ᠸᠠᠩ ᠸᠧᠶ ᠵᠥᠩ ᠬᠤᠷᠠᠯ᠎ᠢ ᠡᠷᠭᠢᠯᠡᠵᠡᠶ
2 ᠰᠠᠷ᠎ᠠ᠎ᠶ᠋ᠢᠨ 3᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠯᠡᠳᠭᠡᠯ ᠬᠤᠷᠠᠯ ᠬᠢᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠤᠷᠠᠯ᠎ᠢ ᠡᠷᠬᠢᠯᠡᠪᠡ᠃ ᠵᠠᠩ ᠱᠤᠤ ᠴᠦᠨ᠂ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠯᠢ ᠢᠦᠢ ᠭᠠᠩ᠂ ᠢᠦᠢ ᠯᠢ ᠱᠢᠨ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠣᠲᠣ 530 ᠬᠥᠮᠦᠨ ᠪᠣᠶ᠂ ᠪᠡᠯᠡᠳᠭᠡᠯ ᠬᠤᠷᠠᠯ᠎ᠳᠤ 506 ᠬᠥᠮᠦᠨ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠤᠨ ᠡᠯ᠎ᠡ ᠵᠦᠶ᠋ᠯ ᠦᠨ ᠠᠵᠢᠯ ᠪᠡᠯᠡᠬᠡᠨ ᠪᠣᠯᠵᠣ᠂ ᠶᠡᠬᠡ ᠬᠤᠷᠠᠯ ᠲᠣᠭ᠍ᠲᠠᠭ᠍ᠰᠠᠨ ᠬᠤᠭᠤᠴᠠᠭᠠᠨ ᠳᠠᠭᠠᠨ ᠬᠤᠷᠠᠯᠳᠤᠬᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠲᠠᠪᠤᠳᠤᠭᠠᠷ ᠬᠤᠷᠠᠯ ᠪᠣᠯ ᠣᠷᠣᠨ ᠳᠠᠶᠠᠭᠠᠷ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠠᠷᠪᠡᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ ᠪᠠᠢᠭ᠎ᠠ ᠵᠠᠩᠭᠢᠯᠠᠭ᠎ᠠ᠎ᠶ᠋ᠢᠨ ᠴᠠᠭ ᠮᠦᠴᠡ ᠳ᠋ᠤ ᠬᠤᠷᠠᠯᠳᠤᠬᠤ ᠨᠢᠭᠡ ᠤᠳᠠᠭ᠎ᠠ᠎ᠶ᠋ᠢᠨ ᠮᠠᠰᠢ ᠴᠢᠬᠤᠯᠠ ᠬᠤᠷᠠᠯ ᠪᠠᠢᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ ᠲᠥᠷᠥ᠎ᠶ᠋ᠢᠨ ᠠᠮᠢᠳᠤᠷᠠᠯ᠎ᠳᠠᠬᠢ ᠨᠢᠭᠡᠨ ᠲᠣᠮᠣ ᠶᠠᠪᠤᠳᠠᠯ ᠮᠦᠨ᠃ ᠡᠨᠡ ᠤᠳᠠᠭ᠎ᠠ᠎ᠶ᠋ᠢᠨ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ ᠨᠢ ᠤᠯᠠᠮ ᠨᠢᠭᠡ ᠠᠯᠬᠤᠮ ᠦᠵᠡᠯ ᠰᠠᠨᠠᠭ᠎ᠠ᠎ᠪᠠᠨ ᠨᠢᠭᠡᠳᠭᠡᠵᠦ᠍᠂ ᠬᠦᠴᠦᠨ ᠴᠢᠳᠠᠯ᠎ᠢᠶᠠᠨ ᠨᠢᠭ᠍ᠲᠠᠷᠠᠭᠤᠯᠤᠨ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠠᠢ᠌ᠴᠢᠯᠠᠨ ᠤᠶᠤᠨ ᠤᠬᠠᠭᠠᠨ ᠪᠣᠯᠤᠨ ᠬᠦᠴᠦᠨ ᠴᠢᠳᠠᠯ᠎ᠢ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭ᠍ᠲᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠷᠢᠯᠠᠭᠤᠯᠤᠭ᠍ᠰᠠᠨ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠬᠦ᠌᠎ᠳᠦ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ ᠭᠡᠵᠤ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠵᠢᠯᠣᠭᠣᠳᠭᠤ ᠦᠵᠡᠯ ᠰᠠᠨᠠᠭ᠎ᠠ ᠪᠣᠯ᠄ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ ᠵᠢ ᠪᠠᠷᠢᠮᠳᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠨ ᠰᠠᠢᠲᠤᠷ ᠲᠡᠭᠦᠯᠳᠡᠷᠵᠢᠭᠦᠯᠵᠦ᠍ ᠰᠠᠢᠲᠤᠷ ᠬᠡᠷᠡᠭ᠌ᠵᠢᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠵᠢᠨᠨ ᠪᠣᠯᠭᠠᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠯᠤᠭ᠎ᠠ ᠨᠢᠬᠳᠠ ᠤᠶᠠᠯᠳᠤᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠭᠦᠢᠴᠡᠳᠭᠡᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠢ᠋ ᠲᠠᠢᠴᠢᠯᠡᠨ ᠤᠷᠢᠶᠠᠯᠠᠵᠤ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠭᠤᠯᠤᠨ ᠪᠦᠯᠬᠦᠮᠳᠡᠬᠦᠯᠵᠤ᠂ 《ᠬᠣᠶᠠᠷ᠎ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠠᠨ᠂ ᠠᠴᠢ ᠡᠨᠡᠷᠢᠯ ᠳ᠋ᠤᠨᠢ ᠲᠠᠯᠠᠷᠬᠠᠨ ᠡᠷᠡᠮᠡᠭᠡᠢᠯᠡᠨ ᠤᠷᠤᠭ᠍ᠰᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠪᠤᠯᠤᠨ᠎ᠠ᠃
ᠬᠤᠷᠠᠯ᠎ᠡᠴᠡ᠂ ᠲᠥᠯᠥᠭᠡᠯᠡᠭ᠌ᠴᠢᠳ ᠶᠡᠬᠡ ᠬᠤᠷᠠᠯ᠎ᠤᠨ ᠵᠢᠯᠣᠭᠣᠳᠭᠤ ᠦᠵᠡᠯ ᠰᠠᠨᠠᠭ᠎ᠠ ᠶᠣᠰᠣᠭᠠᠷ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠱᠠᠭᠠᠷᠳᠠᠯᠭ᠎ᠠ ᠳᠡᠭᠡᠷ᠎ᠡ ᠨᠢᠭᠡᠳᠭᠡᠵᠦ᠍᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠬᠢᠯᠭᠡ ᠪᠡᠷ ᠡᠯ᠎ᠡ ᠵᠦᠢᠯ᠎ᠦᠨ ᠵᠥᠪᠯᠡᠬᠦ᠌ ᠰᠡᠳᠦᠪ᠎ᠢ ᠨᠠᠷᠢᠨ ᠬᠢᠨᠠᠮᠠᠭᠠᠢ ᠬᠢᠨᠠᠨ ᠵᠥᠪᠯᠡᠵᠦ᠍᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠡᠨᠡ ᠤᠳᠠᠭ᠎ᠠ᠎ᠶ᠋ᠢᠨ ᠬᠤᠷᠠᠯ᠎ᠢ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠭ᠍ᠰᠠᠨ᠂ ᠪᠣᠳᠠᠲᠠᠢ᠎ᠶ᠋ᠢ ᠡᠷᠬᠢᠮᠯᠡᠨ ᠡᠷᠡᠮᠡᠬᠡᠢᠯᠡᠨ ᠤᠷᠤᠭ᠍ᠰᠢᠯᠠᠭ᠍ᠰᠠᠨ ᠶᠡᠬᠡ ᠬᠤᠷᠠᠯ ᠪᠣᠯᠭᠠᠨ ᠬᠤᠷᠠᠯᠳᠤᠭᠤᠯᠬᠤ ᠪᠡᠷ ᠴᠢᠷᠮᠠᠢᠬᠤᠭᠡᠷᠡᠭᠳᠠᠢ ᠭᠡᠵᠤ ᠱᠠᠭᠠᠷᠳᠠᠪᠠ᠃
ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠵᠥᠪᠯᠡᠬᠦ᠌ ᠵᠦᠶ᠋ᠯ᠎ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠨ ᠭᠠᠷᠭᠠᠪᠠ᠃