ᠬᠥᠬᠡᠬᠣᠲᠠ ᠵᠢᠨ ᠤᠢ ᠱᠢᠭᠤᠢ ᠵᠢᠨ ᠪᠦᠷᠬᠦᠴᠡ ᠵᠢᠨ ᠨᠤᠷᠮ᠎ᠠ 16.59% ᠪᠤᠯᠵᠤ ᠳᠡᠭᠡᠭ᠌ᠰᠢᠯᠡᠪᠡ
2026-02-03 10:03:37
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠬᠥᠬᠡᠬᠣᠲᠠ ᠠᠮᠢ ᠠᠬᠤᠶ ᠶ᠋ᠢ ᠵᠠᠰᠠᠨ ᠰᠡᠷᠭᠦᠭᠡᠬᠦ᠌᠂ ᠡᠬᠢ ᠪᠠᠶᠠᠯᠢᠭ ᠢ᠋ ᠬᠠᠮᠠᠭᠠᠯᠠᠬᠤ ᠪᠠ ᠪᠣᠬᠢᠷᠲᠤᠯ ᠥᠬᠡᠶ ᠬᠥᠭ᠌ᠵᠢᠭᠦᠯᠬᠦ᠌᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠬᠤ ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠥᠬᠡᠶ ᠠᠮᠢ ᠠᠬᠤᠶ ᠵᠢᠨ ᠬᠠᠯᠬᠠᠪᠴᠢ ᠶ᠋ᠢ ᠨᠠᠩ ᠪᠡᠬᠢᠵᠢᠭᠦᠯᠦᠭᠰᠡᠨ ᠡᠴᠡ ᠣᠶ ᠱᠢᠭᠤᠶ ᠵᠢᠨ ᠪᠦᠷᠬᠦᠴᠡ 2021 ᠣᠨ ᠳ᠋ᠤ 15.78% ᠪᠠᠢᠭ᠍ᠰᠠᠨ᠎ᠠᠴᠠ᠎ᠪᠠᠨ ᠳᠡᠭᠡᠭ᠌ᠰᠢᠯᠡᠭᠡᠳ 16.59% ᠪᠣᠯᠵᠣ᠂ ᠨᠤᠲᠤᠭ ᠪᠡᠯᠴᠢᠭᠡᠷ ᠤ᠋ᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ ᠶ᠋ᠢ 50% ᠣᠷᠴᠢᠮ ᠳ᠋ᠤ ᠲᠣᠭ᠍ᠲᠠᠪᠤᠷᠢᠵᠢᠭᠤᠯᠪᠠ᠃

5 ᠵᠢᠯ ᠤ᠋ᠨ ᠲᠤᠷᠰᠢ᠂ ᠬᠥᠬᠡᠬᠣᠲᠠ ᠠᠮᠢ ᠠᠬᠤᠶ ᠶ᠋ᠢ ᠰᠡᠷᠭᠦᠭᠡᠬᠦ᠌ ᠪᠠ ᠡᠬᠢ ᠪᠠᠶᠠᠯᠢᠭ ᠢ᠋ ᠬᠠᠮᠠᠭᠠᠯᠠᠬᠤ ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠡᠭᠦᠷᠭᠡ ᠶ᠋ᠢ ᠨᠡᠢᠲᠡ 257.96 ᠲᠦᠮᠡᠨ ᠮᠥ᠍ ᠪᠡᠶᠡᠯᠡᠭᠦᠯᠤᠨ᠂ 70.39 ᠲᠦᠮᠡᠨ ᠮᠥ᠍ ᠡᠯᠡᠰᠦ ᠶ᠋ᠢ ᠰᠡᠷᠭᠡᠢᠯᠡᠨ ᠡᠯᠡᠰᠦ ᠵᠢ ᠵᠠᠰᠠᠵᠤ᠂ ᠲᠣᠰ ᠲᠣᠰ ᠲᠦᠯᠦᠪᠯᠡᠭᠰᠡᠨ ᠬᠠᠷᠠᠯᠲᠠ ᠡᠴᠡ ᠪᠡᠨ16% ᠪᠠ 23% ᠪᠡᠷ ᠳᠠᠪᠠᠵᠠᠶ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ᠎ᠤ ᠪᠥᠲᠥᠭᠡᠨ ᠪᠠᠢᠭᠤᠯᠤᠯᠲᠠ ᠵᠢᠨ 228.41 ᠲᠦᠮᠡᠨ ᠮᠤ᠌ ᠡᠭᠦᠷᠭᠡ ᠶ᠋ᠢ 2024 ᠣᠨ ᠳ᠋ᠤ ᠪᠦᠬᠦᠨ᠎ᠢ ᠪᠡᠶᠡᠯᠡᠭᠦᠯᠵᠦ᠍᠂ ᠲᠦᠯᠦᠪᠯᠡᠭᠡ ᠡᠴᠡ ᠪᠠᠨ 6 ᠵᠢᠯ ᠤᠷᠢᠳᠴᠢᠯᠠᠪᠠ᠃ ᠨᠤᠭᠤ ᠭᠠᠵᠠᠷ᠎ᠤᠨ ᠬᠠᠮᠠᠭᠠᠯᠠᠯᠲᠠ ᠵᠢᠨ ᠱᠢᠰᠲ᠋ᠧᠮ ᠢ᠋᠎ᠦᠷᠭᠦᠯᠵᠢᠯᠡᠨ ᠲᠡᠭᠦᠯᠳᠡᠷᠵᠢᠭᠦᠯᠵᠦ᠍᠂ ᠨᠤᠭᠤ ᠭᠠᠵᠠᠷ᠎ᠤᠨ ᠬᠠᠮᠠᠭᠠᠯᠠᠯᠲᠠ ᠵᠢᠨ ᠨᠣᠷᠮ᠎ᠠ ᠶ᠋ᠢ 35.2% ᠪᠣᠯᠲᠠᠯ᠎ᠠ ᠳᠡᠭᠡᠭ᠌ᠰᠢᠯᠡᠭᠦᠯᠦᠨ᠂ ᠤᠯᠤᠰ᠎ᠤᠨ ᠨᠤᠭᠤ ᠭᠠᠵᠠᠷ᠎ᠤᠨ ᠴᠡᠴᠡᠷᠯᠢᠭ 2᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠢᠬᠤᠯᠠ ᠨᠤᠭᠤ ᠭᠠᠵᠠᠷ ᠵᠢᠴᠢ ᠣᠯᠠᠨ ᠬᠠᠮᠠᠭᠠᠯᠠᠯᠲᠠ ᠵᠢᠨ ᠲᠣᠭᠣᠷᠢᠭ ᠢ᠋ ᠪᠠᠢᠭᠤᠯᠤᠭᠰᠠᠨ ᠪᠠᠢᠨ᠎ᠠ᠃

ᠡᠬᠢ ᠪᠠᠶᠠᠯᠢᠭ ᠢ᠋ ᠬᠠᠮᠠᠭᠠᠯᠠᠬᠤ ᠱᠢᠰᠲᠧᠮ ᠢ᠋᠎ᠦᠷᠭᠦᠯᠵᠢᠯᠡᠨ ᠴᠢᠩᠭᠠᠳᠬᠠᠵᠤ᠂ 5 ᠵᠢᠯ ᠳᠠᠷᠠᠭᠠᠯᠠᠨ ᠣᠨᠴᠠ ᠶᠡᠬᠡ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠢᠮᠡᠷ ᠭᠠᠷᠤᠭ᠍ᠰᠠᠨ ᠦᠭᠡᠶ᠂ ᠣᠶ ᠱᠢᠭᠤᠶ ᠵᠢᠨ ᠬᠥᠨᠥᠭᠡᠯᠲᠤ ᠠᠮᠢᠳᠤ ᠪᠣᠳᠠᠰ᠎ᠤᠨ ᠭᠠᠮᠱᠢᠭ ᠡᠭᠦᠰᠬᠦ ᠨᠣᠷᠮ᠎ᠠ ᠶ᠋ᠢ 3‰ ᠡᠴᠡ ᠳᠣᠷᠣᠭ᠍ᠰᠢ᠎ᠪᠠᠷ ᠬᠢᠵᠠᠭᠠᠷᠯᠠᠪᠠ᠃ ᠣᠶ ᠱᠢᠭᠤᠶ ᠪᠠ ᠨᠤᠲᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠬᠢᠭᠡᠳ ᠠᠵᠤ ᠦᠶ᠋ᠯᠡᠰ ᠬᠠᠮᠵᠢᠯᠴᠠᠨ ᠬᠥᠭ᠌ᠵᠢᠵᠦ᠍᠂ ᠣᠶ ᠱᠢᠭᠤᠶ ᠪᠠ ᠨᠤᠲᠤᠭ ᠪᠡᠯᠴᠢᠭᠡᠷ ᠨᠤᠭᠤ ᠭᠠᠵᠠᠷ ᠤ᠋ᠨ ᠨᠡᠭᠦᠷᠡᠰᠦᠲᠥ᠋ᠷᠥᠭ᠌ᠴᠢ ᠵᠢᠨ ᠬᠠᠳᠠᠭᠠᠯᠠᠭ᠍ᠳᠠᠴᠠ ᠵᠢᠨ ᠳ᠋ᠠᠢᠲ᠋ᠠ ᠬᠥᠮᠥᠷᠭᠡ ᠶ᠋ᠢ ᠪᠠᠢᠭᠤᠯᠤᠨ᠂ ᠪᠥᠬᠥ᠌ ᠬᠣᠲᠠ ᠵᠢᠨ ᠣᠶ ᠱᠢᠭᠤᠶ ᠨᠤᠲᠤᠭ ᠪᠡᠯᠴᠢᠭᠡᠷ ᠨᠤᠭᠤ ᠭᠠᠵᠠᠷ ᠤ᠋ᠨ ᠨᠡᠭᠦᠷᠡᠰᠦᠲᠥ᠋ᠷᠥᠭ᠌ᠴᠢ ᠵᠢᠨ ᠡᠬᠢ ᠪᠠᠶᠠᠯᠢᠭ᠎ᠤᠨ ᠬᠠᠳᠠᠭᠠᠯᠠᠭ᠍ᠳᠠᠴᠠ 7000 ᠭᠠᠷᠤᠶ ᠲᠦᠮᠡᠨ ᠲᠣᠨ ᠳ᠋ᠤ ᠬᠥᠷᠪᠡ᠃ ᠬᠦᠬᠡᠬᠤᠲᠠ ᠳ᠋ᠤ ᠤᠳᠤᠬᠠᠨ ᠳ᠋ᠤ ᠨᠢᠭᠡᠨᠲᠡ 306 ᠣᠶ ᠱᠢᠭᠤᠶ ᠡᠪᠡᠰᠤᠨ ᠤ᠋ ᠠᠵᠤ ᠠᠬᠤᠢᠯᠠᠯ᠎ᠲᠠᠶ ᠪᠣᠯᠵᠣ᠂ 4 ᠭᠤᠤᠯ ᠠᠵᠤ ᠦᠶ᠋ᠯᠡᠰ ᠤ᠋ᠨ ᠬᠡᠯᠬᠢᠶ᠎ᠡ ᠶ᠋ᠢ ᠪᠦᠷᠢᠯᠳᠦᠭᠦᠯᠤᠨ᠂ ᠦᠶ᠋ᠯᠡᠳᠬᠦᠨ᠎ᠦ ᠥᠷᠲᠡᠭ 100 ᠳ᠋ᠦᠩᠱᠢᠭᠤᠷ ᠲᠥᠭᠥᠷᠢᠭ ᠢ᠋ ᠳᠠᠪᠠᠵᠠᠶ᠃ ᠤᠶᠤᠨᠲᠤ ᠣᠶ ᠱᠢᠭᠤᠶ ᠪᠠ ᠨᠤᠲᠤᠭ ᠪᠡᠯᠴᠢᠭᠡᠷ ᠬᠢᠭᠡᠳ ᠬᠠᠤᠯᠢ᠎ᠪᠠᠷ ᠵᠠᠰᠠᠬᠤ ᠶ᠋ᠢ ᠵᠡᠷᠭᠡ ᠪᠡᠷ ᠪᠠᠲᠤᠯᠠᠨ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠤᠶᠤᠨᠲᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠲᠣᠮᠣ ᠳ᠋ᠠᠢᠲ᠋ᠠ ᠵᠢᠨ ᠲᠠᠪᠴᠠᠩ ᠢ᠋ ᠪᠠᠢᠭᠤᠯᠵᠤ᠂ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠵᠢᠨ ᠠᠷᠠᠯᠵᠢᠶᠠᠨ᠎ᠤ ᠦᠶ᠋ᠯᠡᠴᠢᠯᠡᠭᠡᠨ᠎ᠦ ᠲᠥᠪ ᠤ᠋ᠨ ᠪᠥᠲᠥᠭᠡᠨ ᠪᠠᠢᠭᠤᠯᠤᠯᠲᠠ ᠶ᠋ᠢ ᠢᠳᠡᠪᠬᠢᠲᠡᠶ ᠠᠬᠢᠭᠤᠯᠤᠨ᠂ 《ᠣᠶ ᠰᠢᠭᠤᠢ ᠵᠢᠨ ᠳᠠᠷᠤᠭ᠎ᠠ ᠵᠢᠨ ᠲᠦᠷᠢᠮ》 ᠢ᠋ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 《ᠣᠶ ᠰᠢᠭᠤᠢ ᠵᠢᠨ ᠳᠠᠷᠤᠭ᠎ᠠ + ᠪᠠᠢᠴᠠᠭᠠᠬᠤ ᠳᠠᠷᠤᠭ᠎ᠠ + ᠴᠠᠭ᠍ᠳᠠᠭ᠎ᠠ ᠵᠢᠨ ᠳᠠᠷᠤᠭ᠎ᠠ》 ᠵᠢᠨ ᠬᠠᠮᠵᠢᠯᠴᠠᠬᠤ ᠲᠣᠭ᠍ᠲᠠᠴᠠ ᠶ᠋ᠢ ᠪᠠᠢᠭᠤᠯᠤᠨ᠂ 《ᠬᠥᠬᠡᠬᠣᠲᠠ ᠵᠢᠨ ᠨᠤᠭᠤ ᠭᠠᠵᠠᠷ ᠢ᠋ ᠬᠠᠮᠠᠭᠠᠯᠠᠬᠤ ᠲᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ ᠢ᠋ ᠨᠡᠢᠲᠡᠯᠡᠵᠦ᠍᠂ ᠦᠨᠳᠦᠰᠦᠨ ᠱᠠᠲᠤᠨ᠎ᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ᠎ᠤᠨ ᠥᠷᠲᠡᠭᠡ ᠶ᠋ᠢ 45 ᠰᠡᠷᠭᠦᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号