ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠲᠣᠨᠣᠭ᠍ᠯᠠᠯ᠎ᠤᠨ ᠠᠵᠢᠯ ᠲᠥᠷᠥᠯ᠎ᠦᠨ ᠨᠡᠢᠭᠡᠮᠯᠢᠭ ᠪᠠᠢᠭᠤᠯᠤᠭ᠍ᠳᠠᠪᠠ
2026-02-03 09:54:19
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠲᠣᠨᠣᠭ᠍ᠯᠠᠯ᠎ᠤᠨ ᠠᠵᠢᠯ ᠲᠦᠷᠦᠯ᠎ᠦᠨ ᠨᠡᠢᠭᠡᠮᠯᠢᠭ ᠪᠠᠢᠭᠤᠯᠤᠭ᠍ᠳᠠᠵᠠᠢ᠂ ᠡᠨᠡ ᠨᠢ ᠥᠪᠥᠷ ᠮᠣᠩᠭᠣᠯ᠎ᠤᠨ ᠴᠠᠬᠢᠯᠭᠠᠨ ᠲᠣᠨᠣᠭ᠍ᠯᠠᠯ᠎ᠤᠨ ᠠᠵᠤ ᠦᠢᠯᠡᠰ ᠪᠦᠯᠦᠭ᠌ᠵᠢᠨ ᠬᠥᠭ᠌ᠵᠢᠬᠦ᠌ ᠲᠡᠢᠰᠢ ᠤᠷᠤᠭ᠍ᠰᠢᠯᠠᠵᠤ᠂ ᠱᠢᠰᠲ᠋ᠧᠮ᠎ᠲᠡᠶ ᠠᠬᠢᠬᠤ ᠱᠢᠨ᠎ᠡ ᠱᠠᠲᠤᠨ᠎ᠳᠤ ᠤᠷᠤᠬ᠍ᠰᠠᠨ᠎ᠢ ᠬᠠᠷᠠᠭᠤᠯᠵᠤ ᠪᠠᠢᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠲᠣᠨᠣᠭ᠍ᠯᠠᠯ᠎ᠤᠨ ᠠᠵᠢᠯ ᠲᠥᠷᠥᠯ᠎ᠦᠨ ᠨᠡᠢᠭᠡᠮᠯᠢᠭ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠢᠶᠡᠷ ᠵᠥᠪᠱᠢᠶᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠳᠡ᠎ᠶ᠋ᠢᠨ ᠲᠢᠩᠬᠢᠮ᠎ᠡᠴᠡ ᠭᠤᠤᠯᠯᠠᠨ ᠬᠠᠮᠢᠶᠠᠷᠴᠤ᠌ ᠪᠦᠬᠦᠢ ᠮᠤᠵᠢ᠎ᠶ᠋ᠢᠨ ᠱᠠᠲᠤᠨ᠎ᠤ ᠠᠵᠢᠯ ᠲᠥᠷᠥᠯ᠎ᠦᠨ ᠵᠣᠬᠢᠶᠠᠨ ᠪᠠᠢᠭᠤᠯᠤᠯᠲᠠ ᠪᠣᠯᠤᠨ᠎ᠠ᠃ ᠣᠳᠣᠬᠠᠨ᠎ᠳᠤ᠂ ᠨᠡᠢᠭᠡᠮᠯᠢᠭ᠎ᠨᠢ ᠨᠢᠭᠡᠨᠲᠡ ᠪᠥᠬᠥ᠌ ᠣᠷᠣᠨ᠎ᠤ ᠴᠠᠬᠢᠯᠭᠠᠨ ᠲᠣᠨᠣᠭ᠍ᠯᠠᠯ ᠦᠶ᠋ᠯᠡᠳᠬᠦ᠌ 37 ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠢᠴᠢ ᠠᠵᠤ ᠦᠶ᠋ᠯᠡᠰ᠎ᠦᠨ ᠬᠡᠯᠬᠢᠶ᠎ᠡ᠎ᠶ᠋ᠢᠨ ᠭᠤᠤᠯᠳᠠᠯᠭ᠎ᠠ᠎ᠲᠠᠶ ᠨᠢᠭᠡᠴᠢ᠎ᠶ᠋ᠢ ᠲᠥᠪᠯᠡᠷᠡᠭᠦᠯᠵᠦ᠍᠂ ᠳᠡᠭᠡᠳᠦ ᠳᠤᠤᠷᠠᠳᠤ ᠬᠡᠯᠬᠢᠶ᠎ᠡ᠎ᠶ᠋ᠢ ᠪᠦᠬᠦᠨ ᠎ᠢ ᠬᠠᠮᠤᠷᠬᠤ᠎ᠶ᠋ᠢ ᠪᠡᠶᠡᠯᠡᠭᠦᠯᠵᠠᠢ᠃ ᠭᠡᠱᠢᠭᠦᠨ ᠨᠢᠭᠡᠴᠢ᠎ᠨᠢ ᠬᠥᠬᠡᠬᠣᠲᠠ᠂ ᠪᠤᠭᠤᠲᠤ᠂ ᠣᠷᠳᠣᠰ᠂ ᠤᠯᠠᠭᠠᠨᠴᠠᠪ ᠵᠡᠷᠭᠡ ᠭᠤᠤᠯ ᠠᠵᠤ ᠦᠶ᠋ᠯᠡᠰ᠎ᠦᠨ ᠣᠷᠣᠨ᠎ᠳᠤ ᠥᠷᠭᠡᠨ᠎ᠢᠶᠡᠷ ᠲᠠᠷᠬᠠᠵᠤ ᠪᠠᠢᠬᠤ᠎ᠪᠠᠷ ᠪᠠᠷᠠᠬᠤ ᠥᠬᠡᠶ᠂ ᠱᠢᠯᠢ᠎ᠶ᠋ᠢᠨ ᠭᠤᠤᠯ ᠠᠢᠮᠠᠭ᠂ ᠦᠬᠠᠶ ᠵᠡᠷᠭᠡ ᠵᠠᠩᠭᠢᠯᠠᠭ᠎ᠠ᠎ᠶ᠋ᠢᠨ ᠣᠷᠣᠨ ᠪᠦᠰᠡ᠎ᠳᠦ ᠬᠦᠷᠲᠡᠯ᠎ᠡ ᠦᠷᠭᠡᠵᠢᠵᠡᠢ᠃

《ᠮᠠᠨ᠎ᠤ ᠨᠡᠢᠭᠡᠮᠯᠢᠭ ᠬᠥᠭ᠌ᠵᠢᠯᠲᠡ᠎ᠶ᠋ᠢᠨ ᠳᠤᠮᠳᠠ 〈ᠵᠠᠮᠴᠢᠯᠠᠭ᠍ᠴᠢ〉 ᠪᠣᠯᠵᠣ᠂ ᠠᠵᠤ ᠠᠬᠤᠢᠯᠠᠯ᠎ᠢ ᠢᠳᠡᠪᠬᠢᠲᠡᠶ ᠬᠥᠲᠥᠯᠥᠨ ᠲᠠᠭᠠᠭᠤᠯᠵᠦ᠂ ᠥᠪᠡᠷᠲᠡᠭᠡᠨ ᠵᠠᠰᠠᠬᠤ ᠣᠷᠣᠨ᠎ᠤ ᠬᠦᠭᠵᠢᠯᠳᠡ ᠵᠢᠨ᠌ ᠶᠡᠬᠡ ᠲᠠᠯ᠎ᠠ᠎ᠳᠤ ᠠᠭᠤᠰᠤᠯᠴᠠᠵᠦ᠂ ᠡᠨᠧᠷᠭᠢ᠎ᠶ᠋ᠢᠨ ᠳᠠᠪᠠᠭᠤᠯᠢᠭ᠎ᠢ ᠠᠵᠤ ᠦᠶ᠋ᠯᠡᠰ᠎ᠦᠨ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠠᠬᠢᠭᠤᠯᠤᠨ᠎ᠠ; ᠠᠭᠤᠰᠤᠯᠴᠠᠭᠤᠯᠤᠨ ᠬᠦᠴᠦᠨ ᠨᠡᠮᠡᠷᠢᠯᠡᠬᠦ ᠳᠤᠮᠳᠠ 〈ᠬᠠᠮᠠᠭᠠᠯᠠᠭ᠍ᠴᠢ〉 ᠪᠣᠯᠵᠣ᠂ 〈ᠱᠢᠨ᠎ᠡ᠎ᠶ᠋ᠢ ᠡᠭᠦᠳᠬᠦ᠌ ᠬᠡᠯᠬᠢᠶ᠎ᠡ᠂ ᠦᠶ᠋ᠯᠡᠳᠬᠦ᠌ ᠬᠡᠯᠬᠢᠶ᠎ᠡ᠂ ᠬᠡᠷᠡᠭ᠌ᠯᠡᠭᠡᠨ᠎ᠦ ᠬᠡᠯᠬᠢᠶ᠎ᠡ〉 ᠭᠤᠷᠪᠠᠨ ᠬᠡᠯᠬᠢᠶ᠎ᠡ᠎ᠶ᠋ᠢᠨ ᠬᠠᠮᠵᠢᠯᠴᠠᠭ᠎ᠠ᠎ᠶ᠋ᠢ ᠢᠳᠡᠪᠬᠢᠲᠡᠶ ᠠᠬᠢᠭᠤᠯᠵᠤ᠂ ᠥᠨᠳᠥᠷ ᠲᠦᠪᠱᠢᠨ ᠪᠥᠬᠥᠶ ᠦᠶ᠋ᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠎ᠶ᠋ᠢ ᠠᠬᠢᠭᠤᠯᠵᠤ᠂ ᠰᠠᠢᠨ ᠰᠠᠢᠬᠠᠨ ᠠᠵᠤ ᠦᠶ᠋ᠯᠡᠰ᠎ᠦᠨ ᠠᠮᠢ ᠠᠬᠤᠶ᠎ᠶ᠋ᠢ ᠪᠠᠢᠭᠤᠯᠤᠨ᠎ᠠ; ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠳᠤᠮᠳᠠ 〈ᠦᠢᠯᠡᠴᠢᠯᠡᠭ᠌ᠴᠢ〉 ᠪᠤᠯᠵᠤ᠂ ᠠᠵᠤ ᠠᠬᠤᠢᠯᠠᠯ᠎ᠤᠨ ᠬᠦᠴᠢᠷᠳᠡᠯ ᠪᠠ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠢ᠎ᠳᠤᠨᠢ ᠲᠤᠰᠭᠠᠵᠤ᠂ ᠠᠵᠢᠯ ᠲᠦᠷᠦᠯ᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠠᠵᠤ ᠠᠬᠤᠢᠯᠠᠯ᠎ᠤᠨ ᠦᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠬᠠᠮᠢᠶ᠎ᠠ ᠪᠦᠬᠦᠢ ᠠᠵᠤ ᠠᠬᠤᠢᠯᠠᠯ᠎ᠤᠨ ᠦᠳᠲᠡᠷ ᠲᠦᠷᠭᠡᠨ ᠬᠦᠭᠵᠢᠬᠦ᠎ᠳᠤ ᠬᠦᠴᠦᠨ ᠨᠡᠮᠡᠷᠢᠯᠡᠨ᠎ᠡ》 ᠬᠡᠵᠦ ᠲᠤᠰ ᠨᠡᠢᠭᠡᠮᠯᠢᠭ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠨᠢᠯᠴᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号