ᠭᠠᠳᠠᠭᠠᠳᠤ ᠭᠠᠷᠭᠠᠯᠲᠠ ᠎ᠶ᠋ᠢᠨ ᠭᠠᠢᠯᠢ ᠪᠤᠴᠠᠭᠠᠬᠤ ᠬᠠᠮᠢᠶᠠᠷᠤᠯᠲᠠ᠎ᠶ᠋ᠢᠨ ᠱᠢᠨ᠎ᠡ ᠲᠣᠭ᠍ᠲᠠᠭᠠᠯ ᠎ᠢ ᠨᠡᠢᠲᠡᠯᠡᠵᠦ᠍ ᠭᠤᠶᠤᠴᠢᠯᠠᠨ ᠮᠡᠳᠡᠭᠦᠯᠵᠦ᠍ ᠭᠦᠶ᠋ᠴᠡᠳᠭᠡᠬᠦ᠌ ᠠᠵᠢᠯ᠎ᠢ ᠨᠠᠩ ᠳᠥᠭᠥᠮ ᠳᠥᠲᠡ ᠪᠥᠭᠡᠳ ᠥᠨᠳᠥᠷ ᠪᠦᠲᠦᠮᠵᠢᠲᠡᠶ ᠪᠣᠯᠭᠠᠪᠠ
2026-02-03 09:51:06
ᠵᠣᠬᠢᠶᠠᠭ᠍ᠴᠢ᠄
ᠯᠢᠦ ᠺᠠᠶ ᠱᠢᠶᠦᠢ᠍ᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 2 ᠰᠠᠷ᠎ᠠ᠎ᠶ᠋ᠢᠨ 1 ᠎ᠤ᠋ ᠡᠳᠦᠷ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠡᠴᠡ ᠣᠢᠯᠠᠭᠠᠭ᠍ᠰᠠᠨ᠎ᠢᠶᠠᠷ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠲᠦᠷᠦᠭᠦᠬᠡᠨ ᠠᠯᠪᠠᠨ ᠵᠠᠷᠯᠠᠯ ᠨᠡᠢᠲᠡᠯᠡᠵᠦ᠍᠂ ᠭᠠᠳᠠᠭᠠᠳᠤ ᠭᠠᠷᠭᠠᠯᠲᠠ ᠵᠢᠨ ᠭᠠᠢᠯᠢ᠎ᠶ᠋ᠢ ᠪᠤᠴᠠᠭᠠᠬᠤ ᠬᠠᠮᠢᠶᠠᠷᠤᠯᠲᠠ ᠎ᠶ᠋ᠢᠨ ᠲᠣᠭ᠍ᠲᠠᠭᠠᠯ ᠎ᠳᠤ ᠵᠣᠬᠢᠴᠠᠩᠭᠤᠶ ᠲᠣᠬᠢᠷᠠᠭᠤᠯᠤᠯᠲᠠ ᠬᠢᠵᠦ᠍ ᠲᠡᠭᠦᠯᠳᠡᠷᠵᠢᠭᠦᠯᠦᠨ᠂ ᠭᠠᠳᠠᠭᠠᠳᠤ ᠭᠠᠷᠭᠠᠯᠲᠠ ᠵᠢᠨ ᠭᠠᠢᠯᠢ᠎ᠶ᠋ᠢ ᠪᠤᠴᠠᠭᠠᠬᠤ᠎ᠪᠠᠷ ᠭᠤᠶᠤᠴᠢᠯᠠᠨ ᠮᠡᠳᠡᠭᠦᠯᠬᠦ᠌ ᠠᠵᠢᠯ᠎ᠢ ᠨᠠᠩ ᠳᠥᠭᠥᠮ ᠳᠥᠲᠡ ᠪᠥᠭᠡᠳ ᠥᠨᠳᠥᠷ ᠪᠦᠲᠦᠮᠵᠢᠲᠡᠶ ᠬᠢᠬᠦ᠌᠎ᠶ᠋ᠢ ᠳᠥᠯᠭᠢᠨ ᠠᠬᠢᠭᠤᠯᠪᠠ᠃

ᠠᠯᠪᠠᠨ ᠵᠠᠷᠯᠠᠯ᠎ᠳᠦ ᠠᠳᠠᠯᠢ ᠪᠤᠰᠤ ᠬᠤᠭᠤᠴᠠᠭᠠᠨ᠎ᠳᠤ ᠨᠡᠢᠲᠡᠯᠡᠭ᠌ᠰᠡᠨ ᠭᠠᠳᠠᠭᠠᠳᠤ ᠭᠠᠷᠭᠠᠯᠲᠠ᠎ᠶ᠋ᠢᠨ ᠭᠠᠢᠯᠢ ᠪᠤᠴᠠᠭᠠᠬᠤ (ᠭᠡᠯᠳᠦᠷᠢᠭᠦᠯᠬᠦ᠌) ᠬᠠᠮᠢᠶᠠᠷᠤᠯᠲᠠ᠎ᠶ᠋ᠢᠨ ᠲᠣᠭ᠍ᠲᠠᠭᠠᠯ᠎ᠢ ᠨᠡᠢᠯᠡᠭᠦᠯᠦᠨ ᠨᠡᠢᠳᠭᠡᠵᠦ᠍᠂ ᠨᠢᠭᠡᠳᠦᠯᠲᠡᠶ ᠬᠠᠮᠢᠶᠠᠷᠤᠯᠲᠠ᠎ᠶ᠋ᠢᠨ ᠠᠷᠭ᠎ᠠ᠎ᠶ᠋ᠢ ᠪᠦᠷᠢᠯᠳᠦᠭᠦᠯᠵᠦ᠍᠂ ᠭᠠᠳᠠᠭᠠᠳᠤ ᠭᠠᠷᠭᠠᠯᠲᠠ᠎ᠶ᠋ᠢᠨ ᠭᠠᠢᠯᠢ ᠪᠤᠴᠠᠭᠠᠬᠤ (ᠭᠡᠯᠳᠦᠷᠢᠭᠦᠯᠬᠦ᠌) ᠶ᠋ᠢ ᠳᠠᠩᠰᠠᠯᠠᠬᠤ᠂ ᠭᠤᠶᠤᠴᠢᠯᠠᠨ ᠮᠡᠳᠡᠭᠦᠯᠬᠦ᠌  ᠭᠦᠶ᠋ᠴᠡᠳᠭᠡᠬᠦ᠌ ᠵᠢᠴᠢ ᠦᠶ᠋ᠯᠡᠴᠢᠯᠡᠭᠡᠨ᠎ᠦ ᠬᠠᠮᠢᠶᠠᠷᠤᠯᠲᠠ ᠵᠡᠷᠭᠡ ᠵᠦᠶ᠋ᠯᠡᠰ᠎ᠢ ᠲᠣᠳᠣᠷᠬᠠᠢᠯᠠᠵᠤ᠂ ᠭᠠᠳᠠᠭᠠᠳᠤ ᠭᠠᠷᠭᠠᠯᠲᠠ᠎ᠶ᠋ᠢᠨ ᠭᠠᠢᠯᠢ ᠪᠤᠴᠠᠭᠠᠬᠤ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠬᠤ᠎ᠨᠢ ᠭᠠᠢᠯᠢ ᠲᠤᠱᠢᠶᠠᠭ᠍ᠴᠢ᠎ᠶ᠋ᠢ ᠪᠥᠬᠥ᠌ ᠲᠠᠯ᠎ᠠ᠎ᠪᠠᠷ ᠤᠢᠯᠠᠭᠠᠨ ᠡᠵᠡᠮᠱᠢᠬᠦ᠌᠂ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠵᠢᠷᠤᠮᠯᠠᠨ ᠳᠠᠭᠠᠬᠤ᠎ᠳᠤ ᠠᠱᠢᠭ᠍ᠲᠠᠶ ᠶᠤᠮ᠃

ᠠᠯᠪᠠᠨ ᠵᠠᠷᠯᠠᠯ ᠎ᠳᠦ ᠭᠠᠢᠯᠢ ᠪᠤᠴᠠᠭᠠᠬᠤ (ᠭᠡᠯᠳᠦᠷᠢᠭᠦᠯᠬᠦ᠌) ᠶᠠᠪᠤᠴᠠ ᠵᠢ ᠱᠢᠯᠢᠳᠡᠭ᠌ᠵᠢᠭᠦᠯᠦᠨ ᠳᠣᠭᠢᠷᠠᠭᠤᠯᠵᠤ᠂ ᠭᠠᠳᠠᠭᠠᠳᠤ ᠭᠠᠷᠭᠠᠯᠲᠠ᠎ᠶ᠋ᠢᠨ ᠭᠠᠢᠯᠢ ᠪᠤᠴᠠᠭᠠᠬᠤ(ᠭᠡᠯᠳᠦᠷᠢᠭᠦᠯᠬᠦ᠌) ᠠᠷᠭ᠎ᠠ ᠬᠡᠯᠪᠡᠷᠢ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠲᠣᠮᠣ ᠳ᠋ᠠᠢᠲ᠋ᠠ᠂ ᠱᠢᠨ᠎ᠡ ᠮᠡᠷᠭᠡᠵᠢᠯ᠎ᠢᠶᠡᠷ ᠲᠦᠱᠢᠭ ᠪᠣᠯᠭᠠᠵᠤ᠂ ᠭᠠᠢᠯᠢ ᠲᠤᠱᠢᠶᠠᠭ᠍ᠴᠢ᠎ᠶ᠋ᠢᠨ ᠭᠠᠳᠠᠭᠠᠳᠤ ᠭᠠᠷᠭᠠᠯᠲᠠ᠎ᠶ᠋ᠢᠨ ᠭᠠᠢᠯᠢ ᠪᠤᠴᠠᠭᠠᠬᠤ (ᠭᠡᠯᠳᠦᠷᠢᠭᠦᠯᠬᠦ᠌) ᠎ᠶ᠋ᠢ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠬᠦ᠌᠎ᠳᠦ ᠤᠯᠠᠮ ᠨᠢᠭᠡ ᠠᠯᠬᠤᠮ ᠲᠥᠬᠥᠮ ᠦᠵᠡᠭᠦᠯᠪᠡ᠃

ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠡᠳ᠋ ᠪᠠᠷᠠᠭ᠎ᠠ ᠪᠠ ᠬᠥᠳᠡᠯᠮᠦᠷᠢ ᠦᠶ᠋ᠯᠡᠴᠢᠯᠡᠭᠡᠨ ᠎ᠦ ᠭᠠᠢᠯᠢ ᠎ᠶ᠋ᠢᠨ ᠵᠤᠷᠭᠠᠨ ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠱᠢᠨ᠎ᠡ ᠲᠥᠷᠥ ᠎ᠶ᠋ᠢᠨ ᠪᠣᠳᠣᠯᠭ᠎ᠠ ᠎ᠶ᠋ᠢ ᠲᠣᠭ᠍ᠲᠠᠭᠤᠨ᠎ᠢᠶᠠᠷ ᠨᠠᠢᠳᠠᠪᠤᠷᠢᠵᠢᠭᠤᠯᠵᠤ᠂ ᠨᠠᠷᠢᠯᠢᠭ ᠣᠨᠣᠴᠠᠲᠠᠶ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠠᠯᠪᠠᠨ ᠵᠠᠷᠯᠠᠯ᠎ᠢ ᠲᠥᠷᠥ᠎ᠶ᠋ᠢᠨ ᠪᠣᠳᠣᠯᠭ᠎ᠠ᠎ᠶ᠋ᠢ ᠱᠢᠨᠡᠳᠭᠡᠭ᠌ᠰᠡᠨ ᠪᠠᠢᠳᠠᠯ᠎ᠲᠠᠶ ᠤᠶᠠᠯᠳᠤᠭᠤᠯᠤᠨ᠂ ᠭᠠᠳᠠᠭᠠᠳᠤ ᠭᠠᠷᠭᠠᠯᠲᠠ᠎ᠶ᠋ᠢᠨ ᠭᠠᠢᠯᠢ ᠪᠤᠴᠠᠭᠠᠬᠤ ᠲᠤᠬᠠᠢᠯᠠᠭ᠍ᠰᠠᠨ ᠠᠵᠢᠯ᠎ᠤᠨ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠳᠤ ᠬᠡᠰᠡᠭ ᠲᠠᠯ᠎ᠠ᠎ᠶ᠋ᠢᠨ ᠱᠢᠯᠢᠳᠡᠭ᠌ᠵᠢᠭᠦᠯᠦᠨ ᠲᠣᠬᠢᠷᠠᠭᠤᠯᠤᠯᠲᠠ ᠬᠢᠪᠠ᠃ ᠵᠣᠩᠬᠢᠯᠠᠬᠤ ᠲᠣᠭᠠᠨ᠎ᠤ ᠠᠵᠤ ᠠᠬᠤᠢᠯᠠᠯ᠎ᠳᠤ ᠠᠪᠴᠤ᠌ ᠬᠡᠯᠡᠪᠡᠯ  ᠠᠯᠪᠠᠨ ᠵᠠᠷᠯᠠᠯ ᠨᠡᠢᠲᠡᠯᠡᠵᠦ᠍ ᠬᠡᠷᠡᠭ᠌ᠵᠢᠭᠦᠯᠬᠦ᠌ ᠨᠢ ᠣᠲᠣ᠎ᠶ᠋ᠢᠨ ᠭᠤᠶᠤᠴᠢᠯᠠᠨ ᠮᠡᠳᠡᠭᠦᠯᠬᠦ᠌ ᠳᠠᠳᠭᠠᠯ ᠎ᠢ ᠨᠢ ᠬᠡᠲᠦᠷᠬᠡᠶ ᠬᠤᠪᠢᠷᠠᠭᠤᠯᠬᠤ ᠥᠬᠡᠶ ᠶᠤᠮ᠂ ᠵᠣᠩᠬᠢᠯᠠᠬᠤ ᠲᠣᠭᠠᠨ᠎ᠤ ᠭᠠᠳᠠᠭᠠᠳᠤ ᠭᠠᠷᠭᠠᠯᠲᠠ᠎ᠶ᠋ᠢᠨ ᠭᠠᠢᠯᠢ ᠪᠤᠴᠠᠭᠠᠬᠤ (ᠭᠡᠯᠳᠦᠷᠢᠭᠦᠯᠬᠦ᠌) ᠲᠤᠬᠠᠢᠯᠠᠭ᠍ᠰᠠᠨ ᠠᠵᠢᠯ ᠎ᠢ ᠭᠦᠶ᠋ᠴᠡᠳᠭᠡᠬᠦ᠌ ᠦᠶ᠎ᠡ᠎ᠳᠦ ᠦᠨᠳᠦᠰᠦᠨ᠎ᠳᠡᠭᠡᠨ 《 ᠬᠤᠪᠢᠷᠠᠯᠲᠠ ᠪᠠᠭ᠎ᠠ》 ᠎ᠪᠠᠷ ᠰᠣᠯᠢᠵᠤ ᠪᠣᠯᠤᠨ᠎ᠠ ᠭᠡᠵᠦ ᠬᠡᠯᠡᠪᠡ᠃


ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 1 ᠎ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号