ᠸᠠᠩ ᠸᠧᠶ ᠵᠥᠩ ᠪᠦᠦ ᠭᠠᠩ ᠨᠠᠷ ᠬᠤᠷᠠᠯ᠎ᠳᠤ ᠣᠷᠣᠯᠴᠠᠵᠤ ᠪᠠᠶᠠᠷ ᠬᠦᠷᠭᠡᠪᠡ
ᠵᠠᠩ ᠶᠠᠨ ᠺᠦᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠵᠠᠢ
2 ᠰᠠᠷ᠎ᠠ᠎ᠶ᠋ᠢᠨ 3᠎ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠳᠥᠷᠪᠡᠳᠦᠭᠡᠷ ᠬᠤᠷᠠᠯ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠡᠬᠢᠯᠡᠪᠡ᠃

2 ᠰᠠᠷ᠎ᠠ᠎ᠶ᠋ᠢᠨ 3᠎ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ ᠶ᠋ᠢᠨ ᠵᠥᠪᠯᠡᠯᠭᠡᠨ ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠳᠥᠷᠪᠡᠳᠦᠭᠡᠷ ᠬᠤᠷᠠᠯ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠡᠬᠢᠯᠡᠪᠡ᠃
ᠰᠤᠷᠪᠤᠯᠵᠢᠯᠠᠭᠴᠢ ᠮᠦᠩᠬᠡᠴᠢᠯᠠᠭᠤ ᠰᠡᠭᠦᠳᠡᠷᠯᠡᠪᠡ

2 ᠰᠠᠷ᠎ᠠ᠎ᠶ᠋ᠢᠨ 3᠎ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠤᠷ ᠮᠤᠨᠭᠭᠤᠯ ᠤ᠋ᠨ ᠦᠪᠡᠷᠳᠡᠭᠡᠨ ᠵᠠᠰᠬᠠᠤ ᠤᠷᠤᠨ ᠤ᠋ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ᠎ᠵᠢᠨ ᠡᠮᠤᠨ᠎ᠠ ᠡᠴᠡ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠠ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠳᠤ ᠣᠷᠣᠯᠴᠠᠵᠤ ᠪᠠᠶᠠᠷ ᠬᠦᠷᠭᠡᠭ᠌ᠰᠡᠨ ᠪᠥᠭᠡᠳ ᠲᠡᠷᠢᠭᠦᠯᠡᠭ᠌ᠴᠢᠳ᠎ᠦᠨ ᠲᠠᠢᠰᠠᠨ᠎ᠤ ᠡᠮᠤᠨ᠎ᠠ ᠮᠦᠷ ᠲᠤ᠌ ᠰᠠᠭᠠᠲᠠᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠤᠷ ᠮᠤᠨᠭᠭᠤᠯ ᠤ᠋ᠨ ᠦᠪᠡᠷᠳᠡᠭᠡᠨ ᠵᠠᠰᠬᠠᠤ ᠤᠷᠤᠨ ᠤ᠋ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ᠎ᠵᠢᠨ ᠡᠮᠤᠨ᠎ᠠ ᠡᠴᠡ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠣ᠌ ᠡᠬᠢᠯᠡᠯᠲᠡ᠎ᠶ᠋ᠢᠨ ᠶᠡᠬᠡ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠶ ᠴᠧᠩ᠂ ᠶᠠᠩ ᠵᠢᠶᠸ ᠪᠤᠯᠤᠨ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃
ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭ᠍ᠰᠠᠨ ᠤᠳᠤᠷᠢᠳᠤᠯᠭ᠎ᠠ᠎ᠳᠤ ᠪᠠᠰᠠ᠄ ᠱ᠌ᠢ ᠭᠤᠸᠠᠩ ᠬᠤᠢ᠂ ᠯᠢᠦ ᠱᠤᠸᠠᠩ᠂ ᠮᠸᠩ ᠱᠢᠶᠠᠨ ᠳ᠋ᠦᠩ᠂ ᠬᠤᠸᠠᠩ ᡁᠢ ᠴᠢᠶᠠᠩ᠂ ᠬᠦᠤᠳᠠᠭᠤᠯᠠ᠂ ᠢᠦᠢ ᠯᠢ ᠱᠢᠨ᠂ ᠪᠦᠦ ᠱᠢᠶᠠᠨ ᠬᠤᠸᠠ᠂ ᠢᠦᠢ ᠬᠤᠢ ᠸᠸᠨ᠂ ᠴᠧᠨ ᡁᠢ ᠴᠠᠩ᠂ ᠯᠢᠦ ᠴᠦᠨ ᠵᠢᠶᠠᠩ᠂ ᠵᠠᠩ ᠱᠤᠤ ᠴᠦᠨ᠂ ᠵᠧᠩ ᠬᠣᠩ ᠹᠠᠨ᠂ ᠳ᠋ᠢᠩ ᠱᠢᠤ ᠹᠸᠩ᠂ ᠯᠢ ᠢᠦᠢ ᠭᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠴᠢ᠊ ᠪᠠᠳᠤ᠂ ᠵᠧᠩ ᠭᠤᠸᠠᠩ ᠵᠤᠤ᠂ ᠶᠤᠤ ᠶᠦᠩ ᠪᠥᠸᠧ᠂ ᠲᠠᠢᠴᠢᠨ᠂ ᠰᠦᠨ ᠵᠢᠶᠦ᠋ᠨ ᠴᠢᠩ᠂ ᠲᠠᠩ ᠢ᠂ ᠶᠠᠩ ᠽᠦᠩ ᠷᠧᠨ᠂ ᠯᠢ ᠶᠦᠩ ᠵᠢᠶᠦ᠋ᠨ᠂ ᠭᠦᠸᠧ ᠵᠢᠶᠦ᠋ᠨ᠂ ᠵᠠᠩ ᠵᠢᠶᠦ᠋ᠨ ᠨᠠᠷ ᠪᠤᠢ᠃
ᠲᠤᠰ ᠤᠳᠠᠭ᠎ᠠ᠎ᠶ᠋ᠢᠨ ᠬᠤᠷᠠᠯ᠎ᠳᠤ ᠣᠷᠣᠯᠴᠠᠬᠤ ᠶᠣᠰᠣᠲᠠᠢ ᠭᠡᠱᠢᠭᠦᠨ 513 ᠬᠥᠮᠦᠨ᠂ ᠬᠤᠷᠠᠯ ᠳ᠋ᠤ 488 ᠬᠥᠮᠦᠨ ᠤᠷᠤᠯᠴᠠᠵᠤ᠂ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠠ᠃
ᠶᠡᠬᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ᠎ᠤᠨ ᠵᠥᠪᠯᠡᠬᠦ᠌ ᠵᠦᠶ᠋ᠯ᠎ᠢ ᠬᠢᠨᠠᠨ ᠵᠥᠪᠯᠡᠵᠦ᠍ ᠪᠠᠲᠤᠯᠠᠪᠠ᠃
ᠵᠠᠩ ᠶᠠᠨ ᠺᠦᠨ ᠮᠡᠳᠡᠭᠦᠯᠦᠯᠲᠡ᠎ᠳᠡᠭᠡᠨ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠥᠯᠥᠪᠵᠢᠭᠦᠯᠦᠨ ᠪᠠᠢᠷᠢᠱᠢᠭᠤᠯᠬᠤ ᠵᠢᠯ ᠪᠣᠯᠤᠨ᠎ᠠ᠂ ᠮᠥᠨ ᠴᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 70 ᠵᠢᠯ᠎ᠦᠨ ᠣᠶ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠨᠭᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠬᠦᠴᠦᠲᠡᠶ ᠵᠢᠯᠣᠭᠣᠳᠤᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ ᠳᠤᠤᠷ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠭᠤᠤᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠂ ᠭᠤᠤᠯ ᠠᠵᠢᠯ ᠳ᠋ᠤ ᠤᠷᠤᠯᠴᠠᠬᠤ᠂ ᠬᠥᠭ᠌ᠵᠢᠯᠲᠡ᠎ᠳᠦ ᠬᠦᠴᠦᠨ ᠨᠡᠮᠡᠷᠢᠯᠡᠬᠦ᠂ ᠭᠤᠤᠯ ᠠᠵᠢᠯ ᠳ᠋ᠤ ᠠᠭᠤᠰᠤᠯᠴᠠᠬᠤ᠂ ᠠᠷᠠᠳ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ ᠵᠢ ᠪᠠᠷᠢᠮᠳᠠᠯᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠳᠦᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠲᠠᠢ ᠨᠢᠬᠳᠠ ᠤᠶᠠᠯᠳᠤᠭᠤᠯᠵᠤ᠂ ᠡᠭᠦᠷᠭᠡ ᠲᠤᠱᠢᠶᠠᠯ᠎ᠢᠶᠠᠨ ᠬᠢᠨᠠᠮᠠᠭᠠᠶ ᠭᠦᠶ᠋ᠴᠡᠳᠭᠡᠵᠤ᠂ 《ᠳᠥᠷᠪᠡ ᠵᠢ ᠨᠢᠬᠳᠠᠷᠠᠭᠤᠯᠬᠤ》 ᠠᠵᠢᠯ ᠢ᠋ ᠰᠠᠢᠲᠤᠷ ᠬᠢᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠳᠤ ᠦᠶ᠋ᠯᠡᠴᠢᠯᠡᠬᠦ᠌᠎ᠳᠦ ᠱᠢᠨ᠎ᠡ ᠬᠠᠷᠢᠭᠤᠴᠠᠯᠭ᠎ᠠ ᠡᠭᠦᠷᠭᠡᠯᠡᠯ ᠢ ᠢᠯᠡᠷᠡᠬᠦᠯᠵᠠᠢ ᠭᠡᠵᠤ ᠵᠢᠭᠠᠵᠤ ᠭᠠᠷᠭᠠᠪᠠ᠃
ᠵᠠᠩ ᠶᠠᠨ ᠺᠦᠨ ᠥᠩᠭᠡᠷᠡᠭ᠌ᠰᠡᠨ ᠨᠢᠭᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠢ ᠵᠢᠷᠭᠤᠭᠠᠨ ᠲᠠᠯ᠎ᠠ ᠪᠠᠷ ᠳ᠋ᠦᠩᠨᠡᠪᠡ᠄ ᠨᠢᠭᠡ᠎ᠳᠦ᠂ ᠵᠥᠪ ᠴᠢᠭ᠌ᠯᠡᠯ᠎ᠢ ᠪᠠᠷᠢᠮᠲᠠᠯᠠᠵᠤ᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠪᠡᠬᠢᠵᠢᠭᠦᠯᠪᠡ; ᠬᠣᠶᠠᠷ᠎ᠲᠤ᠂ ᠦᠷᠭᠡᠨ ᠵᠢᠡᠷ ᠰᠡᠳᠭᠢᠯ ᠨᠢᠬᠡᠳᠦᠨ ᠬᠦᠴᠦ᠍ᠨ ᠵᠢᠨᠨ ᠬᠠᠮᠲᠤᠳᠭᠠᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢᠨ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ; ᠭᠤᠷᠪᠠ᠎ᠳᠤ᠂ ᠭᠤᠤᠯ ᠠᠵᠢᠯ ᠶᠡᠬᠡ ᠲᠠᠯ᠎ᠠ᠎ᠳᠤ ᠦᠶ᠋ᠯᠡᠴᠢᠯᠡᠵᠦ᠍᠂ ᠴᠢᠨᠠᠷ ᠰᠠᠢᠲᠠᠶ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ᠎ᠢᠶᠠᠨ ᠡᠷᠭᠦᠪᠡ; ᠳᠥᠷᠪᠡ᠎ᠳᠦ᠂ ᠠᠷᠠᠳ᠎ᠤᠨ ᠲᠥᠯᠥᠭᠡ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌᠎ᠶ᠋ᠢ ᠦᠶ᠋ᠯᠡᠳᠦᠯᠭᠡᠵᠢᠭᠦᠯᠵᠦ᠍᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠪᠡ; ᠲᠠᠪᠤ᠎ᠳᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠠᠷᠢᠮᠲᠠᠯᠠᠵᠤ᠂ ᠪᠠᠢᠩᠭᠤ᠎ᠶ᠋ᠢᠨ ᠴᠢᠨᠠᠷᠲᠠᠶ ᠠᠵᠢᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠪᠠ; ᠵᠢᠷᠭᠤᠭ᠎ᠠ᠎ᠳᠤ᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ ᠪᠠ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠠᠢ ᠭᠡᠪᠡ᠃
ᠵᠠᠩ ᠶᠠᠨ ᠺᠦᠨ᠂ 2026 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠂ ᠥᠷᠭᠡᠨ᠎ᠢᠶᠡᠷ ᠬᠥᠮᠦᠨ᠎ᠦ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠣᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ᠎ᠢ ᠨᠢᠬᠳᠠᠷᠠᠭᠤᠯᠬᠤ ᠭᠡᠷᠡᠭᠳᠠᠢ᠃ ᠭᠤᠤᠯᠳᠠᠭᠤ ᠲᠠᠪᠤᠨ ᠲᠠᠯ᠎ᠠ᠎ᠪᠠᠷ ᠠᠵᠢᠯ᠎ᠵᠢᠡᠨ ᠰᠠᠢᠳᠤᠷ ᠬᠢᠨ᠎ᠠ᠄ ᠨᠢᠭᠡ᠎ᠳᠦ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠩ ᠥᠨᠳᠥᠷ ᠵᠣᠭ᠍ᠰᠣᠴᠠ᠎ᠡᠴᠡ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠨ᠎ᠠ; ᠬᠣᠶᠠᠷ᠎ᠲᠤ᠂ ᠰᠡᠳᠭᠢᠯ ᠨᠢᠭᠡᠳᠦᠨ ᠬᠦᠴᠤᠨ ᠵᠢᠠᠨ ᠬᠠᠮᠳᠤᠳᠬᠠᠬᠤ ᠦᠢᠯᠡᠳᠦᠯ᠎ᠢ ᠪᠠᠳᠠᠷᠠᠭᠤᠯᠵᠤ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠬᠠᠮᠲᠤ᠎ᠶ᠋ᠢᠨ ᠲᠠᠨᠢᠯᠲᠠ ᠪᠠ ᠬᠠᠮᠲᠤᠷᠠᠯ ᠬᠦᠴᠦᠨ᠎ᠢ ᠨᠢᠭ᠍ᠲᠠᠷᠠᠭᠤᠯᠤᠨ᠎ᠠ; ᠭᠤᠷᠪᠠ᠎ᠳᠤ᠂ ᠭᠣᠣᠯ ᠠᠵᠢᠯ ᠶᠡᠬᠡ ᠲᠠᠯ᠎ᠠ᠎ᠶ᠋ᠢ ᠴᠢᠩᠭ᠎ᠠ ᠡᠵᠡᠮᠳᠡᠵᠦ᠍᠂ ᠨᠡᠩ ᠶᠡᠬᠡ ᠵᠢᠳᠬᠦᠯ ᠴᠢᠷᠮᠠᠢᠯᠭ᠎ᠠ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ; ᠳᠥᠷᠪᠡ᠎ᠳᠦ᠂ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠳᠦᠷᠢᠮᠵᠢᠭᠦᠯᠬᠦ᠌᠂ ᠵᠢᠷᠤᠮᠵᠢᠭᠤᠯᠬᠤ᠂ ᠲᠠᠰ ᠲᠠᠷᠠᠭᠠᠵᠢᠭᠤᠯᠬᠤ ᠵᠡᠷᠭᠡ ᠴᠢᠳᠠᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ; ᠲᠠᠪᠤ᠎ᠳᠤ᠂ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠰᠠᠭᠤᠷᠢ᠎ᠶ᠋ᠢ ᠪᠡᠬᠢᠵᠢᠭᠦᠯᠵᠦ᠍᠂ ᠨᠡᠩ ᠴᠢᠩᠭ᠎ᠠ ᠱᠠᠭᠠᠷᠳᠠᠯᠭ᠎ᠠ᠎ᠪᠠᠷ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠰᠠᠢᠲᠤᠷ ᠠᠳᠬᠤᠨ᠎ᠠ ᠭᠡᠵᠦ ᠢᠯᠡᠳᠭᠡᠪᠡ᠃
ᠵᠠᠩ ᠶᠠᠨ ᠺᠦᠨ᠂ ᠬᠠᠷᠢᠭᠤᠴᠠᠯᠭ᠎ᠠ ᠪᠡᠨ ᠬᠦᠢᠴᠡᠳᠭᠡᠬᠦ ᠵᠢᠨ ᠭᠤᠤᠯᠳᠠᠯᠭ᠎ᠠ ᠨᠢ ᠡᠭᠦᠷᠭᠡᠯᠡᠯᠳ᠋ᠦ ᠪᠤᠢ᠂ ᠠᠮᠵᠢᠯᠲᠠ ᠤᠯᠬᠤ᠎ᠳᠤ ᠪᠣᠳᠠᠲᠠᠢ ᠠᠵᠢᠯᠯᠠᠬᠤ ᠬᠡᠷᠡᠭ᠌ᠲᠡᠢ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠣᠣᠷ᠎ᠠ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠮᠡᠬᠡᠢᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠤ ᠪᠦᠬᠦ᠌ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠶ᠋ᠢᠨ ᠲᠦᠯᠦᠭᠡ ᠬᠠᠮᠲᠤ ᠪᠡᠷ ᠪᠦᠯᠬᠦᠮᠳᠡᠨ ᠲᠡᠮᠡᠴᠡᠵᠡᠭᠡᠶ᠎ᠡ! ᠭᠡᠵᠦ᠍ ᠬᠡᠯᠡᠪᠡ᠃
ᠴᠡᠴᠡᠭ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠤᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ᠎ᠪᠠᠷ ᠶᠡᠬᠡ ᠬᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠢ ᠮᠡᠳᠡᠭᠦᠯᠪᠡ᠃
ᠭᠤᠤ ᡁᠢ ᠮᠢᠩ᠂ ᠭᠤᠤ ᠷᠦᠨ ᠬᠣᠩ᠂ ᠶᠠᠩ ᠽᠢ ᠵᠢᠶᠠᠩ᠂ ᠰᠦ᠍ ᠴᠢᠤᠸᠠᠨ᠂ ᠭᠤᠤ᠎ᠠ᠂ ᠬ᠍ᠦ ᠶᠢᠩ ᠹᠸᠩ᠂ ᠼᠦᠢ ᠵᠧᠨ ᠡᠸ᠋᠂ ᠯᠢ ᠯᠢ ᠴᠢᠨ᠂ ᠯᠢᠦᠢ ᠶᠦᠩ ᠴᠧᠩ ᠵᠡᠷᠭᠡ 9 ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠠᠷᠢᠭᠤᠴᠠᠯᠭᠠᠲᠠᠨ ᠤᠷᠢᠯᠭ᠎ᠠ᠎ᠪᠠᠷ ᠬᠤᠷᠠᠯ᠎ᠳᠤ ᠰᠤᠯᠠ ᠣᠷᠣᠯᠴᠠᠵᠡᠢ᠃