1 ᠰᠠᠷ᠎ᠠ ᠵᠢᠨ 19᠎ᠤ ᠡᠳᠦᠷ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭᠠᠵᠠ᠎ᠶᠢᠨ
ᠬᠣᠷᠢᠶ᠎ᠠ 2025 ᠣᠨ᠎ᠤ ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠦᠨᠡᠨ
ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠭᠰᠡᠨ ᠪᠠᠭᠠᠲᠤᠷᠴᠤᠳ᠎ᠤᠨ ᠵᠢᠭᠰᠠᠭᠠᠯᠲᠠ》 ᠵᠢ ᠨᠡᠢᠲᠡᠯᠡᠵᠦ᠂ ᠨᠡᠶ᠋ᠢᠲᠡ 22
ᠬᠦᠮᠦᠨ ᠢᠷᠠᠭᠤ ᠠᠯᠳᠠᠷ ᠲᠠᠢ᠎ᠪᠠᠷ ᠵᠢᠭᠰᠠᠭᠠᠭᠳᠠᠵᠠᠢ᠃
ᠵᠢᠭᠰᠠᠭᠠᠭᠳᠠᠭᠰᠠᠨ ᠪᠠᠭᠠᠲᠤᠷᠴᠤᠳ᠎ᠤᠨ
ᠳᠣᠲᠣᠷ᠎ᠠ ᠠᠮᠢ ᠪᠡᠶ᠎ᠡ᠎ᠪᠡᠨ ᠦᠷᠡᠭᠳᠡᠭᠦᠯᠵᠦ᠂ ᠭᠣᠣᠯ᠎ᠳᠤ ᠤᠨᠠᠭᠰᠠᠨ ᠡᠴᠢᠭᠡ ᠬᠦᠦ ᠬᠣᠶᠠᠭᠤᠯᠠ᠎ᠶᠢ
ᠠᠪᠤᠷᠠᠨ᠂ ᠦᠪᠡᠷ ᠵᠢᠡᠨ ᠵᠣᠯ ᠪᠤᠰᠤ᠎ᠪᠠᠷ ᠪᠡᠶ᠎ᠡ ᠦᠷᠡᠭᠳᠡᠭᠰᠡᠨ ᠬᠤᠸᠠᠩ ᠴᠢ ᠳ᠋ᠦᠩ ᠪᠤᠶ︔ ᠴᠡᠭᠡᠵᠢ ᠲᠦᠷᠢᠨ
ᠭᠠᠷᠴᠤ᠂ ᠠᠭᠠᠳᠠᠷ ᠪᠣᠷᠣᠭᠠᠨ᠎ᠤ ᠳᠤᠮᠳᠠᠭᠤᠷ ᠤᠰᠤᠨ᠎ᠳᠤ ᠬᠠᠰᠢᠭ᠍ᠳᠠᠭᠰᠠᠨ ᠣᠯᠠᠨ ᠲᠦᠮᠡᠨ᠎ᠢ ᠠᠪᠤᠷᠠᠬᠰᠠᠨ ᠴᠧ
ᠮᠢᠩ ᠢ ᠪᠤᠢ︔ ᠠᠶᠤᠯ ᠲᠦᠭᠰᠢᠭᠦᠷᠢ᠎ᠡᠴᠡ ᠠᠶᠤᠬᠤ ᠦᠭᠡᠢ᠂ ᠲᠠᠯ᠎ᠠ ᠭᠠᠷᠤᠭᠰᠠᠨᠴᠤ ᠬᠣᠶᠠᠷᠲᠠ ᠤᠰᠤᠨ᠎ᠳᠤ ᠣᠷᠣᠵᠤ
ᠤᠰᠤᠨ᠎ᠳᠤ ᠤᠨᠠᠭᠰᠠᠨ ᠡᠮᠡᠭᠲᠡᠢ᠎ᠶᠢ ᠠᠪᠤᠷᠠᠨ᠂ ᠠᠮᠢᠰᠬᠤᠯ᠎ᠤᠨ ᠰᠡᠷᠭᠦᠭᠡᠯᠲᠡ ᠬᠢᠭᠰᠡᠨ ᠬᠠᠢ ᠢᠦᠢ ᠪᠤᠢ︔ ᠠᠮᠢ
ᠪᠡᠶ᠎ᠡ᠎ᠪᠡᠨ ᠬᠠᠢᠬᠤᠷᠤᠯ ᠦᠭᠡᠢ 17 ᠳᠠᠪᠬᠤᠷ ᠠᠰᠠᠷ᠎ᠤᠨ ᠣᠷᠣᠢ᠎ᠳᠤ ᠭᠠᠷᠴᠤ᠂ ᠪᠡᠶ᠎ᠡ ᠪᠠᠨ ᠬᠤᠤᠷᠯᠠᠬᠤ
ᠭᠡᠰᠡᠨ ᠦᠬᠢᠨ᠎ᠢ ᠠᠪᠤᠷᠠᠭᠰᠠᠨ ᠳᠦ ᠶᠦᠩ ᠰᠢᠶᠠᠩ ᠪᠤᠢ ᠁ ᠲᠡᠳᠡᠨ᠎ᠦ ᠳᠣᠲᠣᠷ᠎ᠠ ᠠᠵᠤ ᠠᠬᠤᠢᠯᠠᠯ᠎ᠤᠨ ᠠᠵᠢᠯᠲᠠᠨ
ᠠᠵᠢᠯᠴᠢᠨ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ᠂ ᠠᠷᠠᠳ᠎ᠤᠨ ᠪᠠᠭ᠍ᠰᠢ᠂ ᠮᠠᠯᠴᠢᠨ ᠲᠠᠷᠢᠶᠠᠴᠢᠨ᠂ ᠰᠣᠷᠣᠭ᠍ᠴᠢ᠂
ᠰᠤᠷᠪᠤᠯᠵᠢᠯᠠᠭ᠍ᠴᠢ᠂ ᠦᠨᠳᠦᠰᠦᠨ ᠱᠠᠲᠤᠨ᠎ᠤ ᠺᠠᠳ᠋ᠷ ᠪᠠᠢᠵᠤ᠂ ᠠᠵᠢᠯ ᠲᠦᠷᠦᠯ ᠨᠢ ᠢᠯᠭᠠᠭ᠎ᠠ᠎ᠲᠠᠢ᠂ ᠨᠠᠰᠤ ᠵᠢᠯ
ᠨᠢ ᠠᠳᠠᠯᠢ ᠦᠭᠡᠢ᠂ ᠪᠡᠶ᠎ᠡ ᠵᠢᠨ ᠭᠠᠷᠤᠯ ᠨᠢ ᠤᠨᠳᠤᠤ ᠤᠨᠳᠤᠤ ᠪᠣᠯᠪᠠᠴᠤ ᠴᠥᠮ ᠠᠶᠤᠯ ᠲᠦᠭᠰᠢᠭᠦᠷᠢ᠎ᠲᠠᠢ ᠦᠶ᠎ᠡ᠎ᠳᠦ
ᠴᠡᠭᠡᠵᠢ ᠲᠦᠷᠢᠨ ᠭᠠᠷᠴᠤ᠂ ᠵᠠᠩᠭᠢᠯᠠᠭ᠎ᠠ᠎ᠶᠢᠨ ᠦᠶ᠎ᠡ᠎ᠳᠦ ᠬᠦᠴᠢᠷ᠎ᠢ ᠰᠥᠷᠦᠨ ᠤᠷᠤᠭᠰᠢᠯᠠᠵᠤ᠂ ᠡᠷᠡᠯᠬᠡᠭ ᠪᠠᠭᠠᠲᠤᠷᠯᠢᠭ᠋
ᠦᠶ᠋ᠯᠡ ᠠᠵᠢᠯᠯᠠᠭ᠎ᠠ᠎ᠪᠠᠷ᠎ᠢᠶᠠᠨ ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠬᠦ ᠴᠠᠭ ᠦᠶ᠎ᠡ᠎ᠶᠢᠨ ᠠᠭᠤᠯᠤᠭᠳᠠᠬᠤᠨ᠎ᠢ
ᠲᠠᠢᠯᠪᠤᠷᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠰᠤᠷᠲᠠᠯ᠎ᠢ ᠤᠯᠠᠮᠵᠢᠯᠠᠨ ᠪᠠᠳᠠᠷᠠᠭᠤᠯᠵᠤ᠂
ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠦᠨ ᠦᠵᠡᠯᠲᠡ᠎ᠶᠢ ᠦᠢᠯᠡᠳᠦᠯᠭᠡᠵᠢᠭᠦᠯᠵᠡᠢ᠃ ᠪᠠᠭᠠᠲᠤᠷᠴᠤᠳ᠎ᠤᠨ ᠲᠡᠷᠢᠭᠦᠨ᠎ᠦ
ᠦᠢᠯᠡ ᠠᠵᠢᠯᠯᠠᠭ᠎ᠠ ᠬᠥᠮᠥᠰ᠎ᠦᠨ ᠰᠡᠳᠬᠢᠯ᠎ᠢ ᠬᠥᠳᠡᠯᠭᠡᠨ᠂ ᠬᠥᠮᠥᠰ᠎ᠢ ᠤᠷᠮᠠᠰᠢᠭᠤᠯᠤᠨ ᠵᠣᠷᠢᠭ᠍ᠵᠢᠭᠤᠯᠵᠤ᠂ ᠪᠦᠬᠦ
ᠨᠡᠢᠭᠡᠮ᠎ᠢᠶᠡᠷ᠎ᠢᠶᠡᠨ ᠰᠠᠢᠨ ᠰᠠᠢᠬᠠᠨ᠎ᠤ ᠵᠦᠭ ᠥᠭᠡᠳᠡᠯᠡᠨ ᠳᠠᠪᠰᠢᠬᠤ ᠰᠦᠷ ᠬᠦᠴᠦᠨ᠎ᠢ ᠨᠢᠭ᠍ᠲᠠᠷᠠᠭᠤᠯᠵᠤ᠂ ᠦᠨᠡᠨ
ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠬᠦ᠎ᠶᠢ ᠡᠷᠬᠢᠮᠯᠡᠬᠦ᠂ ᠦᠨᠡᠨ ᠶᠣᠰᠣᠨ᠎ᠤ ᠲᠥᠯᠥᠭᠡ ᠡᠷᠡᠯᠬᠡᠭᠯᠡᠨ
ᠲᠡᠮᠡᠴᠡᠬᠦ᠎ᠶᠢ ᠳᠡᠮᠵᠢᠬᠦ ᠭᠦᠨ ᠵᠤᠵᠠᠭᠠᠨ ᠨᠡᠢᠭᠡᠮ᠎ᠦᠨ ᠠᠭᠤᠷ ᠠᠮᠢᠰᠬᠤᠯ᠎ᠢ ᠪᠤᠢ ᠪᠣᠯᠭᠠᠪᠠ᠃
ᠥᠪᠥᠷ ᠮᠣᠩᠭᠣᠯ᠎ᠤᠨ ᠦᠨᠡᠨ ᠶᠣᠰᠣᠨ᠎ᠤ
ᠲᠥᠯᠥᠭᠡ ᠡᠷᠡᠯᠬᠡᠭᠯᠡᠨ ᠲᠡᠮᠡᠴᠡᠭᠰᠡᠨ ᠪᠠᠭᠠᠲᠤᠷᠴᠤᠳ᠎ᠤᠨ ᠵᠢᠭᠰᠠᠭᠠᠯᠲᠠ ᠶᠢ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ᠎ᠠᠴᠠ ᠭᠣᠣᠯᠯᠠᠨ
ᠡᠷᠭᠢᠯᠡᠵᠦ᠂ ᠥᠪᠥᠷ ᠮᠣᠩᠭᠣᠯ᠎ᠤᠨ ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠭᠦ ᠰᠠᠭᠤᠷᠢ ᠮᠥᠩᠭᠥᠨ᠎ᠦ
ᠨᠡᠢᠭᠡᠮᠯᠢᠭ᠎ᠡᠴᠡ ᠳᠠᠭᠠᠭᠠᠴᠢᠯᠠᠨ ᠡᠷᠭᠢᠯᠡᠪᠡ᠃
ᠨᠡᠷᠡᠰ᠎ᠤᠨ ᠵᠢᠭᠰᠠᠭᠠᠯᠲᠠ ᠵᠢ 《ᠤᠭ ᠵᠤᠬᠢᠶᠠᠯ᠎ᠢ ᠤᠩᠰᠢᠬᠤ》 ( 阅读原文 ) ᠭᠡᠰᠡᠨ ᠦᠰᠦᠭ᠎ᠢ ᠲᠤᠪᠴᠢᠳᠠᠵᠤ
ᠦᠵᠡᠭᠡᠷᠡᠢ︕
ᠢᠷᠡᠯᠲᠡ᠄ ᠦᠪᠦᠷ
ᠮᠤᠩᠭᠤᠯ᠎ᠤᠨ ᠤᠯᠤᠰ ᠲᠦᠷᠦ ᠬᠠᠤᠯᠢ ᠴᠠᠭᠠᠵᠠ ᠵᠢᠷᠭᠢᠶ᠎ᠡ ᠵᠢᠨ ᠲᠠᠪᠴᠠᠩ