ᠤᠢᠷ᠎ᠠ ᠳ᠋ᠤ ᠬᠤᠷᠠᠯᠳᠤᠭᠤᠯᠤᠭᠰᠠᠨ 2026 ᠣᠨ ᠤ᠋ ᠪᠦᠬᠦ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠠᠵᠢᠯ ᠤ᠋ᠨ ᠬᠤᠷᠠᠯ ᠡᠴᠡ ᠤᠢᠯᠠᠭᠠᠭᠰᠠᠨ ᠵᠢᠡᠷ᠂ 2025 ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠰᠢᠰᠲ᠋ᠧᠮ ᠤ᠋ᠨ ᠡᠯ᠎ᠡ ᠵᠦᠢᠯ ᠤ᠋ᠨ ᠠᠵᠢᠯ ᠯᠠᠪᠳᠠᠭᠤᠨ ᠪᠠᠲᠤᠲᠠᠢ ᠠᠬᠢᠵᠤ᠂ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠯ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ ᠵᠢ ᠪᠠᠷᠢᠮᠲᠠᠯᠠᠨ᠂ ᠡᠮᠴᠢᠯᠡᠭᠡᠨ ᠤ᠋ ᠦᠢᠯᠡᠴᠢᠯᠡᠭᠡᠨ ᠤ᠋ ᠦᠷ᠎ᠡ ᠠᠰᠢᠭ ᠤ᠋ᠨ ᠰᠢᠨ᠎ᠡ ᠰᠢᠪᠲᠤᠯᠤᠯᠲᠠ ᠵᠢ ᠪᠡᠶᠡᠯᠡᠭᠦᠯᠪᠡ᠃
2025 ᠣᠨ ᠳ᠋ᠤ᠌᠂ ᠦᠪᠦᠷ ᠮᠤᠩᠭᠤᠯ ᠡᠮ ᠡᠮᠨᠡᠯᠭᠡ ᠵᠢᠨ ᠤᠯᠤᠰ ᠤ᠋ᠨ ᠣᠷᠣᠨ ᠪᠦᠰᠡ ᠵᠢᠨ 4 ᠡᠮᠴᠢᠯᠡᠭᠡᠨ ᠤ᠋ ᠲᠥᠪ ᠤ᠋ᠨ ᠪᠦᠳᠦᠭᠡᠨ ᠪᠠᠢᠭᠤᠯᠤᠯᠲᠠ ᠵᠢ ᠦᠷᠭᠦᠯᠵᠢᠯᠡᠨ ᠠᠬᠢᠭᠤᠯᠵᠤ᠂ 1.8 ᠳ᠋ᠦᠩᠰᠢᠭᠤᠷ ᠲᠥᠭᠥᠷᠢᠭ ᠤ᠋ᠨ ᠪᠡᠯᠡ ᠣᠷᠣᠭᠤᠯᠵᠤ ᠥᠪᠡᠷᠲᠡᠭᠡᠨ ᠵᠠᠰᠠᠬᠤ ᠣᠷᠣᠨ ᠤ᠋ ᠲᠤᠰᠬᠠᠢ ᠮᠡᠷᠭᠡᠵᠢᠯ ᠤ᠋ᠨ ᠣᠷᠣᠨ ᠪᠦᠰᠡ ᠵᠢᠨ 39 ᠡᠮᠴᠢᠯᠡᠭᠡᠨ ᠤ᠋ ᠲᠥᠪ ᠢ᠋ ᠪᠠᠢᠭᠤᠯᠵᠤ᠂ 4000 ᠲᠦᠮᠡᠨ ᠲᠥᠭᠥᠷᠢᠭ ᠤ᠋ᠨ ᠪᠡᠯᠡ ᠣᠷᠣᠭᠤᠯᠵᠤ ᠤᠯᠤᠰ ᠤ᠋ᠨ ᠡᠮᠴᠢᠯᠡᠭᠡᠨ ᠤ᠋ ᠭᠣᠣᠯᠳᠠᠯᠭ᠎ᠠ ᠲᠠᠢ 8 ᠲᠤᠰᠬᠠᠢ ᠰᠠᠯᠠᠭ᠎ᠠ ᠵᠢ ᠰᠣᠩᠭᠣᠨ ᠪᠦᠲᠦᠭᠡᠨ ᠪᠠᠢᠭᠤᠯᠪᠡ᠃ ᠪᠡᠭᠡᠵᠢᠩ ᠥᠪᠥᠷ ᠮᠣᠩᠭᠣᠯ᠂ ᠱᠠᠩᠬᠠᠢ ᠥᠪᠥᠷ ᠮᠣᠩᠭᠣᠯ᠂ ᠯᠢᠶᠣᠤᠨᠢᠩ ᠥᠪᠥᠷ ᠮᠣᠩᠭᠣᠯ᠂ ᠲᠢᠶᠠᠨᠵᠢᠨ ᠥᠪᠥᠷ ᠮᠣᠩᠭᠣᠯ ᠤ᠋ᠨ ᠬᠠᠮᠳᠤᠷᠠᠯᠴᠠᠭ᠎ᠠ ᠵᠢ ᠭᠦᠨᠵᠡᠭᠡᠢᠷᠡᠭᠦᠯᠵᠦ᠂ ᠣᠷᠣᠨ ᠤ᠋ ᠭᠠᠳᠠᠨᠠᠬᠢ 2000 ᠰᠢᠬᠠᠮ ᠲᠤᠰᠬᠠᠢ ᠮᠡᠷᠭᠡᠵᠢᠯᠲᠡᠨ ᠦᠪᠦᠷ ᠮᠤᠩᠭᠤᠯ ᠤ᠋ᠨ 50 ᠭᠠᠷᠤᠢ ᠲᠦᠮᠡᠨ ᠡᠪᠡᠳᠴᠢᠲᠡᠨ ᠳ᠋ᠦ᠍ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠠᠢ᠃ ᠬᠣᠲᠠ ᠵᠢᠨ ᠨᠢᠭᠲᠠᠷᠠᠭᠰᠠᠨ ᠬᠡᠯᠪᠡᠷᠢ ᠵᠢᠨ ᠡᠮᠴᠢᠯᠡᠭᠡᠨ ᠤ᠋ ᠪᠦᠯᠦᠭᠯᠡᠯ ᠢ᠋ 21 ᠵᠤᠬᠢᠶᠠᠨ ᠪᠠᠢᠭᠤᠯᠵᠤ᠂ ᠠᠨᠠᠭᠠᠬᠤ ᠤᠬᠠᠭᠠᠨ ᠤ᠋ ᠰᠢᠯᠭᠠᠨ ᠪᠠᠢᠴᠠᠭᠠᠯᠲᠠ᠂ ᠵᠢᠷᠤᠭ ᠳᠦᠷᠰᠦ ᠵᠡᠷᠭᠡ ᠡᠬᠢ ᠪᠠᠶᠠᠯᠢᠭ ᠢ᠋ ᠬᠠᠮᠲᠤ ᠪᠠᠷ ᠡᠳ᠋ᠯᠡᠬᠦ ᠲᠥᠪ ᠢ᠋ 86 ᠪᠠᠢᠭᠤᠯᠪᠠ᠃ ᠮᠠᠯ ᠠᠵᠤ ᠠᠬᠤᠢ ᠲᠠᠷᠢᠶᠠᠯᠠᠩ ᠳ᠋ᠤ᠌ ᠬᠣᠯᠪᠣᠭᠳᠠᠬᠰᠠᠨ 82 ᠬᠣᠰᠢᠭᠤ ᠰᠢᠶᠠᠨ ᠳ᠋ᠤ ᠬᠤᠰᠢᠭᠤ ᠰᠢᠶᠠᠨ ᠤ᠋ ᠬᠡᠪᠴᠢᠶᠡᠨ ᠤ᠋ ᠨᠢᠭᠲᠠᠷᠠᠭᠰᠠᠨ ᠬᠡᠯᠪᠡᠷᠢ ᠵᠢᠨ ᠡᠮᠴᠢᠯᠡᠭᠡᠨ ᠤ᠋ ᠬᠠᠮᠲᠤ ᠵᠢᠨ ᠴᠣᠭᠴᠠ ᠵᠢᠨ ᠪᠠᠢᠭᠤᠯᠤᠯᠲᠠ ᠵᠢ ᠪᠦᠬᠦ ᠲᠠᠯ᠎ᠠ ᠪᠠᠷ ᠥᠷᠨᠢᠭᠦᠯᠵᠦ᠂ 74 ᠬᠣᠰᠢᠭᠤ ᠰᠢᠶᠠᠨ ᠤᠯᠤᠰ ᠤ᠋ᠨ ᠪᠠᠷᠢᠮᠵᠢᠶ᠎ᠠ ᠳ᠋ᠤ᠌ ᠬᠦᠷᠦᠭᠰᠡᠨ ᠪᠠᠢᠨ᠎ᠠ᠃ 61 ᠬᠣᠰᠢᠭᠤ ᠰᠢᠶᠠᠨ ᠨᠢ 《ᠬᠠᠮᠵᠢᠯᠴᠠᠭᠰᠠᠨ ᠡᠭᠦᠳᠡᠨ ᠡᠮᠨᠡᠯᠭᠡ》 ᠪᠠᠢᠭᠤᠯᠵᠤ᠂ ᠣᠯᠠᠨ ᠰᠠᠯᠠᠭᠠᠨ ᠤ᠋ ᠡᠬᠢ ᠪᠠᠶᠠᠯᠢᠭ ᠢ᠋ ᠰᠦᠯᠵᠢᠶᠡᠨ ᠳᠡᠭᠡᠷ᠎ᠡ ᠴᠠᠭ ᠳᠣᠬᠠᠢ ᠳ᠋ᠤᠨᠢ ᠬᠠᠷᠢᠭᠤᠯᠬᠤ ᠵᠠᠭᠪᠤᠷ ᠢ᠋ ᠪᠦᠬᠦ ᠤᠯᠤᠰ ᠲᠤ᠌ ᠳᠡᠯᠭᠡᠷᠡᠭᠦᠯᠪᠡ᠃ ᠭᠡᠷ ᠪᠦᠯᠢ ᠵᠢᠨ ᠡᠮᠴᠢ ᠵᠢᠨ ᠵᠦᠪᠯᠡᠯᠴᠡᠭᠡᠷ ᠳᠤᠭᠳᠠᠭᠰᠠᠨ ᠬᠡᠮᠵᠢᠶ᠎ᠡ ᠨᠢ 81.62% ᠲᠦ᠍ ᠬᠦᠷᠦᠭᠰᠡᠨ ᠪᠠᠢᠨ᠎ᠠ᠃
ᠣᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠪᠠᠲᠤᠯᠠᠭ᠎ᠠ ᠵᠢᠨ ᠲᠠᠯ᠎ᠠ ᠪᠠᠷ᠂ ᠣᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠦᠨᠳᠦᠰᠦᠨ ᠦᠢᠯᠡᠴᠢᠯᠡᠭᠡᠨ ᠤ᠋ ᠵᠠᠷᠤᠳᠠᠯ ᠢ᠋ ᠪᠦᠬᠦ ᠤᠯᠤᠰ ᠲᠤ᠌ ᠡᠩ ᠲᠡᠷᠢᠭᠦᠨ ᠳ᠋ᠦ᠍ ᠠᠷᠠᠳ ᠤ᠋ᠨ ᠦᠨᠳᠦᠰᠦᠨ ᠠᠮᠢᠳᠤᠷᠠᠯ ᠢ᠋ ᠪᠠᠲᠤᠯᠠᠬᠤ ᠲᠤᠰᠬᠠᠢ ᠬᠠᠮᠢᠶᠠᠷᠤᠯᠲᠠ ᠳ᠋ᠤ᠌ ᠣᠷᠣᠭᠤᠯᠪᠠ᠃ ᠭᠠᠳᠠᠭᠠᠳᠤ ᠡᠴᠡ ᠣᠷᠣᠭᠤᠯᠤᠭᠰᠠᠨ ᠮᠤᠭᠠᠢ ᠢᠯᠢᠳᠦ ᠪᠠ HPV ᠸᠠᠺᠼᠢᠨ ᠢ᠋ ᠠᠷᠠᠳ ᠲᠤ᠌ ᠠᠰᠢᠭ ᠬᠦᠷᠲᠡᠭᠡᠬᠦ ᠲᠥᠷᠥᠯ ᠵᠦᠢᠯ ᠪᠤᠯᠭᠠᠨ ᠬᠡᠷᠡᠭᠵᠢᠭᠦᠯᠵᠦ᠂ ᠣᠯᠠᠨ ᠲᠦᠮᠡᠨᠳᠦ 4000 ᠭᠠᠷᠤᠢ ᠲᠦᠮᠡᠨ ᠲᠥᠭᠥᠷᠢᠭ ᠤ᠋ᠨ ᠵᠠᠷᠤᠳᠠᠯ ᠢ᠋ ᠬᠠᠰᠤᠵᠤ ᠬᠡᠯᠲᠦᠷᠢᠭᠦᠯᠵᠦ ᠥᠭᠴᠠᠢ᠃ ᠭᠣᠣᠯᠳᠠᠯᠭ᠎ᠠ ᠲᠠᠢ ᠬᠥᠮᠦᠰ ᠲᠦ᠍ ᠦᠢᠯᠡᠴᠢᠯᠡᠬᠦ ᠲᠠᠯ᠎ᠠ ᠪᠠᠷ᠂ ᠲᠦᠭᠡᠮᠡᠯ ᠬᠦᠷᠳᠡᠭᠡᠮᠵᠢᠳᠤ ᠨᠠᠢᠳᠠᠨ ᠬᠥᠮᠦᠵᠢᠭᠦᠯᠬᠦ ᠦᠢᠯᠡᠴᠢᠯᠡᠭᠡᠨ ᠤ᠋ ᠪᠠᠢᠭᠤᠯᠤᠮᠵᠢ ᠵᠢᠨ ᠰᠤᠷᠤᠭᠴᠢ ᠪᠦᠷᠢ ᠳ᠋ᠦ᠍ ᠳᠤᠭᠳᠠᠭᠰᠠᠨ ᠳᠤᠭ᠎ᠠ ᠨᠣᠷᠮ᠎ᠠ ᠲᠣᠭᠲᠠᠭᠠᠨ ᠨᠥᠬᠥᠪᠥᠷᠢ ᠤᠯᠭᠤᠬᠤ ᠲᠥᠷᠥᠯ ᠵᠦᠢᠯ ᠢ᠋ ᠬᠡᠷᠡᠭᠵᠢᠭᠦᠯᠵᠦ᠂ ᠬᠡᠦᠬᠡᠳ ᠰᠠᠭᠠᠲᠠᠭᠤᠯᠬᠤ ᠭᠠᠵᠠᠷ ᠲᠡᠬᠢ 7.4 ᠲᠦᠮᠡᠨ ᠬᠥᠮᠦᠨ ᠤᠳᠠᠭ᠎ᠠ ᠳ᠋ᠤ᠌ ᠠᠰᠢᠭ ᠬᠦᠷᠲᠡᠭᠡᠪᠡ᠃ ᠦᠪᠡᠷᠮᠢᠴᠡ ᠤᠨᠴᠠᠯᠢᠭ ᠲᠠᠢ ᠲᠥᠷᠥᠯ ᠲᠡᠮᠳᠡᠭ 《ᠬᠦᠭᠡᠷᠦᠭᠦᠨ ᠪᠦᠪᠡᠢ ᠵᠢᠨ ᠥᠷᠲᠡᠭᠡ》 ᠶ᠋ᠢᠨ ᠨᠡᠢᠭᠡᠮ ᠲᠣᠭᠣᠷᠢᠭ ᠤ᠋ᠨ ᠨᠠᠢᠳᠠᠨ ᠬᠥᠮᠦᠵᠢᠭᠦᠯᠬᠦ ᠦᠢᠯᠡᠴᠢᠯᠡᠭᠡᠨ ᠤ᠋ ᠲᠤᠷᠰᠢᠯᠲᠠ ᠵᠢᠨ ᠴᠡᠭ ᠢ᠋ 55 ᠡᠭᠦᠳᠦᠨ ᠪᠠᠢᠭᠤᠯᠵᠤ᠂ ᠡᠯ᠎ᠡ ᠲᠥᠷᠥᠯ ᠤ᠋ᠨ ᠨᠠᠢᠳᠠᠨ ᠬᠥᠮᠦᠵᠢᠭᠦᠯᠬᠦ ᠪᠠᠢᠭᠤᠯᠤᠮᠵᠢ ᠵᠢ 2100 ᠭᠠᠷᠤᠢ ᠪᠦᠳᠦᠭᠡᠨ ᠪᠠᠢᠭᠤᠯᠵᠤ᠂ ᠲᠦᠭᠡᠮᠡᠯ ᠬᠦᠷᠲᠡᠭᠡᠮᠵᠢᠳᠦ ᠣᠷᠣᠨ ᠪᠠᠢᠷᠢ ᠵᠢ 1.6 ᠲᠦᠮᠡ ᠰᠢᠨ᠎ᠡ ᠪᠡᠷ ᠨᠡᠮᠡᠭᠳᠡᠭᠦᠯᠵᠦ᠂ 3 ᠨᠠᠰᠤᠨ ᠳᠤᠳᠤᠷᠠᠬᠢ ᠨᠢᠯᠬ᠎ᠠ ᠬᠡᠦᠬᠡᠳ ᠤ᠋ᠨ ᠨᠠᠢᠳᠠᠨ ᠬᠦᠮᠦᠵᠢᠭᠦᠯᠬᠦ ᠣᠷᠣ ᠵᠢ ᠮᠢᠩᠭᠠᠨ ᠬᠦᠮᠦᠨ ᠠᠮᠠ ᠪᠦᠷᠢ ᠳᠦ 4.64 ᠪᠣᠯᠭᠠᠨ ᠨᠡᠮᠡᠭᠳᠡᠭᠦᠯᠪᠡ᠃ ᠬᠡᠦᠬᠡᠳ ᠪᠤᠢᠵᠢᠭᠤᠯᠬᠤ ᠨᠥᠬᠥᠪᠥᠷᠢ ᠤᠯᠭᠤᠬᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ᠂ 7.74 ᠳ᠋ᠦᠩᠰᠢᠭᠤᠷ ᠲᠥᠭᠥᠷᠢᠭ ᠤ᠋ᠨ ᠨᠥᠬᠥᠪᠥᠷᠢ ᠲᠠᠷᠬᠠᠭᠠᠪᠠ᠃