ᠦᠪᠤᠷ ᠮᠤᠨᠭᠭᠤᠯ ᠤ᠋ᠨ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠬᠡᠷᠡᠳᠤ ᠪᠡᠯᠡ ᠬᠤᠷᠠᠮᠳᠤᠭᠤᠯᠭ᠎ᠠ ᠢ᠋ᠢᠨ ᠠᠵᠢᠯ ᠲᠤᠪᠤᠢᠮ᠎ᠠ ᠦᠷ᠎ᠡ ᠪᠦᠳᠦᠮᠵᠢ ᠤᠯᠵᠠᠢ
2026-02-03 09:47:00
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

2025 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥ᠎ᠶ᠋ᠢᠨ ᠪᠣᠳᠣᠯᠭ᠎ᠠ᠎ᠶ᠋ᠢᠨ ᠴᠢᠳᠠᠮᠵᠢ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠷᠡᠳᠤ ᠪᠠᠯᠠ ᠬᠤᠷᠠᠮᠳᠤᠭᠤᠯᠭ᠎ᠠ ᠪᠠᠷ ᠭᠠᠷᠳᠠᠴᠠ ᠪᠣᠯᠭᠠᠨ᠂ ᠪᠠᠩᠬᠢ ᠠᠵᠤ ᠠᠬᠤᠢᠯᠠᠯ᠎ᠢ ᠵᠣᠯᠭᠠᠭᠤᠯᠬᠤ ᠬᠥᠭᠥᠷᠭᠡ᠎ᠶ᠋ᠢ ᠪᠠᠢᠭᠤᠯᠵᠤ᠂ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠭᠤ ᠪᠠ ᠲᠣᠭᠠᠴᠢᠯᠠᠯᠲᠠ᠎ᠪᠠᠷ ᠴᠢᠳᠠᠮᠵᠢ ᠣᠯᠭᠣᠬᠤ᠎ᠶ᠋ᠢ ᠴᠢᠩᠭᠠᠳᠭᠠᠨ᠂ ᠪᠥᠬᠥ᠌ ᠵᠢᠯ᠎ᠳᠦ ᠳᠤᠮᠳᠠ ᠪᠠᠭ᠎ᠠ ᠵᠢᠵᠢᠭ ᠠᠵᠤ ᠠᠬᠤᠢᠯᠠᠯ (ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠩᠭᠠᠯᠭ᠎ᠠ᠎ᠶ᠋ᠢᠨ ᠬᠤᠳᠠᠯᠳᠤᠭᠠᠴᠢᠨ) ᠎ᠳ᠋ᠤ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠬᠡᠷᠡᠳᠤ ᠪᠡᠯᠡ ᠬᠤᠷᠠᠮᠳᠤᠭᠤᠯᠭ᠎ᠠ ᠢ᠋ᠢ 8.59 ᠳ᠋ᠦᠩᠱᠢᠭᠤᠷ ᠲᠥᠭᠥᠷᠢᠭ ᠬᠠᠩᠭᠠᠵᠤ᠂ ᠤᠳᠤ ᠪᠤᠯᠳᠠᠯ᠎ᠡ ᠨᠡᠢᠲᠡ 24.4 ᠳ᠋ᠦᠩᠱᠢᠭᠤᠷ ᠲᠥᠭᠥᠷᠢᠭ ᠪᠤᠯᠵᠤ᠂ ᠨᠢᠭᠡ ᠪᠦᠯᠦᠭ ᠳᠤᠮᠳᠠ ᠪᠠᠭ᠎ᠠ ᠵᠢᠵᠢᠭ ᠠᠵᠤ ᠠᠬᠤᠢᠯᠠᠯ᠎ᠤ᠋ᠨ ᠬᠦᠭᠵᠢᠯᠳᠡ ᠳ᠋ᠤ᠌ ᠠᠮᠢᠵᠢᠷᠠᠯ᠎ᠤᠨ ᠬᠦᠴᠦᠨ ᠤᠯᠭᠤᠪᠠ᠃

ᠣᠢᠷ᠎ᠠ᠎ᠶ᠋ᠢᠨ ᠵᠢᠯ᠎ᠡᠴᠡ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠤᠨ ᠬᠢᠨ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ ᠠᠷᠭ᠎ᠠ ᠵᠠᠮ ᠢᠪᠴᠤᠤ ᠵᠡᠷᠭᠡ ᠠᠰᠠᠭᠤᠳᠡᠯ ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠭ ᠤ᠋ᠨ ᠤᠷᠳᠤᠨ ᠤ᠋ ᠬᠤᠳᠠᠯᠳᠤᠨ ᠠᠪᠬᠤ ᠬᠡᠷᠡᠳᠤ ᠪᠡᠯᠡ ᠬᠤᠷᠠᠮᠳᠤᠭᠤᠯᠭ᠎ᠠ ᠢ᠋ᠢᠨ ᠦᠶ᠋ᠯᠡᠴᠢᠯᠡᠭᠡᠨ᠎ᠦ ᠱᠢᠰᠲ᠋ᠧᠮ᠎ᠢ᠋ ᠲᠠᠰᠤᠷᠠᠯᠲᠠ ᠥᠬᠡᠶ ᠲᠡᠭᠦᠯᠳᠡᠷᠵᠢᠭᠦᠯᠪᠡ᠃ 《ᠵᠠᠬ᠎ᠠ ᠳᠡᠯᠭᠡᠭᠦᠷ᠎ᠢᠶᠡᠷ ᠭᠤᠤᠯᠯᠠᠭᠤᠯᠬᠤ᠂ ᠡᠳ᠋᠎ᠦᠨ ᠵᠠᠰᠠᠭ᠎ᠠᠴᠠ ᠬᠥᠲᠥᠯᠦᠨ ᠵᠢᠯᠣᠭᠣᠳᠭᠤ᠂ ᠪᠠᠩᠬᠢ ᠪᠠ ᠠᠵᠤ ᠠᠬᠤᠢᠯᠠᠯ ᠰᠠᠢᠨ ᠳᠤᠷ᠎ᠠ᠎ᠠᠴᠠ᠎ᠪᠠᠨ ᠤᠷᠤᠯᠴᠠᠬᠤ᠂ ᠲᠦᠭ᠌ᠰᠢᠭᠦᠷᠢ᠎ᠶ᠋ᠢ ᠥᠪᠡᠰᠦᠪᠡᠨ ᠡᠭᠦᠷᠭᠡᠯᠡᠬᠦ᠌》 ᠠᠵᠢᠯ᠎ᠤᠨ ᠲᠣᠭ᠍ᠲᠠᠴᠠ᠎ᠶ᠋ᠢ ᠪᠠᠢᠭᠤᠯᠬᠤ᠎ᠪᠠᠷ ᠳᠠᠮᠵᠢᠭᠤᠯᠤᠨ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠭᠦᠯᠡᠨ ᠲᠠᠪᠴᠠᠩ ᠬᠢᠭᠡᠳ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠮᠡᠳᠡᠭᠡ ᠵᠠᠩᠭᠢᠵᠢᠯᠲᠠ᠎ᠶ᠋ᠢᠨ ᠱᠢᠰᠲ᠋ᠧᠮ ᠢ᠋ ᠠᠬᠢᠭᠤᠯᠵᠤ᠂ ᠡᠳ᠋᠎ᠦᠨ ᠵᠠᠰᠠᠭ᠎ᠤᠨ ᠲᠥᠰᠦᠪ᠂ ᠤᠯᠤᠰ᠎ᠤᠨ ᠬᠥᠮᠥᠷᠭᠡ᠎ᠶ᠋ᠢᠨ ᠲᠣᠭᠠᠴᠠᠭ᠎ᠠ ᠬᠢᠬᠦ᠌ ᠱᠢᠰᠲ᠋ᠧᠮ᠎ᠯᠦᠭᠡ ᠭᠦᠨᠵᠡᠭᠡᠶ ᠵᠤᠯᠭᠠᠯᠴᠠᠭᠤᠯᠵᠤ᠂ ᠭᠡᠷ᠎ᠡ᠎ᠶ᠋ᠢ ᠪᠦᠷᠢᠳᠭᠡᠨ ᠳᠠᠩᠰᠠᠯᠠᠬᠤ᠂ ᠪᠠᠯᠠ ᠬᠤᠷᠠᠮᠳᠤᠭᠤᠯᠬᠤ ᠪᠡᠷ ᠭᠤᠶᠤᠴᠢᠯᠠᠬᠤ᠂ ᠬᠢᠨᠠᠨ ᠬᠠᠷᠭᠤᠭᠤᠯᠵᠤ ᠵᠢᠭᠡᠯᠡᠯᠭᠡ ᠲᠠᠯᠪᠢᠬᠤ᠂ ᠪᠠᠯᠠ ᠮᠥᠩᠭᠥ᠎ᠪᠡᠷ ᠲᠣᠭᠠᠴᠠᠭ᠎ᠠ ᠬᠢᠬᠦ᠌᠂ ᠵᠢᠭᠡᠯᠡᠯᠭᠡ ᠪᠤᠴᠠᠭᠠᠬᠤ ᠪᠥᠬᠥ᠌ ᠶᠠᠪᠤᠴᠡ ᠢ᠋ᠢᠨ ᠲᠠᠯ᠎ᠠ᠎ᠪᠠᠷ ᠪᠢᠳᠡᠬᠦᠮᠵᠢᠯᠡᠭᠰᠡᠨ ᠬᠠᠮᠢᠶᠠᠷᠤᠯᠳᠡ ᠢ᠋ᠢ ᠪᠡᠶᠡᠯᠡᠭᠦᠯᠦᠨ᠂ ᠪᠠᠯᠠ ᠬᠤᠷᠠᠮᠳᠤᠭᠤᠯᠬᠤ ᠭᠠᠷᠳᠠᠮ᠎ᠢ ᠦᠨᠳᠦᠰᠦᠨ᠎ᠡᠴᠡ᠎ᠨᠢ ᠳᠥᠭᠥᠮᠴᠢᠯᠡᠵᠦ᠍᠂ ᠵᠢᠭᠡᠯᠡᠯᠭᠡ ᠲᠠᠯᠪᠢᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠣᠳᠣᠬᠠᠨ᠎ᠳᠤ ᠪᠥᠬᠥ᠌ ᠣᠷᠣᠨ ᠨᠢᠭᠡᠨᠲᠡ 21 ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠲᠠᠶ ᠲᠣᠭ᠍ᠲᠠᠪᠤᠷᠢᠲᠠᠶ ᠬᠠᠮᠲᠤᠷᠠᠯᠴᠠᠭᠠᠨ᠎ᠤ ᠬᠠᠷᠢᠴᠠᠭ᠎ᠠ ᠪᠠᠢᠭᠤᠯᠵᠤ᠂ ᠪᠠᠷᠢᠴᠠᠭᠠᠯᠠᠬᠤ ᠥᠬᠡᠶ᠂ ᠳᠠᠭᠠᠭᠠᠯᠲᠠ ᠬᠢᠬᠦ ᠥᠬᠡᠶ᠂ ᠬᠦᠦ ᠮᠥᠩᠭᠥ᠎ᠶ᠋ᠢᠨ ᠨᠣᠷᠮ᠎ᠠ᠎ᠪᠠᠷ ᠳᠤᠤᠷ᠎ᠠ ᠲᠤᠰᠭᠠᠶ ᠪᠠᠯᠠ ᠬᠤᠷᠠᠮᠳᠤᠭᠤᠯᠭ᠎ᠠ᠎ᠶ᠋ᠢᠨ ᠤᠢᠯᠡᠳᠬᠦᠨ ᠭᠠᠷᠭᠠᠵᠤ᠂ ᠠᠵᠤ ᠠᠬᠤᠢᠯᠠᠯ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠠᠭᠠᠭᠠᠴᠢᠯᠠᠯᠲᠠ ᠣᠯᠤᠭ᠍ᠰᠠᠨ ᠭᠡᠷ᠎ᠡ᠎ᠪᠡᠷ᠎ᠢᠶᠡᠨ ᠰᠦᠯᠵᠢᠶᠡᠨ ᠳᠡᠭᠡᠷ᠎ᠡ ᠵᠢᠭᠡᠯᠡᠯᠭᠡ ᠭᠤᠶᠤᠴᠢᠯᠠᠵᠤ ᠪᠣᠯᠬᠤ ᠪᠣᠯᠵᠣ᠂ ᠪᠠᠯᠠ ᠬᠤᠷᠠᠮᠳᠤᠭᠤᠯᠭ᠎ᠠ᠎ᠶ᠋ᠢᠨ ᠪᠠᠷᠢᠮᠵᠢᠶ᠎ᠠ ᠪᠠ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠪᠠ᠃

2025 ᠣᠨ᠎ᠳᠤ ᠲᠠᠯᠪᠢᠭᠰᠠᠨ 8.59 ᠳ᠋ᠦᠩᠱᠢᠭᠤᠷ ᠲᠥᠭᠥᠷᠢᠭ᠎ᠦᠨ ᠵᠢᠭᠡᠯᠡᠯᠭᠡ᠎ᠨᠢ ᠠᠵᠤ ᠦᠶ᠋ᠯᠡᠳᠪᠦᠷᠢ᠂ ᠵᠢᠵᠢᠭ᠌ᠯᠡᠨ ᠪᠤᠷᠤᠯᠠᠭᠤᠯᠬᠤ ᠦᠶ᠋ᠯᠡᠰ᠂ ᠵᠥᠭᠡᠯᠡᠨ ᠲᠣᠨᠣᠭ ᠪᠠ ᠮᠡᠳᠡᠭᠡ ᠵᠠᠩᠭᠢ᠎ᠶ᠋ᠢᠨ ᠦᠶ᠋ᠯᠡᠴᠢᠯᠡᠭᠡ ᠵᠡᠷᠭᠡ ᠣᠯᠠᠨ ᠬᠦᠷᠢᠶᠡᠨ᠎ᠳᠡᠬᠢ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠪᠴᠢᠲᠠᠶ ᠵᠣᠯᠭᠠᠯᠳᠤᠵᠤ᠂ ᠠᠵᠤ ᠠᠬᠤᠢᠯᠠᠯ᠎ᠤᠨ ᠭᠡᠷ᠎ᠡ ᠭᠦᠶ᠋ᠴᠡᠳᠭᠡᠨ ᠪᠠᠷᠠᠭ᠎ᠠ ᠪᠡᠯᠡᠳᠭᠡᠬᠦ᠌᠂ ᠪᠠᠯᠠ ᠮᠥᠩᠭᠥ᠎ᠶ᠋ᠢᠨ ᠡᠷᠭᠢᠯᠲᠡ᠎ᠶ᠋ᠢᠨ ᠲᠠᠷᠤᠭᠠᠰᠤ᠎ᠶ᠋ᠢ ᠪᠦᠲᠦᠮᠵᠢᠲᠡᠶ ᠨᠠᠮᠳᠠᠭᠤᠯᠪᠠ᠃ ᠣᠳᠣᠬᠠᠨ ᠪᠣᠯᠲᠠᠯ᠎ᠠ᠂ ᠨᠡᠢᠲᠡ 24.4 ᠳ᠋ᠦᠩᠱᠢᠭᠤᠷ ᠲᠥᠭᠥᠷᠢᠭ᠎ᠦᠨ ᠪᠠᠯᠠ ᠬᠤᠷᠠᠮᠳᠤᠭᠤᠯᠭ᠎ᠠ᠎ᠶ᠋ᠢᠨ ᠳᠡᠮᠵᠢᠯᠭᠡ᠎ᠨᠢ ᠨᠢᠭᠡ ᠪᠦᠯᠦᠭ ᠳᠤᠮᠳᠠ ᠪᠠᠭ᠎ᠠ ᠵᠢᠵᠢᠭ ᠠᠵᠤ ᠠᠬᠤᠢᠯᠠᠯ᠎ᠢ ᠬᠠᠪᠰᠤᠷᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠢᠲᠡᠭᠡᠮᠵᠢ᠎ᠪᠡᠷ ᠬᠥᠭ᠌ᠵᠢᠯᠲᠡ᠎ᠶ᠋ᠢᠨ ᠪᠠᠯᠠ ᠮᠥᠩᠭᠥ᠌ ᠤᠯᠵᠤ᠂ ᠠᠵᠤ ᠠᠬᠤᠢᠯᠠᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ ᠢᠲᠡᠭᠡᠯ ᠪᠠ ᠴᠢᠳᠠᠪᠤᠷᠢ᠎ᠶ᠋ᠢ ᠨᠡᠮᠡᠭ᠌ᠳᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠪᠡᠨ ᠥᠷᠭᠡᠳᠭᠡᠬᠦ᠌᠂ ᠭᠤᠤᠯᠯᠠᠬᠤ ᠥᠷᠢᠰᠦᠯᠳᠦᠬᠦ᠌ ᠬᠦᠴᠦᠨ᠎ᠢᠶᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠪᠥᠬᠥ᠌ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠣᠯᠭᠣᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号