— ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠬᠢᠯᠡᠭᠰᠡᠨᠳ᠋ᠤ ᠬᠠᠯᠠᠭᠤᠨ ᠪᠠᠶᠠᠷ ᠬᠦᠷᠭᠡᠶ᠎ᠡ
ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠠᠯᠤᠰ ᠢᠷᠡᠭᠡᠳᠦᠢ ᠵᠦᠭ ᠤᠮᠤᠭ ᠵᠤᠷᠢᠭ ᠪᠠᠳᠠᠷᠠᠩᠭᠤᠢ ᠪᠡᠷ ᠡᠷᠡᠮᠡᠬᠡᠢᠯᠡᠨ ᠤᠷᠤᠭᠰᠢᠯᠠᠨ᠎ᠠ᠃ ᠣᠯᠠᠨ᠎ᠤ ᠠᠩᠬᠠᠷᠤᠯ᠎ᠢ ᠲᠠᠲᠠᠭᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠨᠡ ᠡᠳᠤᠷ ᠦᠪᠡᠳᠡᠭᠰᠢ ᠶᠡᠬᠡᠪᠡᠷ ᠡᠬᠢᠯᠡᠪᠡ᠃ ᠡᠨᠡ ᠤᠳᠠᠭᠠᠨ᠎ᠤ ᠬᠤᠷᠠᠯ ᠪᠣᠯ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ᠎ᠶᠢ ᠠᠬᠢᠭᠤᠯᠬᠤ ᠵᠠᠩᠭᠢᠯᠠᠭ᠎ᠠ᠎ᠶᠢᠨ ᠴᠡᠭ ᠳᠡᠭᠡᠷ᠎ᠡ ᠬᠤᠷᠠᠯᠳᠤᠭᠤᠯᠤᠭᠰᠠᠨ ᠨᠢᠭᠡ ᠤᠳᠠᠭᠠᠨ᠎ᠤ ᠴᠢᠬᠤᠯᠠ ᠬᠤᠷᠠᠯ ᠪᠣᠯᠬᠤ ᠪᠥᠭᠡᠳ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ ᠲᠥᠷᠥ᠎ᠶᠢᠨ ᠠᠮᠢᠳᠤᠷᠠᠯᠲᠤᠮᠳᠠᠬᠢ ᠨᠢᠭᠡᠨ ᠲᠤᠮᠤ ᠶᠠᠪᠤᠳᠠᠯ ᠪᠣᠯᠣᠨ᠎ᠠ᠃ ᠪᠢᠳᠡ ᠶᠡᠬᠡ ᠬᠤᠷᠠᠯ᠎ᠤᠨ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠶ᠎ᠡ!
ᠴᠠᠭ ᠮᠥᠴᠡ ᠤᠷᠤᠭᠰᠢᠯᠠᠯᠲᠠ᠎ᠶᠢᠨ ᠤᠯᠠ ᠮᠥᠷ᠎ᠢ ᠲᠡᠮᠳᠡᠭᠯᠡᠵᠦ᠂ ᠪᠣᠳᠠᠲᠠᠢ ᠠᠵᠢᠯᠯᠠᠵᠤ ᠴᠠᠭ ᠦᠶ᠎ᠡ᠎ᠶᠢᠨ ᠢᠷᠠᠭᠤ ᠬᠠᠭᠤᠳᠠᠰᠤ᠎ᠶᠢ ᠪᠢᠴᠢᠭᠯᠡᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠬᠥᠭᠵᠢᠯᠲᠡ᠎ᠶᠢᠨ ᠶᠠᠪᠤᠴᠠ ᠳ᠋ᠡᠬᠢ ᠲᠤᠢᠯ᠎ᠤᠨ ᠶᠡᠷᠦ ᠪᠤᠰᠤ᠎ᠶᠢᠨ ᠲᠠᠪᠤᠨ ᠵᠢᠯ ᠪᠣᠯᠣᠨ᠎ᠠ᠃ ᠡᠨᠡ ᠲᠠᠪᠤᠨ ᠵᠢᠯ ᠳ᠋ᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠶ᠋ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠠᠮᠢ ᠠᠬᠤᠢ ᠵᠢ ᠤᠷᠢᠳ᠎ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠵᠢᠡᠷ ᠡᠷᠡᠰ ᠭᠤᠢᠪᠢᠰᠢ ᠦᠭᠡᠢ ᠵᠠᠮᠨᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠨᠠᠨᠳᠢᠩᠨᠠᠨ ᠬᠠᠮᠠᠭᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠠᠵᠢᠯ ᠲᠡᠭᠦᠰ ᠠᠮᠵᠢᠯᠲᠠ᠎ᠲᠠᠢ ᠥᠨᠳᠥᠷᠯᠡᠵᠦ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ ᠰᠢᠨ᠎ᠡ ᠳᠡᠭᠲᠡᠷ᠎ᠲᠦ ᠭᠠᠷᠪᠠ᠃ ᠰᠠᠶᠢᠬᠠᠨ ᠥᠩᠭᠡᠷᠡᠭ᠌ᠰᠡᠨ 2025 ᠣᠨ᠎ᠳᠤ᠂ ᠪᠢᠳᠠ ᠨᠠᠮ᠎ᠤᠨ ᠲᠥᠪ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠨᠠᠢᠳᠠᠪᠤᠷᠢᠵᠢᠭᠤᠯᠵᠤ᠂ ᠠᠵᠤ ᠠᠬᠤᠢ᠎ᠶ᠋ᠢᠨ ᠲᠣᠭ᠍ᠲᠠᠭᠤᠨ ᠡᠷᠭᠢᠯᠲᠡ᠎ᠶ᠋ᠢ ᠪᠠᠲᠤᠯᠠᠵᠤ᠂ ᠠᠵᠤ ᠦᠢᠯᠡᠰ᠎ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠥᠭᠡᠷᠡᠴᠢᠯᠡᠯᠲᠡ ᠨᠡᠭᠡᠭᠡᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠰᠠᠢᠲᠤᠷ ᠠᠳᠭᠤᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠳᠤ ᠪᠠᠲᠤ ᠪᠡᠬᠢ ᠰᠠᠭᠤᠷᠢ᠎ᠶ᠋ᠢ ᠲᠠᠯᠪᠢᠪᠠ᠃
ᠭᠤᠤᠯ ᠠᠵᠢᠯᠤᠨᠲᠣᠭᠣᠷᠢᠨᠳᠤ ᠶᠡᠬᠡ ᠲᠠᠯ᠎ᠠ᠎ᠳᠤ ᠦᠶ᠋ᠯᠡᠴᠢᠯᠡᠪᠡ; ᠠᠷᠠᠳ᠎ᠤᠨ ᠰᠠᠨᠠᠭ᠎ᠠ᠎ᠶ᠋ᠢ ᠲᠦᠪᠯᠡᠷᠡᠬᠦᠯᠵᠤ᠂ ᠬᠦᠴᠦᠨ ᠴᠢᠳᠠᠯ᠎ᠢ ᠨᠢᠭ᠍ᠲᠠᠷᠠᠭᠤᠯᠪᠠ᠃ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠢᠮᠠᠭ᠍ᠲᠠ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠶᠡᠬᠡ ᠲᠠᠯ᠎ᠠ ᠳ᠋ᠤ ᠬᠦᠴᠦᠯᠡᠨ ᠦᠢᠯᠡᠴᠢᠯᠡᠵᠤ᠂ ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠠᠬᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠪᠠ; ᠬᠠᠤᠯᠢ ᠲᠣᠭ᠍ᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠢ ᠬᠠᠤᠯᠢ ᠲᠣᠭ᠍ᠲᠠᠭᠠᠬᠤ᠎ᠪᠠᠷ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠪᠠ; ᠬᠢᠨᠠᠯᠲᠠ ᠲᠠᠯᠪᠢᠬᠤ ᠬᠠᠲᠠᠭᠤ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠵᠤ᠂ ᠥᠨᠳᠥᠷ ᠦᠷ᠎ᠠ ᠪᠦᠲᠦᠮᠵᠢᠲᠡᠢ ᠬᠢᠨᠠᠯᠲᠠ ᠲᠠᠯᠪᠢᠬᠤ᠎ᠪᠠᠷ ᠡᠭᠦᠷᠭᠡ ᠵᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ; ᠲᠥᠯᠥᠭᠡᠯᠡᠭ᠌ᠴᠢᠳ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠨᠳᠥᠷ ᠲᠦᠪᠱᠢᠨ ᠪᠦᠬᠦᠢ ᠲᠥᠯᠥᠭᠡᠯᠡᠭ᠌ᠴᠢ ᠵᠢᠨ ᠠᠵᠢᠯ᠎ᠢᠶᠠᠷ ᠬᠦᠴᠦᠷᠬᠡᠭ ᠶᠡᠬᠡ ᠬᠠᠮᠳᠤᠷᠠᠯ ᠬᠦᠴᠦᠨ᠎ᠢ ᠨᠢᠭ᠍ᠲᠠᠷᠠᠭᠤᠯᠪᠠ; ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠷ᠎ᠡ ᠪᠦᠲᠦᠮᠵᠢ ᠵᠢ ᠦᠨᠡᠨ ᠬᠦ᠌ ᠳᠡᠭᠡᠭ᠌ᠰᠢᠯᠡᠭᠦᠯᠵᠦ᠍᠂ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢᠨ ᠲᠦᠪᠱᠢᠨ᠎ᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠪᠡ ᠁ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠭ᠌ᠰᠡᠨ ᠬᠢᠯᠠᠯᠵᠠᠬᠰᠠᠨ ᠬᠠᠷᠢᠭᠤᠯᠲᠠ᠎ᠶ᠋ᠢᠨ ᠬᠠᠭᠤᠳᠠᠰᠤ ᠨᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠥᠪᠥᠷ ᠮᠣᠩᠭᠣᠯ᠎ᠳᠠᠬᠢ ᠠᠮᠢᠳᠤᠯᠢᠭ ᠦᠢᠯᠡᠳᠦᠯᠭᠡ᠎ᠶ᠋ᠢ ᠲᠠᠢᠯᠪᠤᠷᠢᠯᠠᠵᠤ᠂ ᠮᠠᠨ᠎ᠤ ᠤᠯᠤᠰ᠎ᠤᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠢᠯᠡᠷᠬᠡᠢ ᠳᠠᠪᠠᠭᠤᠯᠢᠭ᠎ᠢ ᠭᠡᠷᠡᠴᠢᠯᠡᠪᠡ᠃
《ᠠᠷᠪᠠᠨ ᠳᠠᠪᠤᠳᠤᠭᠠᠷ ᠳᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠳᠠ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠱᠢᠨ᠎ᠡ ᠠᠶᠠᠨ᠎ᠳᠤ ᠡᠷᠡᠯᠭᠡᠭᠯᠡᠨ ᠳᠡᠮᠡᠴᠡᠬᠦᠶᠡ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠡᠴᠡ ᠥᠪᠥᠷ ᠮᠣᠩᠭᠣᠯ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠴᠢᠩ ᠰᠡᠳᠭᠢᠯ᠎ᠡᠴᠡ᠎ᠪᠡᠨ ᠬᠠᠯᠠᠮᠵᠢᠯᠠᠵᠤ ᠪᠤᠢ᠂ ᠤᠯᠤᠰ᠎ᠤᠨ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ ᠵᠡᠷᠭᠡ ᠴᠢᠬᠤᠯᠠ ᠶᠡᠬᠡ ᠪᠠᠢᠯᠳᠤᠬᠤ ᠪᠤᠳᠤᠯᠭ᠎ᠠ ᠨᠢ ᠥᠪᠥᠷ ᠮᠣᠩᠭᠣᠯ᠎ᠳᠤ ᠤᠯᠠᠨ ᠵᠦᠢᠯ᠎ᠦᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠦᠵᠡᠭᠦᠯᠵᠦ᠍᠂ ᠥᠪᠦᠷ ᠮᠤᠩᠭᠤᠯ᠎ᠳᠦ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ᠂ ᠡᠯᠪᠡᠭ ᠪᠠᠶᠠᠯᠢᠭ ᠡᠬᠢ ᠪᠠᠶᠠᠯᠢᠭ᠎ᠤᠨ ᠳᠠᠪᠠᠭᠤᠯᠢᠭ᠂ ᠯᠤᠲᠤ ᠶᠡᠬᠡ ᠬᠥᠭ᠌ᠵᠢᠯᠲᠡ᠎ᠶ᠋ᠢᠨ ᠳᠠᠯᠳᠠ ᠬᠦᠴᠦᠨ ᠪᠤᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠥᠷᠭᠡᠨ ᠤᠯᠠᠨ ᠺᠠᠳ᠋ᠷ ᠤᠯᠠᠨ ᠲᠦᠮᠡᠨ ᠪᠤᠢ᠂ ᠪᠢᠳᠡᠨ ᠳ᠋ᠤ ᠨᠡᠩ ᠰᠠᠢᠨ ᠨᠡᠩ ᠳᠦᠷᠬᠡᠨ᠎ᠢᠶᠡᠷ ᠬᠦᠭᠵᠢᠬᠦ ᠢᠳᠡᠭᠡᠯ ᠵᠤᠷᠢᠭ ᠪᠤᠢ᠂ ᠪᠠᠰᠠ 《ᠬᠣᠶᠠᠷ ᠳᠠᠯ᠎ᠠ ᠪᠡᠷ ᠪᠦᠬᠦ ᠤᠯᠤᠰ᠎ᠤᠨ ᠳᠡᠭᠡᠳᠦ ᠳᠦᠪᠰᠢᠨ᠎ᠳᠦ ᠲᠣᠭ᠍ᠲᠠᠭᠤᠨ ᠪᠠᠢᠬᠤ》᠂ 《ᠬᠣᠶᠠᠷ ᠳᠠᠯ᠎ᠠ ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》 ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠴᠢᠳᠡᠪᠦᠷᠢᠪᠠᠢᠨᠠ᠃
ᠡᠬᠢᠯᠡᠯᠲᠡ ᠵᠢᠨ ᠦᠶ᠎ᠠ ᠳ᠋ᠤ ᠵᠠᠩᠭᠢᠯᠠᠭ᠎ᠠ᠎ᠶᠢᠨ ᠠᠷᠭ᠎ᠠ ᠪᠣᠳᠣᠯᠭ᠎ᠠ᠎ᠶᠢ ᠰᠦᠪᠡᠭᠴᠢᠯᠡᠵᠦ᠂ ᠵᠠᠩᠭᠢᠯᠠᠭ᠎ᠠ᠎ᠶᠢᠨ ᠵᠢᠳᠭᠦᠯ ᠴᠢᠷᠮᠠᠢᠯᠭ᠎ᠠ ᠪᠠᠢᠬᠤ ᠬᠡᠷᠡᠭᠲᠡᠢ᠃ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ ᠪᠤᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠪᠣᠯ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠪᠦᠬᠦ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠶᠡᠷᠦᠩᠬᠡᠢ ᠭᠠᠷᠳᠡᠴᠡ ᠮᠥᠨ᠂ ᠪᠢᠳᠡ ᠠᠵᠢᠯᠯᠠᠬᠤ᠎ᠶᠢ ᠲᠡᠷᠢᠭᠦᠨ᠎ᠳᠦ ᠲᠠᠯᠪᠢᠵᠤ᠂ ᠪᠣᠳᠠᠲᠠᠢ ᠪᠠᠢᠬᠤ ᠪᠠᠷ ᠦᠨᠳᠦᠰᠦ ᠪᠤᠯᠭᠠᠬᠤ ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠠᠲᠦ ᠡᠵᠡᠮᠳᠡᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠵᠢ ᠦᠨᠳᠦᠰᠦᠲᠡᠨ᠎ᠦ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ᠎ᠶᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠡᠴᠡ ᠣᠯᠭᠣᠭᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠲᠤᠯᠤᠭᠠᠨ ᠵᠦᠢᠯ᠎ᠦᠨ ᠭᠣᠣᠯᠳᠠᠯᠭ᠎ᠠ᠎ᠲᠠᠢ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ᠎ᠶᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠰᠡᠳᠬᠢᠯ ᠨᠢᠭᠡᠳᠦᠨ ᠬᠦᠴᠦᠨ ᠵᠢᠠᠨ ᠬᠠᠮᠲᠤᠳᠬᠠᠵᠤ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠲᠤᠷ ᠡᠬᠢᠯᠡᠭᠦᠯᠬᠦ ᠬᠡᠷᠡᠭᠳᠡᠢ᠃
ᠰᠢᠨ᠎ᠡ ᠵᠢᠷᠤᠭ ᠲᠥᠰᠥᠪ᠂ ᠰᠢᠨ᠎ᠡ ᠭᠠᠷᠤᠭ᠎ᠠ ᠲᠡᠬᠡᠷ᠎ᠡ ᠵᠤᠬᠰᠤᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ ᠵᠢᠳᠬᠦᠯ ᠴᠢᠷᠮᠠᠢᠯᠭ᠎ᠠ ᠭᠠᠷᠭᠠᠵᠤ ᠶᠡᠬᠡ ᠶᠠᠪᠤᠳᠠᠯ᠎ᠢ ᠪᠦᠳᠦᠬᠡᠵᠤ ᠪᠤᠯᠤᠨ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠡᠭᠦᠷᠭᠡ ᠬᠠᠷᠢᠭᠤᠴᠠᠯᠭ᠎ᠠ ᠢᠷᠠᠭᠤ ᠠᠯᠳᠠᠷᠲᠠᠢ ᠶᠤᠮ᠃ ᠢᠷᠡᠭᠡᠳᠦᠢ ᠵᠢ ᠪᠠᠷᠠᠯᠠᠬᠤᠶ᠎ᠠ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶᠢᠨ ᠬᠣᠷᠢᠶ᠎ᠠ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠭᠦᠷᠭᠡ ᠬᠠᠷᠢᠭᠤᠴᠠᠯᠭ᠎ᠠ᠎ᠶᠢᠨ ᠪᠠᠢᠷᠢ ᠲᠣᠭᠲᠠᠭᠠᠯᠲᠠ᠎ᠳᠤ ᠰᠠᠭᠤᠷᠢᠯᠠᠵᠤ᠂ ᠭᠣᠣᠯ ᠠᠵᠢᠯ᠎ᠤᠨ ᠲᠣᠭᠣᠷᠢᠨ᠎ᠳᠤ᠂ ᠶᠡᠬᠡ ᠲᠠᠯ᠎ᠠ᠎ᠳᠤ ᠦᠢᠯᠡᠴᠢᠯᠡᠬᠦ᠎ᠶᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠬᠤ᠎ᠲᠠᠢ ᠨᠢᠭ᠍ᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠳᠤ ᠬᠦᠴᠦᠯᠡᠬᠦ ᠴᠡᠭ᠎ᠢ ᠣᠨᠣᠪᠴᠢᠲᠠᠢ ᠣᠯᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠬᠦᠯᠬᠦ ᠳ᠋ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠬᠦ ᠬᠡᠷᠡᠭᠳᠡᠢ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠠᠷᠠᠳ ᠲᠦᠮᠡᠨ᠎ᠦ ᠳᠤᠮᠳᠠ᠎ᠡᠴᠡ ᠢᠷᠡᠵᠤ᠂ ᠠᠷᠠᠳ ᠲᠦᠮᠡᠨ᠎ᠦ ᠳᠤᠮᠳᠠ ᠦᠨᠳᠦᠰᠦᠯᠡᠵᠦ᠂ ᠠᠷᠠᠳ ᠲᠦᠮᠡᠨ᠎ᠡᠴᠡ ᠣᠯᠭᠣᠭᠰᠠᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠤᠢ ᠂ ᠥᠷᠭᠡᠨ ᠤᠯᠠᠨ ᠲᠥᠯᠥᠭᠡᠯᠡᠭᠴᠢᠳ ᠨᠠᠮ ᠪᠣᠯᠣᠨ ᠤᠯᠤᠰ᠎ᠤᠨ ᠠᠷᠠᠳ ᠤᠯᠠᠨ᠎ᠯᠤᠭ᠎ᠠ ᠬᠠᠷᠢᠯᠴᠠᠬᠤ ᠬᠥᠭᠥᠷᠭᠡ ᠬᠤᠯᠪᠤᠭᠠᠰᠤ ᠪᠣᠯᠵᠤ᠂ ᠪᠣᠳᠠᠲᠠᠢ᠎ᠶᠢ ᠡᠷᠬᠢᠮᠯᠡᠭᠰᠡᠨ ᠦᠨᠡᠨᠬᠦ ᠲᠤᠰᠠᠲᠠᠢ ᠠᠷᠭ᠎ᠠ ᠤᠬᠠᠭᠠᠨ ᠢ᠋ ᠢᠯᠡᠭᠦᠬᠡᠨ ᠲᠡᠪᠰᠢᠬᠦᠯᠵᠤ᠂ ᠬᠥᠭᠵᠢᠯᠲᠡ᠎ᠶᠢ ᠠᠬᠢᠭᠤᠯᠬᠤ ᠬᠦᠴᠦᠳᠤ ᠲᠠᠭᠤᠨ᠎ᠢ ᠬᠠᠩᠭᠢᠨᠠᠭᠤᠯᠬᠤ᠎ᠶᠢ ᠬᠦᠰᠡᠵᠤ ᠪᠠᠢᠨ᠎ᠠ᠃
ᠤᠷᠮ᠎ᠠ ᠵᠣᠷᠢᠭ᠋ ᠪᠠᠳᠠᠷᠠᠩᠭᠤᠢ᠎ᠪᠠᠷ ᠤᠷᠢᠬᠠᠨ ᠬᠠᠪᠤᠷ᠎ᠢ ᠤᠬᠳᠤᠨ ᠤᠷᠤᠬᠰᠢᠯᠠᠵᠤ᠂ ᠢᠲᠡᠭᠡᠯ ᠵᠣᠷᠢᠭ᠋ ᠲᠡᠭᠦᠯᠳᠡᠷ ᠵᠢᠡᠷ ᠡᠭᠦᠷᠭᠡ ᠬᠠᠷᠢᠭᠤᠴᠠᠯᠭ᠎ᠠ ᠪᠡᠨ ᠬᠦᠢᠴᠡᠳᠭᠡᠨ᠎ᠡ᠃ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠤ ᠬᠥᠭᠵᠢᠯᠲᠡ ᠨᠢᠭᠡᠨᠲᠡ ᠳᠠᠷᠪᠠᠭᠤᠯ ᠬᠡᠢᠰᠬᠡᠨ ᠠᠶᠠᠯᠠᠯ᠎ᠢᠶᠠᠨ ᠡᠬᠢᠯᠡᠭᠦᠯᠦᠯ᠎ᠡ᠂ ᠪᠢᠳᠡᠨ᠎ᠦ ᠲᠡᠦᠬᠡ᠎ᠶᠢᠨ ᠰᠢᠨ᠎ᠡ ᠬᠠᠭᠤᠳᠠᠰᠤ ᠵᠢ ᠪᠢᠴᠢᠭᠯᠡᠬᠦ᠎ᠶᠢ ᠬᠦᠯᠢᠶᠡᠵᠦ ᠪᠤᠢ᠃ ᠪᠢᠳᠡ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠠᠭᠰᠤᠮ ᠬᠦᠯᠦᠭ ᠲᠦ᠍ ᠲᠠᠰᠢᠭᠤᠷ ᠨᠡᠮᠡᠨ᠂ ᠵᠤᠬᠰᠤᠯ ᠦᠬᠡᠢ ᠤᠷᠤᠬᠰᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠰᠦᠬᠡᠢ᠃
ᠶᠡᠬᠡ ᠬᠤᠷᠠᠯ᠎ᠤᠨ ᠲᠡᠭᠦᠰ ᠠᠮᠵᠢᠯᠲᠠ ᠣᠯᠬᠤ᠎ᠶᠢ ᠬᠦᠰᠡᠨ ᠵᠦᠨᠭᠨᠡᠶᠡ!