ᠤᠢᠷ᠎ᠠ ᠵᠢᠨ ᠡᠳᠦᠷ᠂ ᠨᠢᠭᠡᠨ ᠴᠤᠪᠤᠭ᠎ᠠ 55 ᠴᠢᠩᠭᠡᠯᠢᠭ ᠴᠦᠷᠬᠦᠯᠡᠭᠰᠡᠨ ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ ᠡᠷᠢᠶᠡᠨᠤ ᠳᠡᠮᠤᠷ ᠵᠠᠮ᠎ᠤᠨ ᠬᠢᠯᠢ ᠵᠢᠨ ᠪᠣᠭᠣᠮᠲᠠ᠎ᠪᠠᠷ ᠠᠶᠠᠯᠠᠨ ᠭᠠᠷᠴᠠᠢ᠂ ᠡᠢᠨᠬᠦ ᠲᠤᠰ ᠳᠡᠮᠤᠷ ᠵᠠᠮ᠎ᠤᠨ ᠬᠢᠯᠢ ᠵᠢᠨ ᠪᠣᠭᠣᠮᠲᠠ᠎ᠪᠠᠷ ᠵᠤᠷᠴᠢᠭᠰᠠᠨ ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ᠎ᠶ᠋ᠢᠨ ᠶᠡᠷᠦᠩᠬᠡᠢ ᠲᠣᠭ᠎ᠠ 2.2 ᠲᠦᠮᠡᠨ ᠴᠤᠪᠤᠭ᠎ᠠ᠎ᠶ᠋ᠢ ᠳᠠᠪᠠᠵᠠᠢ᠃
ᠳᠤᠮᠳᠠᠳᠤ ᠧᠦ᠋ᠷᠣᠫᠠ᠎ᠶ᠋ᠢᠨ ᠵᠢᠱ᠌ᠢᠶᠡᠨ᠎ᠤ ᠭᠠᠯᠲᠤ ᠲᠡᠷᠭᠡ ᠠᠮᠤᠷ ᠲᠦᠪᠱᠢᠨ᠂ ᠪᠣᠬᠢᠷᠲᠤᠯ ᠦᠭᠡᠢ ᠪᠠ ᠴᠠᠭ ᠬᠤᠭᠤᠴᠠᠭ᠎ᠠ ᠲᠣᠭ᠍ᠲᠠᠮᠠᠯ ᠵᠡᠷᠭᠡ ᠳᠠᠪᠠᠭᠤᠯᠢᠭ᠎ᠲᠠᠭᠠᠨ ᠲᠦᠱᠢᠭ᠌ᠯᠡᠨ᠂ ᠡᠳᠦᠭᠡ ᠨᠢᠭᠡᠨᠲᠡ ᠤᠯᠠᠨ ᠤᠯᠤᠰ᠎ᠤᠨ ᠥᠷᠭᠡᠨ᠎ᠢᠶᠡᠷ ᠮᠡᠳᠡᠷᠡᠭ᠌ᠰᠡᠨ ᠪᠠᠷᠠᠭᠠᠨ᠎ᠤ ᠭᠦᠢᠯᠭᠡᠭᠡᠨ᠎ᠦ ᠴᠢᠬᠤᠯᠠ ᠲᠦᠷᠦᠯ ᠲᠡᠮᠳᠡᠭ ᠪᠤᠯᠵᠠᠢ᠃ ᠡᠷᠢᠶᠡᠨᠤ ᠲᠡᠮᠦᠷ ᠵᠠᠮ᠎ᠤᠨ ᠬᠢᠯᠢ ᠪᠣᠭᠣᠮᠲᠠᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ᠎ᠶ᠋ᠢᠨ ᠳᠤᠮᠳᠠ ᠵᠠᠮ᠎ᠤᠨ ᠴᠣᠷ᠎ᠤᠨ ᠭᠠᠭ᠍ᠴᠠ ᠬᠢᠯᠢ᠎ᠪᠡᠷ ᠣᠷᠣᠵᠤ ᠭᠠᠷᠬᠤ ᠲᠡᠮᠦᠷ ᠵᠠᠮ᠎ᠤᠨ ᠬᠢᠯᠢ ᠵᠢᠨ ᠪᠣᠭᠣᠮᠲᠠ ᠪᠣᠯᠤᠭ᠍ᠰᠠᠨ᠎ᠤ ᠬᠤᠪᠢ᠎ᠳᠤ 2025 ᠣᠨ᠎ᠳᠤ ᠵᠤᠷᠴᠢᠭᠰᠠᠨ ᠲᠣᠭ᠎ᠠ ᠨᠢ 3900 ᠴᠤᠪᠤᠭ᠎ᠠ᠎ᠶ᠋ᠢ ᠳᠠᠪᠠᠵᠤ᠂ ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ᠎ᠶ᠋ᠢᠨ ᠠᠴᠢᠶ᠎ᠠ ᠲᠡᠭᠡᠭᠡᠪᠦᠷᠢ᠎ᠶ᠋ᠢᠨ ᠬᠡᠮᠵᠢᠶ᠎ᠡ ᠨᠢ 500 ᠲᠦᠮᠡᠨ ᠲᠣᠨ᠎ᠢ ᠳᠠᠪᠠᠪᠠ᠃
ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ᠎ᠶ᠋ᠢᠨ ᠲᠣᠭ᠍ᠲᠠᠭᠤᠨ ᠪᠥᠭᠡᠳ ᠥᠨᠳᠥᠷ ᠪᠦᠲᠦᠮᠵᠢᠲᠡᠢᠠᠶᠠᠯᠠᠬᠤᠶ᠋ᠢ ᠪᠠᠲᠤᠯᠠᠬᠤ᠎ᠶ᠋ᠢᠨ ᠲᠥᠯᠥᠭᠡ᠂ ᠡᠷᠢᠶᠡᠨᠤ ᠲᠡᠮᠦᠷ ᠵᠠᠮ᠎ᠤᠨ ᠰᠠᠯᠠᠭ᠎ᠠ ᠮᠥᠴᠢᠷ ᠪᠠᠷᠠᠭᠠᠨ᠎ᠤ ᠢᠷᠡᠯᠲᠡ ᠪᠠ ᠲᠡᠭᠡᠭᠡᠪᠦᠷᠢ᠎ᠶ᠋ᠢᠨ ᠬᠦᠴᠦ ᠵᠢ ᠨᠢᠭᠡᠳᠦᠯᠲᠡᠢ ᠲᠥᠯᠥᠪᠵᠢᠭᠦᠯᠦᠨ ᠳᠤᠬᠢᠷᠠᠭᠤᠯᠵᠤ᠂ ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ᠎ᠶ᠋ᠢ ᠵᠠᠯᠭᠠᠨ ᠲᠡᠭᠡᠭᠡᠪᠦᠷᠢᠯᠡᠬᠦ᠌ ᠵᠣᠬᠢᠶᠠᠨ ᠪᠠᠢᠭᠤᠯᠤᠯᠲᠠ᠎ᠶ᠋ᠢᠨ ᠵᠠᠭ᠍ᠪᠤᠷ᠎ᠢ ᠱᠢᠯᠢᠳᠡᠭ᠌ᠵᠢᠭᠦᠯᠵᠦ᠍᠂ ᠲᠡᠷᠭᠡ ᠶᠠᠪᠤᠬᠤ᠂ ᠪᠠᠷᠠᠭ᠎ᠠ ᠲᠡᠭᠡᠭᠡᠪᠦᠷᠢᠯᠡᠬᠦ᠌᠂ ᠠᠴᠢᠵᠤ ᠪᠠᠭᠤᠯᠭᠠᠬᠤ᠎ᠶ᠋ᠢ ᠨᠢᠭᠡ ᠴᠤᠬ᠍ᠴᠠᠵᠢᠭᠤᠯᠤᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠦᠷᠢᠯᠳᠦᠭᠦᠯᠵᠦ᠍᠂ ᠡᠯ᠎ᠡ ᠠᠵᠢᠯ᠎ᠤᠨ ᠭᠣᠭ᠍ᠴᠣᠭ᠎ᠠ᠎ᠶ᠋ᠢ ᠨᠡᠩ ᠡᠮᠬᠢ ᠵᠢᠷᠤᠮ᠎ᠲᠠᠶ᠂ ᠤᠷᠤᠭ᠍ᠰᠢᠲᠠᠢ ᠪᠥᠭᠡᠳ ᠥᠨᠳᠥᠷ ᠪᠦᠲᠦᠮᠵᠢᠲᠡᠢ ᠪᠣᠯᠭᠠᠪᠠ᠃ ᠲᠡᠮᠦᠷ ᠵᠠᠮ᠎ᠤᠨ 95306 《ᠲᠣᠭᠠᠴᠢᠯᠠᠭ᠍ᠰᠠᠨ ᠪᠣᠭᠣᠮᠲᠠ》 ᠵᠢᠨ ᠱᠢᠰᠲ᠋ᠧᠮ᠎ᠳᠦ ᠲᠦᠱᠢᠭ᠌ᠯᠡᠨ᠂ ᠪᠣᠭᠣᠮᠲᠠ᠎ᠶ᠋ᠢᠨ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠎ᠶ᠋ᠢ ᠭᠦᠨᠵᠡᠭᠡᠢᠷᠡᠭᠦᠯᠦᠨ᠂ ᠪᠣᠭᠣᠮᠲᠠ᠎ᠳᠤ ᠮᠡᠳᠡᠭᠦᠯᠬᠦ᠌᠂ ᠨᠤᠲᠠᠯᠠᠬᠤ ᠵᠡᠷᠭᠡ ᠴᠤᠪᠤᠷᠠᠯ᠎ᠢ ᠪᠦᠬᠦᠨ᠎ᠢ ᠡᠯᠧᠺᠲ᠋ᠷᠣᠨᠴᠢᠯᠠᠬᠤᠶ᠋ᠢ ᠪᠡᠶᠡᠯᠡᠭᠦᠯᠵᠦ᠍᠂ ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ᠎ᠶ᠋ᠢᠨ ᠲᠦᠷᠭᠡᠨ ᠭᠤᠶᠤᠴᠢᠯᠠᠨ ᠮᠡᠳᠡᠭᠦᠯᠬᠦ᠌᠂ ᠣᠨᠣᠪᠴᠢᠲᠠᠶᠬᠢᠨᠠᠨ ᠬᠠᠷᠭᠤᠭᠤᠯᠬᠤ᠂ ᠥᠨᠳᠥᠷ ᠪᠦᠲᠦᠮᠵᠢᠲᠡᠶ ᠠᠶᠠᠯᠠᠭᠤᠯᠬᠤ᠎ᠶ᠋ᠢ ᠦᠨᠡᠨ ᠬᠦ᠌ ᠪᠠᠲᠤᠯᠠᠪᠠ᠃
ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ᠎ᠶ᠋ᠢᠨ ᠡᠷᠢᠶᠡᠨ᠎ᠦ ᠲᠡᠷᠭᠡᠨ ᠥᠷᠲᠡᠭᠡᠨ᠎ᠦ ᠮᠡᠷᠭᠡᠵᠢᠯ᠎ᠦᠨ ᠰᠠᠯᠠᠭᠠᠨ᠎ᠤ ᠳᠠᠷᠤᠭ᠎ᠠ ᠶᠠᠩ ᠳ᠋ᠦᠩ ᠳ᠋ᠦᠩ᠄《ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ ᠵᠢᠨ ᠠᠵᠢᠯᠯᠠᠭᠠᠨ᠎ᠤ ᠦᠷ᠎ᠡ ᠪᠦᠲᠦᠮᠵᠢ ᠪᠠ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠪᠢᠳᠡ ᠮᠣᠩᠭᠣᠯ ᠤᠯᠤᠰ᠎ᠤᠨ ᠵᠠᠮ᠎ᠤᠨ ᠡᠭᠦᠳᠡ ᠥᠷᠲᠡᠭᠡᠯᠤᠭᠡ 〈ᠡᠳᠦᠷ ᠪᠦᠷᠢ ᠬᠠᠷᠢᠯᠴᠠᠬᠤ᠂ ᠰᠠᠷ᠎ᠠ ᠪᠦᠷᠢ ᠠᠭᠤᠯᠵᠠᠬᠤ〉 ᠲᠣᠭ᠍ᠲᠠᠴᠠ᠎ᠶ᠋ᠢ ᠦᠷᠭᠦᠯᠵᠢᠯᠡᠨ ᠠᠬᠢᠭᠤᠯᠵᠤ᠂ 〈ᠬᠣᠶᠠᠷ ᠥᠷᠲᠡᠭᠡ᠎ᠶ᠋ᠢ ᠨᠢᠭᠡ ᠴᠣᠭ᠍ᠴᠠᠵᠢᠭᠤᠯᠬᠤ〉 ᠵᠣᠬᠢᠶᠠᠨ ᠪᠠᠢᠭᠤᠯᠤᠯᠲᠠ᠎ᠶ᠋ᠢᠨ ᠵᠠᠭ᠍ᠪᠤᠷ᠎ᠢ ᠭᠦᠨᠵᠡᠭᠡᠢᠷᠡᠭᠦᠯᠦᠨ᠂ ᠲᠡᠭᠡᠭᠡᠪᠦᠷᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠨᠠᠩ ᠤᠷᠤᠭ᠍ᠰᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠵᠡᠢ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠤᠭᠰᠠᠨ ᠪᠠᠢᠨ᠎ᠠ᠃
ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠬᠡᠷᠡᠭ᠌ᠴᠡᠭᠡ ᠦᠷᠭᠦᠯᠵᠢᠯᠡᠨ ᠨᠡᠮᠡᠭ᠌ᠳᠡᠬᠦ᠌᠎ᠶ᠋ᠢ ᠳᠠᠭᠠᠯᠳᠤᠨ᠂ ᠡᠷᠢᠶᠡᠨᠤ ᠲᠡᠮᠦᠷ ᠵᠠᠮ᠎ᠤᠨ ᠬᠢᠯᠢ ᠵᠢᠨ ᠪᠣᠭᠣᠮᠲᠠ᠎ᠶ᠋ᠢᠨ ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ ᠵᠢᠨ ᠨᠡᠪᠲᠡᠷᠡᠬᠦ᠌ ᠴᠢᠭ᠌ᠯᠡᠯ᠂ ᠲᠣᠭ᠎ᠠ ᠬᠡᠮᠵᠢᠶ᠎ᠡ᠂ ᠪᠠᠷᠠᠭᠠᠨ᠎ᠤ ᠲᠥᠷᠥᠯ ᠵᠡᠷᠭᠡ ᠲᠠᠯ᠎ᠠ᠎ᠪᠠᠷ ᠴᠥᠮ ᠦᠷᠭᠦᠯᠵᠢᠯᠡᠨ ᠨᠡᠮᠡᠭ᠌ᠳᠡᠬᠦ᠌ ᠪᠠᠢᠳᠠᠯ ᠢᠯᠡᠷᠡᠵᠦ᠍᠂ ᠠᠶᠠᠯᠠᠯ᠎ᠤᠨ ᠵᠠᠮ ᠨᠢ ᠴᠦ᠍ ᠠᠩᠬᠠᠨ᠎ᠤ 2 ᠵᠤᠷᠪᠤᠰ᠎ᠠᠴᠠ᠎ᠪᠠᠨ ᠠᠭᠠᠵᠢᠮ᠎ᠢᠶᠠᠷ ᠨᠡᠮᠡᠭ᠌ᠳᠡᠭᠡᠳ 75 ᠵᠤᠷᠪᠤᠰ ᠪᠣᠯᠵᠣ᠂ ᠭᠧᠷᠮᠠᠨ᠂ ᠫᠤᠯᠠᠨᠳ᠋ ᠵᠡᠷᠭᠡ 10 ᠭᠠᠷᠤᠶ ᠤᠯᠤᠰ᠎ᠤᠨ 70 ᠭᠠᠷᠤᠶ ᠵᠠᠩᠭᠢᠯᠠᠭ᠎ᠠ᠎ᠶ᠋ᠢᠨ ᠥᠷᠲᠡᠭᠡ ᠴᠡᠭ᠎ᠲᠦ ᠨᠡᠪᠲᠡᠷᠡᠪᠡ᠃
ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ ᠵᠢᠨ ᠪᠦᠯᠦᠭᠯᠡᠯ ᠺᠤᠮᠫᠠᠨᠢ ᠵᠢᠨ ᠡᠷᠢᠶᠡᠨ᠎ᠦ ᠭᠠᠯᠲᠤ ᠲᠡᠷᠭᠡᠨ ᠥᠷᠲᠡᠭᠡᠨ᠎ᠦ ᠪᠠᠷᠠᠭ᠎ᠠ ᠵᠥᠭᠡᠭᠡᠪᠦᠷᠢᠯᠡᠬᠦ᠌ ᠭᠠᠵᠠᠷ᠎ᠤᠨ ᠡᠷᠬᠢᠯᠡᠭ᠌ᠴᠢ ᠦ᠋ ᠱᠸ᠋ ᠵᠢᠶᠦ᠋ᠨ᠄ 《ᠳᠤᠮᠳᠠᠳᠤ ᠧᠦ᠋ᠷᠣᠫᠠ᠎ᠶ᠋ᠢᠨ ᠵᠢᠱᠢᠶᠡᠨᠤ ᠭᠠᠯᠲᠤ ᠲᠡᠷᠭᠡ᠎ᠶ᠋ᠢᠨ ᠪᠠᠷᠠᠭᠠᠨ᠎ᠤ ᠲᠦᠷᠦᠯ ᠵᠦᠢᠯ ᠶᠠᠪᠤᠬᠤ ᠲᠤᠳᠤᠮ ᠪᠠᠶᠠᠯᠢᠭ᠍ᠵᠢᠵᠤ ᠪᠠᠢᠨ᠎ᠠ᠂ ᠥᠩᠭᠡᠷᠡᠭ᠌ᠰᠡᠨ᠎ᠳᠦ ᠭᠣᠣᠯᠳᠠᠭᠤ ᠲᠡᠮᠦᠷᠯᠢᠭ᠂ ᠬᠢᠮᠢ᠎ᠶ᠋ᠢᠨ ᠠᠵᠤ ᠦᠢᠯᠡᠳᠪᠦᠷᠢ᠂ ᠬᠤᠪᠴᠠᠰᠤ ᠬᠤᠨᠠᠷ ᠵᠡᠷᠭᠡ ᠪᠦᠲᠦᠬᠡᠭᠳᠡᠬᠦᠨ ᠵᠢᠡᠷ ᠭᠤᠤᠯᠳᠠᠵᠦ ᠪᠠᠢᠭᠰᠠᠨ ᠡᠴᠡ ᠪᠡᠨ ᠤᠳᠤ ᠮᠠᠨ᠎ᠤ ᠤᠯᠤᠰ᠎ᠤᠨ ᠦᠢᠯᠡᠳᠪᠦᠷᠢᠯᠡᠭ᠌ᠰᠡᠨ ᠮᠠᠱᠢᠨ ᠲᠡᠷᠭᠡ᠂ ᠮᠠᠱᠢᠨ᠎ᠤ ᠲᠤᠨᠤᠭ ᠲᠥᠬᠥᠭᠡᠷᠦᠮᠵᠢ ᠵᠡᠷᠭᠡ ᠥᠨᠳᠥᠷ ᠨᠡᠮᠡᠯᠲᠡ ᠦᠷᠳᠡᠭᠪᠦᠬᠦᠢ ᠪᠠᠷᠠᠭᠠᠨ᠎ᠤ ᠡᠵᠡᠯᠡᠬᠦ᠌ ᠬᠠᠷᠢᠴᠠᠯ ᠵᠢᠯ ᠳᠠᠷᠠᠭᠠᠯᠠᠨ ᠨᠡᠮᠡᠭ᠌ᠳᠡᠵᠦ᠍ ᠪᠠᠢᠨ᠎ᠠ》 ᠭᠡᠵᠦ ᠶᠠᠷᠢᠵᠤ ᠪᠠᠢᠯ᠎ᠠ᠃