.5 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠬᠢ ᠡᠴᠡ 4.3% ᠪᠡᠷ ᠨᠡᠮᠡᠭ᠌ᠳᠡᠵᠦ᠂ ᠬᠡᠷᠡᠭ᠌ᠯᠡᠭᠡ ᠵᠢᠨ ᠵᠠᠬ᠎ᠠ ᠳᠡᠯᠭᠡᠭᠦᠷ ᠲᠣᠭ᠍ᠲᠠᠭᠤᠨ ᠠᠵᠢᠯᠯᠠᠭᠠᠨ ᠢ᠋ ᠪᠠᠲᠤᠯᠠᠪᠠ᠃ ᠪᠥᠬᠥ᠌ ᠣᠷᠣᠨ ᠤ᠋ ᠪᠥᠬᠥ᠌ ᠰᠠᠭᠤᠭᠠᠯᠢ ᠠᠷᠠᠳ ᠤ᠋ᠨ ᠬᠥᠮᠦᠨ ᠳᠤᠮᠳᠠᠴᠢ ᠶ᠋ᠢᠨ ᠡᠵᠡᠮᠳᠡᠵᠦ᠍ ᠪᠣᠯᠬᠤ ᠣᠷᠣᠯᠭ᠎ᠠ 41921 ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠬᠢ ᠡᠴᠡ 4.6% ᠪᠡᠷ ᠨᠡᠮᠡᠭ᠌ᠳᠡᠵᠦ᠍᠂ ᠠᠵᠤ ᠠᠬᠤᠶ ᠶ᠋ᠢᠨ ᠨᠡᠮᠡᠭ᠌ᠳᠡᠯ ᠲᠠᠢ ᠦᠨᠳᠦᠰᠦᠨ ᠳ᠋ᠡᠭᠡᠨ ᠠᠳᠠᠯᠢ ᠪᠣᠯᠪᠠ᠃