2 ᠰᠠᠷ᠎ᠠ᠎ᠶ᠋ᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠥᠬᠡᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶ᠋ᠢᠨ ᠳᠥᠷᠪᠡᠳᠦᠭᠡᠷ ᠬᠤᠷᠠᠯ᠎ᠳᠤ ᠣᠷᠣᠯᠴᠠᠬᠤ ᠱᠢᠶᠠᠩᠭᠠᠩ ᠣᠣᠮᠧᠨ ᠳ᠋ᠤ ᠰᠠᠭᠤᠭ᠎ᠠ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠣᠯᠤᠨ ᠬᠤᠷᠠᠯ᠎ᠳᠤ ᠰᠤᠯᠠ ᠣᠷᠣᠯᠴᠠᠬᠤ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠦᠨ ᠲᠥᠯᠥᠭᠡᠯᠡᠭ᠌ᠴᠢᠳ᠎ᠲᠡᠶ ᠠᠭᠤᠯᠵᠠᠵᠤ᠂ ᠣᠯᠠᠨ ᠯᠤᠭ᠎ᠠ ᠨᠥᠬᠥᠷᠯᠡᠯ ᠵᠢᠡᠨ ᠵᠤᠵᠠᠭᠠᠳᠬᠠᠵᠤ᠂ ᠬᠠᠮᠲᠤᠷᠠᠯᠴᠠᠭ᠎ᠠ ᠵᠢ ᠵᠥᠪᠳᠡᠯᠴᠡᠵᠤ᠂ ᠬᠥᠭ᠌ᠵᠢᠯᠲᠡ᠎ᠵᠢ ᠶᠠᠷᠢᠯᠴᠠᠪᠠ᠃
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠮᠦᠨ᠎ᠡ᠎ᠡᠴᠡ ᠤᠯᠠᠨ᠎ᠤ ᠬᠦᠷᠴᠦ᠍ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠬᠠᠯᠠᠮᠵᠢᠯᠠᠨ ᠳᠡᠮᠵᠢᠭ᠌ᠰᠡᠨ ᠪᠤᠢ ᠪᠦᠬᠦᠢ ᠱᠢᠶᠠᠩᠭᠠᠩ ᠣᠣᠮᠧᠨ᠎ᠦ ᠠᠬ᠎ᠠ ᠳᠡᠭᠦᠦ᠍ ᠨᠡᠷ ᠪᠣᠯᠤᠨ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠲᠦ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠪᠡ᠃ ᠲᠡᠷᠡ᠂ ᠣᠢᠷ᠎ᠠ᠎ᠶ᠋ᠢᠨ ᠵᠢᠯ᠎ᠦᠨ ᠲᠤᠷᠰᠢ᠂ ᠪᠥᠬᠥ᠌ ᠣᠷᠣᠨ᠎ᠤ ᠡᠯ᠎ᠡ ᠱᠠᠲᠤᠨ᠎ᠤ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠬᠦᠴᠦ᠍ᠨ ᠵᠢᠠᠨ ᠲᠥᠪᠯᠡᠷᠡᠭᠦᠯᠦᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠳᠡ》 ᠵᠢ ᠪᠥᠲᠥᠭᠡᠨ ᠪᠠᠢᠭᠤᠯᠵᠤ᠂ ᠠᠵᠤ ᠠᠬᠤᠶ ᠨᠡᠢᠭᠡᠮ᠎ᠦᠨ ᠲᠣᠭ᠍ᠲᠠᠭᠤᠨ ᠪᠥᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠢ᠋ ᠲᠡᠭᠦᠰ ᠠᠮᠵᠢᠯᠲᠠ᠎ᠲᠠᠶ ᠰᠡᠭᠦᠯ ᠬᠤᠷᠢᠶᠠᠵᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ ᠱᠢᠨ᠎ᠡ ᠭᠠᠷᠤᠭ᠎ᠠ ᠳᠡᠭᠡᠷ᠎ᠡ ᠵᠣᠭ᠍ᠰᠣᠪᠠ᠃ ᠡᠳᠡᠭᠡᠷ ᠠᠮᠵᠢᠯᠲᠠ᠎ᠶ᠋ᠢ ᠣᠯᠤᠭ᠍ᠰᠠᠨ᠎ᠤ ᠦᠨᠳᠦᠰᠦᠨ ᠰᠢᠯᠳᠠᠭᠠᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠣᠷᠣᠨ ᠳᠠᠶᠠᠭᠠᠷ᠎ᠤᠨ ᠬᠦᠴᠦᠯᠡᠨ ᠴᠢᠷᠮᠠᠢᠵᠤ ᠡᠷᠡᠮᠡᠬᠡᠢᠯᠡᠨ ᠲᠡᠮᠡᠴᠡᠭ᠌ᠰᠡᠨ᠎ᠦ ᠦᠷ᠎ᠡ ᠳ᠋ᠦᠩ ᠮᠦᠨ᠂ ᠡᠭᠦᠨ᠎ᠦ ᠬᠠᠮᠲᠤ ᠱᠢᠶᠠᠩᠭᠠᠩ ᠣᠣᠮᠧᠨᠳ᠋ᠤ ᠰᠠᠭᠤᠭ᠎ᠠ ᠭᠡᠱᠢᠭᠦᠳ ᠪᠣᠯᠤᠨ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠦᠨ ᠬᠦᠴᠦᠲᠡᠢ ᠳᠡᠮᠵᠢᠯᠭᠡ᠎ᠡᠴᠡ ᠰᠠᠯᠵᠤ ᠴᠢᠳᠠᠰᠢ ᠦᠭᠡᠢ ᠶᠤᠮ᠃ ᠣᠳᠣᠬᠠᠨ᠎ᠳᠤ᠂ ᠣᠷᠣᠨ ᠳᠠᠶᠠᠭᠠᠷ ᠶᠠᠭ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠠᠳᠤ ᠡᠵᠡᠮᠳᠡᠵᠤ᠂ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠠᠢᠨ᠎ᠠ᠃ ᠤᠯᠠᠨ᠎ᠢᠶᠠᠷ᠎ᠢᠶᠠᠨ ᠶᠡᠷᠦᠩᠬᠡᠢ ᠱᠦᠵᠢ ᠰᠢ ᠵᠢᠨ ᠫᠢᠩ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠠᠭᠠᠷᠳᠠᠯᠭ᠎ᠠ ᠶᠣᠰᠣᠭᠠᠷ᠂ ᠢᠮᠠᠭ᠍ᠲᠠ ᠤᠯᠤᠰ ᠲᠦᠷᠦ᠍᠎ᠶ᠋ᠢᠨ ᠵᠣᠭ᠍ᠰᠣᠯᠲᠠ᠎ᠪᠠᠨ ᠪᠠᠲᠤᠳᠭᠠᠵᠤ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》 ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ᠎ᠢᠶᠠᠨ ᠬᠠᠢᠷᠠᠯᠠᠬᠤ ᠱᠢᠶᠠᠩᠭᠠᠩ᠎ᠢᠶᠠᠨ ᠬᠠᠢᠷᠠᠯᠠᠬᠤ ᠣᠣᠮᠧᠨ᠎ᠢᠶᠡᠨ ᠬᠠᠢᠷᠠᠯᠠᠬᠤ ᠬᠦᠴᠦᠨ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠬᠠᠷᠢᠶᠠᠲᠤ᠎ᠨᠠᠷ᠎ᠤᠨ ᠰᠡᠳᠭᠢᠯ ᠬᠠᠷᠢᠶᠠᠲᠤ᠎ᠨᠠᠷ᠎ᠤᠨ ᠬᠦᠴᠦᠨ᠎ᠢ ᠨᠢᠭ᠍ᠲᠠᠷᠠᠭᠤᠯᠵᠤ᠂ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠵᠤᠵᠠᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠪᠡᠬᠢᠵᠢᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ᠃ ᠥᠪᠥᠷ ᠮᠣᠩᠭᠣᠯ᠎ᠤᠨ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠂ ᠤᠢᠷ᠎ᠠ ᠤᠭᠳᠠᠷᠭᠤᠢ ᠵᠢᠨ ᠠᠵᠤ ᠠᠬᠤᠶ ᠵᠡᠷᠭᠡ ᠬᠦᠷᠢᠶᠡᠨ᠎ᠳᠦ ᠲᠥᠷᠥᠯ ᠵᠦᠶ᠋ᠯ᠎ᠦᠨ ᠪᠠᠢᠷᠢᠱᠢᠭᠤᠯᠤᠯᠲᠠ ᠪᠠ ᠪᠠᠯᠠ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠯᠠ ᠮᠥᠩᠭᠥ᠌᠂ ᠴᠢᠳᠠᠪᠤᠷᠢᠲᠠᠨ᠂ ᠮᠡᠷᠭᠡᠵᠢᠯ᠎ᠢ 《ᠣᠷᠣᠭᠤᠯᠤᠨ ᠠᠪᠴᠢᠷᠠᠬᠤ》 ᠪᠠ ᠲᠣᠰ ᠭᠠᠵᠠᠷ᠎ᠤᠨ ᠠᠵᠤ ᠠᠬᠤᠢᠯᠠᠯ᠂ ᠦᠶ᠋ᠯᠡᠳᠬᠦᠨ᠂ ᠲᠥᠷᠥᠯ ᠲᠡᠮᠳᠡᠭ᠌᠎ᠤᠨ 《ᠭᠠᠷᠴᠤ ᠶᠠᠪᠤᠬᠤ》 ᠶ᠋ᠢ ᠳᠠᠢᠴᠢᠯᠠᠬᠤ ᠬᠡᠷᠡᠭ᠌ᠲᠡᠶ᠃ 《ᠴᠢᠨᠡᠷ ᠰᠠᠢᠳᠠᠢ ᠪᠡᠷ ᠲᠦᠷᠦ ᠵᠢᠨ ᠶᠠᠪᠤᠳᠠᠯ ᠳ᠋ᠤ ᠤᠷᠤᠯᠴᠠᠬᠴᠢ》 ᠵᠢᠨ ᠦᠶ᠋ᠯᠡᠳᠦᠯ᠎ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠭᠦᠯᠵᠤ᠂ ᠢᠯᠠᠩᠭᠤᠶ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠣᠯᠠᠨ ᠰᠠᠢᠨ ᠰᠠᠨᠠᠭᠤᠯᠭ᠎ᠠ ᠳᠤᠷᠠᠳᠴᠤ᠌᠂ ᠪᠢᠳᠡᠨ᠎ᠤ ᠠᠵᠢᠯ᠎ᠢᠶᠡᠨ ᠨᠠᠩ ᠰᠠᠢᠲᠤᠷ ᠬᠢᠬᠦ᠌ ᠳ᠋ᠤ ᠬᠠᠪᠰᠤᠷᠬᠤ ᠬᠡᠷᠡᠭ᠌ᠲᠡᠶ᠃ 《ᠳᠡᠰ ᠡᠴᠡ ᠳᠠᠪᠠᠭᠰᠠᠨ ᠬᠠᠷᠢᠯᠴᠠᠬᠤ ᠬᠥᠮᠦᠨ》 ᠪᠣᠯᠵᠣ᠂ ᠪᠥᠬᠥ᠌ ᠣᠷᠣᠨ᠎ᠤ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ᠂ ᠬᠤᠳᠠᠯᠳᠤᠭᠠᠨ᠎ᠤ ᠶᠠᠪᠤᠳᠠᠯ ᠵᠡᠷᠭᠡ ᠲᠠᠯ᠎ᠠ᠎ᠶ᠋ᠢᠨ ᠭᠠᠳᠠᠭᠠᠳᠤ ᠰᠣᠯᠢᠯᠴᠠᠭᠠᠨ᠎ᠤ ᠠᠵᠢᠯᠯᠠᠭ᠎ᠠ᠎ᠶ᠋ᠢ ᠢᠳᠡᠪᠬᠢᠲᠡᠶ ᠳᠡᠮᠵᠢᠨ ᠣᠷᠣᠯᠴᠠᠵᠤ᠂ ᠳᠤᠮᠳᠠᠳᠤ ᠤᠯᠤᠰ᠎ᠤᠨ ᠥᠯᠢᠭᠡᠷ᠂ ᠥᠪᠥᠷ ᠮᠣᠩᠭᠣᠯ᠎ᠤᠨ ᠥᠯᠢᠭᠡᠷ᠎ᠢ ᠰᠠᠢᠲᠤᠷ ᠶᠠᠷᠢᠵᠤ᠂ ᠮᠠᠨ᠎ᠤ ᠣᠷᠣᠨ᠎ᠤ ᠭᠠᠳᠠᠭᠠᠳᠤ᠎ᠯᠤᠭ᠎ᠠ᠎ᠶ᠋ᠢᠨ ᠬᠠᠷᠢᠯᠴᠠᠭ᠎ᠠ ᠶᠠᠪᠤᠯᠴᠠᠭ᠎ᠠ ᠵᠢ ᠴᠢᠩᠭᠠᠳᠭᠠᠬᠤ᠎ᠳᠤ ᠬᠥᠭᠥᠷᠭᠡ ᠬᠣᠯᠪᠣᠭᠠᠰᠤ ᠪᠣᠯᠬᠤ ᠬᠡᠷᠡᠭ᠌ᠲᠡᠶ᠃ ᠥᠪᠥᠷ ᠮᠣᠩᠭᠣᠯ ᠦᠶ᠋ᠯᠡᠴᠢᠯᠡᠭᠡ ᠪᠠᠲᠤᠯᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠣᠯᠠᠨ ᠵᠢᠡᠷ ᠵᠢᠡᠨ ᠥᠪᠡᠷᠲᠡᠭᠡᠨ ᠵᠠᠰᠠᠬᠤ ᠣᠷᠣᠨ᠎ᠳᠤ ᠪᠠᠯᠠ ᠣᠷᠣᠭᠤᠯᠵᠤ ᠦᠶ᠋ᠯᠡᠰ ᠪᠤᠰᠭᠠᠬᠤ᠎ᠳᠤ ᠰᠠᠨᠠᠭ᠎ᠠ ᠠᠮᠤᠷ ᠲᠠᠭᠠᠯᠠᠮᠵᠢᠳᠠᠢ ᠬᠠᠯᠠᠭᠤᠨ ᠳᠤᠯᠠᠭᠠᠨ ᠣᠷᠴᠢᠨ ᠨᠦᠬᠦᠴᠡᠯ᠎ᠢ ᠴᠢᠷᠮᠠᠢᠨ ᠬᠠᠩᠭᠠᠨ᠎ᠠ ᠭᠡᠪᠡ᠃
ᠪᠦᠦ ᠭᠠᠩ ᠤᠯᠠᠨ᠎ᠳᠤ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠱᠢᠶᠠᠩᠭᠠᠩ ᠣᠣᠮᠧᠨᠳ᠋ᠤ ᠰᠠᠭᠤᠭ᠎ᠠ ᠭᠡᠱᠢᠭᠦᠳ ᠪᠣᠯᠤᠨ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠦᠨ ᠲᠥᠯᠥᠭᠡᠯᠡᠭ᠌ᠴᠢ ᠦ᠋ ᠺᠦᠢ ᠱᠧᠩ᠂ ᠯᠢ ᠭᠦᠸᠧ ᠬᠤᠢ᠂ ᠵᠶ᠋ᠢ ᠹᠸᠢ ᠪᠢᠶᠤᠤ᠂ ᠸᠠᠩ ᠸᠸᠨ ᠺᠠᠩ᠂ ᠡᠧᠦ ᠵᠢᠶᠠᠨ ᠯᠢ᠂ ᠸᠠᠩ ᠽᠦᠸᠧ ᠤᠷᠢᠳ ᠬᠣᠵᠢᠳ ᠦᠭᠡ ᠬᠡᠯᠡᠪᠡ᠃ ᠣᠯᠠᠨ᠎ᠢᠶᠠᠷ᠎ᠢᠶᠠᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠯᠤᠰ ᠢᠷᠡᠭᠡᠳᠦᠶᠳ᠋ᠤ ᠮᠠᠰᠢ ᠢᠳᠡᠬᠡᠯ ᠲᠠᠢ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠢᠷᠡᠭᠡᠳᠦᠶ᠎ᠶ᠋ᠢᠨ ᠬᠥᠭ᠌ᠵᠢᠯᠲᠡ᠎ᠳᠦ ᠢᠲᠡᠭᠡᠯ ᠳᠦᠭᠦᠷᠡᠩ ᠪᠠᠢᠵᠤ᠂ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠲᠣᠰ ᠪᠡᠶ᠎ᠡ᠎ᠶ᠋ᠢᠨ ᠳᠠᠪᠠᠭᠤᠯᠢᠭ ᠪᠠ ᠬᠥᠭᠥᠷᠭᠡ ᠬᠣᠯᠪᠣᠭᠠᠰᠤ᠎ᠶ᠋ᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠠᠵᠠ ᠲᠣᠬᠢᠶᠠᠯ᠎ᠤᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠎ᠢ ᠶᠡᠬᠡᠪᠡᠷ ᠤᠬᠠᠭᠤᠯᠤᠨ ᠲᠠᠨᠢᠯᠴᠠᠭᠤᠯᠵᠤ᠂ ᠨᠠᠩ ᠣᠯᠠᠨ ᠠᠵᠤ ᠠᠬᠤᠢᠯᠠᠯ ᠪᠠ ᠴᠢᠳᠠᠪᠤᠷᠢᠲᠠᠨ᠎ᠤ ᠥᠪᠥᠷ ᠮᠣᠩᠭᠣᠯ᠎ᠳᠤ ᠢᠷᠡᠵᠦ᠍ ᠠᠵᠢᠯ ᠦᠢᠯᠡᠰ᠎ᠢᠶᠡᠨ ᠬᠥᠭ᠌ᠵᠢᠬᠦᠯᠬᠦ᠎ᠶ᠋ᠢ ᠳᠠᠢᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃
ᠬᠦᠦᠳᠠᠭᠤᠯᠠ᠂ ᠢᠦᠶ ᠯᠢ ᠱᠢᠨ᠂ ᠴᠡᠴᠡᠭ ᠣᠷᠣᠯᠴᠠᠵᠡᠢ᠃