ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠪᠠ
2026-02-04 10:09:29
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 3 ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠡᠯ᠎ᠡ ᠵᠦᠢᠯ᠎ᠦᠨ ᠠᠵᠢᠯ ᠪᠡᠯᠡᠬᠡᠨ ᠪᠤᠯᠵᠤ᠂ 2 ᠰᠠᠷ᠎ᠠ᠎ᠶ᠋ᠢᠨ 4 ᠤ᠋ ᠡᠳᠦᠷ ᠬᠥᠬᠡᠬᠣᠲᠠ᠎ᠳᠤ ᠬᠤᠷᠠᠯᠳᠤᠬᠤ ᠪᠣᠯᠤᠨ᠎ᠠ᠂ ᠵᠢᠩᠬᠢᠨᠢ ᠬᠤᠷᠠᠯ᠎ᠤᠨ ᠬᠤᠭᠤᠴᠠᠭ᠎ᠠ ᠨᠢ 4 ᠡᠳᠦᠷ ᠪᠣᠯᠤᠨ᠎ᠠ᠃

ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠣᠯ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ᠎ᠳᠤ ᠬᠤᠷᠠᠯᠳᠤᠬᠤ ᠨᠢᠭᠡ ᠤᠳᠠᠭ᠎ᠠ᠎ᠶ᠋ᠢᠨ ᠴᠢᠬᠤᠯᠠ ᠬᠤᠷᠠᠯ ᠪᠣᠯᠤᠨ᠎ᠠ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ ᠲᠥᠷᠥ᠎ᠶ᠋ᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠪᠣᠯᠤᠨ᠎ᠠ᠃ ᠡᠨᠡ ᠤᠳᠠᠭ᠎ᠠ᠎ᠶ᠋ᠢᠨ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠶᠤᠨ ᠤᠬᠠᠭᠠᠨ ᠪᠠ ᠬᠦᠴᠦᠨ ᠴᠢᠳᠠᠯ᠎ᠢ ᠴᠢᠨᠠᠭ᠍ᠰᠢᠳᠠ ᠨᠢᠭ᠍ᠲᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠰᠠᠢᠲᠤᠷ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ ᠬᠡᠵᠤ ᠲᠠᠨᠢᠯᠴᠠᠭᠤᠯᠪᠠ᠃

ᠥᠩᠭᠡᠷᠡᠭ᠌ᠰᠡᠨ ᠨᠢᠭᠡ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠤᠤᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠲᠣᠭ᠍ᠲᠠᠭᠤᠨ᠎ᠤ ᠳᠤᠮᠳᠠ ᠠᠬᠢᠯᠲᠠ ᠲᠠᠢ ᠪᠠᠢᠵᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃ ᠪᠥᠬᠥ᠌ ᠵᠢᠯ᠎ᠳᠦ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ 37 ᠬᠤᠪᠢ ᠲᠣᠭ᠍ᠲᠠᠭᠠᠵᠤ᠂ ᠵᠠᠰᠠᠪᠤᠷᠢ ᠣᠷᠣᠭᠤᠯᠵᠤ᠂ ᠬᠦᠴᠦᠨ ᠥᠬᠡᠶ ᠪᠣᠯᠭᠠᠵᠤ᠂ 55 ᠵᠦᠶ᠋ᠯ᠎ᠦᠨ ᠬᠢᠨᠠᠯᠲᠠ ᠲᠠᠯᠪᠢᠬᠤ ᠠᠵᠢᠯ᠎ᠢ ᠥᠷᠨᠢᠭᠦᠯᠵᠦ᠍᠂ ᠴᠢᠬᠤᠯᠠ ᠶᠡᠬᠡ ᠵᠦᠶ᠋ᠯᠡᠰ᠎ᠦᠨ ᠠᠵᠢᠯ᠎ᠢ 9 ᠵᠦᠶ᠋ᠯ᠂ ᠲᠥᠯᠥᠭᠡᠯᠡᠭ᠌ᠴᠢ᠎ᠶ᠋ᠢᠨ ᠠᠵᠢᠯ᠎ᠢ 10 ᠵᠦᠶ᠋ᠯ ᠶᠠᠷᠢᠯᠴᠠᠨ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠶᠡᠬᠡ ᠲᠠᠯ᠎ᠠ᠎ᠳᠤ ᠴᠢᠬᠤᠯᠠ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠪᠠ᠃ ᠨᠢᠭᠡ ᠵᠢᠯ᠎ᠦᠨ ᠲᠤᠷᠰᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠦᠨᠳᠦᠰᠦᠨ ᠬᠠᠤᠯᠢ ᠪᠠ ᠬᠠᠤᠯᠢ ᠴᠠᠭᠠᠵᠠ ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠪᠤᠵᠠᠭᠠᠢᠷᠠᠭᠤᠯᠬᠤ᠎ᠵᠢᠨ ᠲᠤᠭᠤᠷᠢᠨ ᠳ᠋ᠤ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠠᠵᠤ ᠦᠢᠯᠡᠰ᠂ ᠱᠢᠨ᠎ᠡ ᠬᠡᠯᠪᠡᠷᠢ᠎ᠶ᠋ᠢᠨ ᠡᠨᠧᠷᠭᠢ ᠨᠦᠬᠡᠴᠡᠯᠡᠬᠦ ᠠᠵᠤ ᠦᠢᠯᠡᠰ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ ᠵᠡᠷᠭᠡ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠳᠦ ᠬᠠᠨᠳᠤᠯᠭᠠᠲᠤ ᠴᠢᠨᠠᠷᠲᠠᠢ ᠰᠠᠨᠠᠭᠤᠯᠭ᠎ᠠ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠠᠵᠢᠯ᠎ᠳᠤ ᠴᠥᠮ ᠲᠥᠯᠥᠭᠡᠯᠡᠭ᠌ᠴᠢᠳ ᠪᠠ ᠣᠯᠠᠨ ᠲᠦᠮᠡᠨ᠎ᠦ ᠳᠠᠭᠤᠨ᠎ᠢ ᠰᠣᠨᠤᠰᠬᠠᠵᠤ᠂ ᠲᠥᠯᠥᠭᠡᠯᠡᠭ᠌ᠴᠢᠳ ᠪᠠ ᠣᠯᠠᠨ ᠲᠦᠮᠡᠨ᠎ᠦ ᠣᠶᠤᠨ ᠤᠬᠠᠭᠠᠨ ᠬᠦᠴᠦᠨ ᠴᠢᠳᠠᠯ᠎ᠢ ᠨᠢᠭ᠍ᠲᠠᠷᠠᠭᠤᠯᠪᠠ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠶ᠋ᠯ᠎ᠳᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠢᠯᠧᠲ᠎ᠢᠶᠡᠷ ᠱᠢᠶ᠋ᠳᠪᠦᠷᠢ ᠭᠠᠷᠭᠠᠬᠤ ᠲᠦᠷᠢᠮ᠎ᠦᠨ ᠠᠵᠢᠯ᠎ᠢ ᠡᠮᠬᠢ ᠵᠢᠷᠤᠮ᠎ᠲᠠᠶ ᠥᠷᠨᠢᠭᠦᠯᠵᠦ᠍᠂ ᠠᠷᠠᠳ᠎ᠤᠨ ᠠᠮᠢᠳᠤᠷᠠᠯ᠎ᠤᠨ ᠢᠨᠵᠧᠨᠧᠷᠢᠩ ᠢ᠋ ᠲᠥᠯᠥᠭᠡᠯᠡᠭ᠌ᠴᠢ᠎ᠰᠣᠩᠭᠣᠬᠤ᠂ ᠲᠥᠯᠥᠭᠡᠯᠡᠭ᠌ᠴᠢ ᠲᠣᠭ᠍ᠲᠠᠭᠠᠬᠤ᠂ ᠲᠥᠯᠥᠭᠡᠯᠡᠭ᠌ᠴᠢ ᠱᠠᠯᠠᠪᠳᠠᠭᠤᠯᠬᠤ ᠵᠢ ᠪᠡᠶᠡᠯᠡᠭᠦᠯᠵᠤ᠂ 2025 ᠣᠨ᠎ᠳᠤ ᠪᠥᠬᠥ᠌ ᠣᠷᠣᠨ᠎ᠳᠤ ᠠᠷᠠᠳ᠎ᠤᠨ ᠠᠮᠢᠳᠤᠷᠠᠯ᠎ᠤᠨ ᠲᠥᠷᠥᠯ ᠵᠦᠶ᠋ᠯ᠎ᠢ 3350 ᠬᠡᠷᠡᠭ᠌ᠵᠢᠭᠦᠯᠵᠦ᠍᠂ ᠠᠷᠠᠳ ᠣᠯᠠᠨ᠎ᠤ 《ᠬᠦᠰᠡᠯ ᠡᠷᠡᠮᠡᠯᠵᠡᠯ᠎ᠦᠨ ᠨᠠᠷᠢᠨ ᠳᠠᠩᠰᠠ》 ᠶ᠋ᠢ ᠨᠢᠳᠤᠨ ᠳ᠋ᠤ ᠦᠵᠡᠭᠳᠡᠮ᠎ᠠ ᠬᠦᠷᠳᠡᠵᠤ ᠪᠤᠯᠬᠤᠢᠴᠠ 《ᠵᠣᠯ ᠵᠢᠷᠭᠠᠯ᠎ᠤᠨ ᠨᠠᠷᠢᠨ ᠳᠠᠩᠰᠠ》 ᠪᠣᠯᠭᠠᠨ ᠬᠤᠪᠢᠷᠠᠭᠤᠯᠵᠠᠢ ᠭᠡᠵᠤ ᠲᠠᠨᠢᠯᠴᠠᠭᠤᠯᠵᠠᠢ᠃

ᠰᠣᠨᠢᠨ ᠮᠡᠳᠡᠭᠡ ᠨᠡᠢᠲᠡᠯᠡᠬᠦ᠌ ᠬᠤᠷᠠᠯ ᠲᠡᠭᠡᠷ᠎ᠡ᠂ ᠲᠣᠰ ᠤᠳᠠᠭ᠎ᠠ᠎ᠶ᠋ᠢᠨ ᠶᠡᠬᠡ ᠬᠤᠷᠠᠯ᠎ᠳᠤ ᠨᠡᠢᠲᠡ 4 ᠤᠳᠠᠭ᠎ᠠ᠎ᠶ᠋ᠢᠨ ᠪᠥᠬᠥᠳᠡ ᠬᠤᠷᠠᠯ᠂ 3 ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠂ 5 ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠥᠬᠥᠳᠡ ᠬᠤᠷᠠᠯ᠎ᠢ ᠲᠣᠬᠢᠷᠠᠭᠤᠯᠵᠤ᠂ 8 ᠵᠦᠶ᠋ᠯ᠎ᠦᠨ ᠵᠥᠪᠯᠡᠬᠦ᠌ ᠵᠦᠶ᠋ᠯ᠎ᠪᠤᠢ᠃ ᠭᠤᠤᠯᠳᠠᠭᠤ᠄ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠲᠥᠯᠥᠪᠯᠡᠭᠡ᠎ᠶ᠋ᠢᠨ ᠮᠡᠳᠡᠭᠦᠯᠦᠯᠲᠡ᠂ ᠲᠥᠰᠦᠪ᠎ᠦᠨ ᠮᠡᠳᠡᠭᠦᠯᠦᠯᠲᠡ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠬᠢᠨᠠᠨ ᠵᠥᠪᠯᠡᠬᠦ᠌ (ᠬᠢᠨᠠᠨ ᠪᠠᠢᠴᠠᠭᠠᠬᠤ) ᠪᠠ ᠵᠥᠪᠱᠢᠶᠡᠷᠡᠵᠦ᠍᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ ᠵᠢᠴᠢ ᠰᠣᠩᠭᠣᠭᠤᠯᠢ᠎ᠶ᠋ᠢᠨ ᠵᠦᠶ᠋ᠯᠡᠰ᠎ᠢ ᠬᠢᠨᠠᠨ ᠪᠠᠢᠴᠠᠭᠠᠬᠤ ᠪᠠ ᠵᠥᠪᠱᠢᠶᠡᠷᠡᠨ᠎ᠡ ᠃

ᠲᠤᠰ ᠤᠳᠠᠭᠠᠨ᠎ᠤ ᠶᠡᠬᠡ ᠬᠤᠷᠠᠯ᠎ᠳᠤ ᠨᠠᠷᠢᠨ ᠪᠢᠴᠢᠭ᠎ᠦᠨ ᠭᠠᠵᠠᠷ ᠭᠠᠷᠭᠠᠪᠠ᠃ ᠨᠠᠷᠢᠨ ᠪᠢᠴᠢᠭ᠎ᠦᠨ ᠭᠠᠵᠠᠷ᠎ᠲᠤ 10 ᠳᠤᠭᠤᠢᠯᠠᠩ ᠲᠤᠬᠢᠷᠠᠭᠤᠯᠵᠠᠢ᠂ ᠳᠠᠷᠤᠢ ᠬᠤᠷᠠᠯ᠎ᠤᠨ ᠶᠠᠪᠤᠳᠠᠯ᠎ᠤᠨ ᠳᠤᠭᠤᠢᠯᠠᠩ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠢᠯᠠᠩ᠂ ᠲᠣᠪᠴᠢ ᠮᠡᠳᠡᠭᠡᠨ᠎ᠦ ᠳᠤᠭᠤᠢᠯᠠᠩ᠂ ᠵᠣᠬᠢᠶᠠᠨ ᠪᠠᠢᠭᠤᠯᠬᠤ ᠳᠤᠭᠤᠢᠯᠠᠩ᠂ ᠰᠣᠨᠢᠨ ᠮᠡᠳᠡᠭᠡ ᠤᠬᠠᠭᠤᠯᠬᠤ ᠳᠤᠭᠤᠢᠯᠠᠩ᠂ ᠠᠮᠤᠷ᠎ᠢ ᠬᠠᠮᠠᠭᠠᠯᠠᠬᠤ ᠳᠤᠭᠤᠢᠯᠠᠩ᠂ ᠶᠡᠷᠦᠩᠬᠡᠶ ᠶᠠᠪᠤᠳᠠᠯ᠎ᠤᠨ ᠳᠤᠭᠤᠢᠯᠠᠩ᠂ ᠵᠥᠪᠯᠡᠯᠭᠡ ᠰᠠᠨᠠᠭᠤᠯᠭ᠎ᠠ᠎ᠶ᠋ᠢᠨ ᠳᠤᠭᠤᠢᠯᠠᠩ᠂ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ᠎ᠶ᠋ᠢᠨ ᠬᠢᠨᠠᠯᠲᠠ ᠲᠠᠯᠪᠢᠬᠤ ᠳᠤᠭᠤᠢᠯᠠᠩ᠂ ᠡᠮᠴᠢᠯᠡᠭᠡᠨ᠎ᠦ ᠪᠠᠲᠤᠯᠠᠭ᠎ᠠ᠎ᠶ᠋ᠢᠨ ᠳᠤᠭᠤᠢᠯᠠᠩ ᠵᠡᠷᠭᠡ ᠳᠤᠭᠤᠢᠯᠠᠩ ᠭᠠᠷᠭᠠᠵᠤ᠂ ᠶᠡᠬᠡ ᠬᠤᠷᠠᠯ᠎ᠤᠨ ᠡᠯ᠎ᠡ ᠵᠦᠶ᠋ᠯ᠎ᠦᠨ ᠵᠣᠬᠢᠶᠠᠨ ᠪᠠᠢᠭᠤᠯᠤᠯᠲᠠ᠎ᠶ᠋ᠢᠨ ᠦᠶ᠋ᠯᠡᠴᠢᠯᠡᠭᠡᠨ᠎ᠦ ᠠᠵᠢᠯ᠎ᠢ ᠲᠣᠰ ᠲᠣᠰ ᠬᠠᠷᠢᠭᠤᠴᠠᠭᠤᠯᠤᠨ᠎ᠠ᠃

ᠲᠤᠰ ᠤᠳᠠᠭ᠎ᠠ᠎ᠶ᠋ᠢᠨ ᠶᠡᠬᠡ ᠬᠤᠷᠠᠯ᠎ᠤᠨ ᠬᠤᠭᠤᠴᠠᠭᠠᠨ᠎ᠳᠤ ᠡᠯ᠎ᠡ ᠲᠠᠯ᠎ᠠ᠎ᠶ᠋ᠢᠨ ᠬᠢᠨ 《ᠬᠤᠷᠠᠯ᠎ᠤᠨ ᠡᠷᠬᠡᠪᠰᠢ ᠮᠡᠳᠡᠬᠦ᠌ ᠵᠦᠢᠯ》᠂ 《ᠠᠵᠢᠯᠳᠠᠨ᠎ᠤ ᠰᠠᠬᠢᠯᠭ᠎ᠠ ᠲᠦᠷᠢᠮ》᠂ 《ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ᠎ᠶ᠋ᠢᠨ ᠡᠷᠬᠡᠪᠰᠢ ᠮᠡᠳᠡᠬᠦ᠌ ᠵᠦᠢᠯ》᠂ 《ᠨᠢᠭᠤᠴᠠ᠎ᠶ᠋ᠢ ᠬᠠᠮᠠᠭᠠᠯᠠᠬᠤ ᠡᠷᠬᠡᠪᠰᠢ ᠮᠡᠳᠡᠬᠦ᠌ ᠵᠦᠢᠯ》᠂ 《ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ᠎ᠶ᠋ᠢᠨ ᠡᠷᠬᠡᠪᠰᠢ ᠮᠡᠳᠡᠬᠦ᠌ ᠵᠦᠢᠯ》 ᠵᠡᠷᠭᠡ ᠲᠣᠭ᠍ᠲᠠᠭᠠᠯ᠎ᠢ ᠨᠠᠷᠢᠨ ᠬᠢᠨᠠᠮᠠᠭᠠᠢ ᠤᠩᠱᠢᠵᠤ᠂ ᠲᠣᠭ᠍ᠲᠠᠭᠠᠯ ᠪᠠ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ ᠠᠵᠢᠯ᠎ᠢᠶᠠᠨ ᠥᠷᠨᠢᠭᠦᠯᠬᠦ᠌ ᠬᠡᠷᠡᠭ᠌ᠲᠡᠢ᠃ ᠡᠯ᠎ᠡ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠬᠢᠨ ᠬᠤᠷᠠᠯ᠎ᠤᠨ ᠤᠬᠠᠭᠤᠯᠤᠨ ᠮᠡᠳᠡᠭᠡᠯᠡᠬᠦ᠌ ᠲᠥᠰᠦᠯ᠎ᠦᠨ ᠲᠣᠬᠢᠷᠠᠭᠤᠯᠤᠯᠲᠠ ᠶᠣᠰᠣᠭᠠᠷ ᠡᠯ᠎ᠡ ᠵᠦᠢᠯ᠎ᠦᠨ ᠤᠬᠠᠭᠤᠯᠭ᠎ᠠ ᠮᠡᠳᠡᠭᠡᠯᠡᠯ᠎ᠢ ᠢᠳᠡᠪᠬᠢᠲᠡᠶ ᠯᠠᠪᠳᠠᠭᠤᠨ᠎ᠢᠶᠠᠷ ᠰᠠᠢᠲᠤᠷ ᠬᠢᠵᠦ᠍᠂ ᠣᠷᠣᠢᠳᠠᠬᠤ ᠦᠭᠡᠶ᠂ ᠤᠷᠢᠳᠴᠢᠯᠠᠬᠤ ᠦᠭᠡᠶ᠂ ᠣᠷᠬᠢᠭ᠍ᠳᠠᠭᠤᠯᠬᠤ ᠦᠭᠡᠶ᠂ ᠪᠤᠷᠤᠭᠤᠳᠠᠬᠤ ᠦᠭᠡᠶ ᠪᠠᠢᠬᠤ ᠬᠡᠷᠡᠭ᠌ᠲᠡᠶ᠃ ᠡᠯ᠎ᠡ ᠵᠠᠭᠤᠴᠢᠯᠠᠭᠤᠷ᠎ᠤᠨ ᠨᠢᠭᠡᠴᠢ ᠵᠢᠨ ᠬᠢᠨ ᠡᠬᠡ ᠪᠢᠴᠢᠭ᠎ᠦᠨ ᠤᠯᠤᠰ ᠲᠥᠷᠥ᠎ᠶ᠋ᠢᠨ ᠪᠣᠭᠣᠮᠲᠠ᠂ ᠲᠥᠷᠥ᠎ᠶ᠋ᠢᠨ ᠪᠣᠳᠣᠯᠭ᠎ᠠ᠎ᠶ᠋ᠢᠨ ᠪᠣᠭᠣᠮᠲᠠ᠂ ᠥᠰᠥᠭ ᠪᠢᠴᠢᠭ᠎ᠦᠨ ᠪᠣᠭᠣᠮᠲᠠ᠎ᠶ᠋ᠢ ᠰᠠᠢᠲᠤᠷ ᠠᠳᠭᠤᠵᠤ᠂ ᠬᠣᠶᠠᠷ ᠬᠤᠷᠠᠯ᠎ᠤᠨ ᠥᠯᠢᠭᠡᠷ᠎ᠢ ᠰᠠᠢᠲᠤᠷ ᠶᠠᠷᠢᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠂ ᠥᠭᠡᠳᠡᠯᠡᠨ ᠳᠠᠪᠱᠢᠬᠤ᠎ᠪᠠᠷ ᠬᠦᠴᠦᠯᠡᠨ ᠴᠢᠷᠮᠠᠢᠵᠤ ᠪᠠᠢᠭ᠎ᠠ ᠬᠥᠭ᠌ᠵᠢᠯᠲᠡ᠎ᠶ᠋ᠢᠨ ᠬᠠᠨᠳᠤᠰᠢ ᠪᠣᠯᠤᠨ ᠠᠷᠠᠳᠴᠢᠯᠠᠯ ᠬᠠᠤᠯᠢ ᠪᠡᠷ ᠵᠠᠰᠠᠬᠤ ᠪᠠᠢᠭᠤᠯᠤᠯᠲᠠ᠎ᠶ᠋ᠢᠨ ᠦᠷ᠎ᠡ ᠪᠦᠲᠦᠭᠡᠯ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠴᠣᠭ ᠵᠢᠪᠬᠤᠭ᠎ᠠ᠎ᠶ᠋ᠢ ᠭᠦᠶ᠋ᠴᠡᠳ ᠢᠯᠡᠷᠡᠭᠦᠯᠵᠦ᠍᠂ ᠭᠠᠳᠠᠭᠠᠳᠤ᠎ᠳᠤ ᠢᠲᠡᠭᠡᠯ ᠵᠣᠷᠢᠭ ᠬᠦᠴᠦᠨ ᠴᠢᠳᠠᠯ᠎ᠢ ᠳᠠᠮᠵᠢᠭᠤᠯᠬᠤ ᠬᠡᠷᠡᠭ᠌ᠲᠡᠶ᠃ ᠶᠡᠬᠡ ᠬᠤᠷᠠᠯ᠎ᠤᠨ ᠰᠣᠨᠢᠨ ᠮᠡᠳᠡᠭᠡ ᠤᠬᠠᠭᠤᠯᠭ᠎ᠠ᠎ᠶ᠋ᠢᠨ ᠳᠤᠭᠤᠢᠯᠠᠩ ᠵᠠᠭᠤᠴᠢᠯᠠᠭᠤᠷ᠎ᠤᠨ ᠰᠣᠨᠢᠨ ᠮᠡᠳᠡᠭᠡᠯᠡᠯ ᠥᠷᠨᠢᠭᠦᠯᠬᠦ᠌᠎ᠳᠦ ᠨᠥᠬᠥᠴᠡᠯ ᠪᠦᠷᠢᠯᠳᠦᠭᠦᠯᠵᠦ᠍᠂ ᠬᠠᠪᠰᠤᠷᠤᠯᠭ᠎ᠠ ᠦᠵᠡᠭᠦᠯᠦᠨ᠎ᠡ ᠭᠡᠵᠤ ᠲᠠᠨᠢᠯᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号