ᠤᠯᠤᠰ ᠲᠥᠷᠤ᠎ᠶᠢᠨ ᠵᠥᠪᠯᠡᠯᠭᠡᠨ᠎ᠦ ᠭᠡᠰᠢᠭᠦᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶᠢᠨ ᠵᠥᠪᠯᠡᠯᠭᠡᠨ᠎ᠦ ᠪᠠᠢᠩᠭᠤ᠎ᠶᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ᠎ᠶᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶᠢ ᠬᠢᠨᠠᠨ ᠵᠥᠪᠯᠡᠪᠡ
2026-02-04 10:26:58
ᠵᠣᠬᠢᠶᠠᠭ᠍ᠴᠢ᠄
​ ᠠᠨ᠎ᠶᠶ᠋ᠨ ᠳ᠋ᠦᠩ ᠱᠤᠸᠠᠢ ᠵᠧᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 3 ᠎ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠵᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ᠎ᠶᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶᠢ ᠬᠢᠨᠠᠨ ᠵᠥᠪᠯᠡᠪᠡ᠃

ᠬᠢᠨᠠᠨ ᠵᠥᠪᠯᠡᠬᠰᠡᠨ ᠭᠡᠰᠢᠭᠦᠳ ᠢᠳᠡᠪᠬᠢᠲᠡᠢ᠎ᠪᠡᠷ ᠶᠠᠷᠢᠶ᠎ᠠ ᠲᠠᠯᠪᠢᠵᠤ᠂ ᠥᠪᠡᠷ ᠥᠪᠡᠷ᠎ᠦᠨ ᠰᠠᠨᠠᠯ᠎ᠢᠶᠠᠨ ᠶᠠᠷᠢᠵᠤ᠂ ᠡᠯ᠎ᠡ ᠳᠤᠭᠤᠢᠯᠠᠩ᠎ᠤᠨ ᠶᠠᠷᠢᠯᠴᠠᠭ᠎ᠠ ᠵᠢᠨ ᠲᠤᠬᠠᠢ᠎ᠶᠢᠨ ᠲᠠᠯᠠᠪᠠᠢ᠎ᠳᠤ ᠬᠦᠷ ᠬᠥᠭᠵᠢᠶᠡᠨ᠎ᠢᠶᠡᠷ ᠪᠢᠯᠬᠠᠨ᠎ᠠ᠃ ᠣᠯᠠᠨ᠎ᠢᠶᠠᠷ᠎ᠢᠶᠠᠨ᠂ ᠪᠠᠢᠩᠭᠤ᠎ᠶᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠳᠦ 2025 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠤᠯᠤᠰ ᠲᠥᠷᠥ᠎ᠶᠢᠨ ᠵᠥᠪᠯᠡᠯᠭᠡ ᠬᠢᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠥᠷᠥ᠎ᠶᠢᠨ ᠶᠠᠪᠤᠳᠠᠯ᠎ᠳᠤ ᠣᠷᠣᠯᠴᠠᠨ ᠲᠥᠷᠥ᠎ᠶᠢᠨ ᠶᠠᠪᠤᠳᠠᠯ᠎ᠢ ᠵᠥᠪᠯᠡᠬᠦ ᠵᠡᠷᠭᠡ ᠲᠠᠯ᠎ᠠ᠎ᠪᠠᠷ ᠣᠯᠣᠭᠰᠠᠨ ᠯᠠᠪᠳᠠᠭᠤᠨ ᠪᠠᠲᠤᠲᠠᠢ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠳ᠋ᠦᠩᠨᠡᠵᠦ᠂ ᠬᠣᠢᠰᠢᠳᠠ᠎ᠶᠢᠨ ᠠᠵᠢᠯ᠎ᠳᠤ ᠴᠢᠭᠯᠡᠯ᠎ᠢ ᠲᠣᠳᠣᠷᠬᠠᠢ ᠵᠢᠭᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠭᠰᠡᠨ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠭᠰᠠᠨ᠂ ᠬᠥᠮᠥᠰ᠎ᠢ ᠤᠷᠮᠠᠰᠢᠭᠤᠯᠤᠨ ᠵᠣᠷᠢᠭ᠍ᠵᠢᠭᠤᠯᠤᠭᠰᠠᠨ ᠮᠡᠳᠡᠭᠦᠯᠦᠯᠲᠡ ᠪᠣᠯᠵᠠᠢ᠃ ᠰᠠᠨᠠᠯ ᠳᠤᠷᠠᠳᠤᠯᠭ᠎ᠠ᠎ᠶᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠨᠢ ᠦᠨᠡᠨ᠎ᠡᠴᠡ ᠵᠥᠪ᠎ᠢ ᠡᠷᠢᠵᠦ᠂ ᠬᠢᠯᠠᠰ ᠴᠡᠭ ᠨᠢ ᠲᠣᠪᠣᠢᠮ᠎ᠠ ᠪᠠᠢᠵᠤ᠂ ᠤᠯᠤᠰ ᠲᠥᠷᠥ᠎ᠶᠢᠨ ᠵᠥᠪᠯᠡᠯᠭᠡᠨ᠎ᠦ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠳᠤᠮᠳᠠᠬᠢ ᠰᠠᠨᠠᠯ ᠳᠤᠷᠠᠳᠤᠯᠭ᠎ᠠ᠎ᠶᠢᠨ ᠠᠵᠢᠯ᠎ᠤᠨ ᠪᠥᠬᠥ ᠲᠠᠯ᠎ᠠ᠎ᠶᠢᠨ ᠴᠢᠨᠠᠷᠲᠠᠢ᠂ ᠰᠠᠭᠤᠷᠢ ᠴᠢᠨᠠᠷᠲᠠᠢ ᠦᠢᠯᠡᠳᠦᠯ᠎ᠢ ᠭᠦᠢᠴᠡᠳ ᠢᠯᠡᠷᠡᠭᠦᠯᠵᠦ᠂ ᠭᠡᠰᠢᠭᠦᠳ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ ᠢᠲᠡᠭᠡᠯ ᠵᠣᠷᠢᠭ᠋᠎ᠢ ᠤᠯᠠᠮ ᠴᠢᠨᠠᠭᠰᠢᠳᠠ ᠨᠢᠭ᠍ᠲᠠᠷᠠᠭᠤᠯᠪᠠ ᠭᠡᠵᠦ ᠦᠵᠡᠵᠡᠭᠡᠪᠡ᠃

ᠪᠠᠢᠩᠭᠤ᠎ᠶᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶᠢᠨ ᠠᠭᠤᠯᠭ᠎ᠠ ᠨᠢ ᠨᠠᠷᠢᠨ ᠪᠣᠳᠠᠲᠠᠢ᠂ ᠬᠢᠯᠠᠰ ᠴᠡᠭ ᠵᠠᠯᠭᠠᠭ᠎ᠠ᠎ᠪᠠᠷ ᠢᠯᠡᠷᠡᠵᠦ᠂ ᠡᠨᠡ ᠵᠢᠯ᠎ᠦᠨ ᠠᠵᠢᠯ᠎ᠢ ᠪᠠᠢᠷᠢᠯᠠᠭᠤᠯᠬᠤ᠎ᠳᠠᠭᠠᠨ ᠰᠢᠰᠲᠧᠮ ᠨᠢ ᠪᠥᠬᠥ ᠲᠠᠯ᠎ᠠ᠎ᠶᠢᠨ᠂ ᠬᠠᠷᠠᠯᠲᠠ ᠨᠢ ᠲᠣᠳᠣᠷᠬᠠᠢ ᠪᠠᠢᠨ᠎ᠠ ᠭᠡᠵᠦ ᠨᠠᠷᠠᠰᠤ ᠭᠡᠰᠢᠭᠦᠨ ᠢᠯᠡᠳᠭᠡᠪᠡ᠃ ᠲᠡᠷᠡ᠄ 《2026 ᠣᠨ ᠪᠣᠯ 〈ᠠᠷᠪᠠᠨ ᠲᠠᠪᠤᠳᠤᠭᠠᠷ ᠲᠠᠪᠤᠨ ᠵᠢᠯ〉ᠤ᠋ᠨ ᠡᠬᠢᠯᠡᠯᠲᠡ᠎ᠶᠢᠨ ᠵᠢᠯ ᠪᠣᠯᠣᠨ᠎ᠠ᠂ ᠪᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠰᠠᠨᠠᠭᠠᠴᠢᠯᠠᠭᠠᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ᠎ᠪᠡᠨ ᠴᠢᠨᠠᠭᠰᠢᠳᠠ ᠴᠢᠩᠭᠠᠳᠬᠠᠵᠤ᠂ ᠲᠤᠰᠬᠠᠢ ᠮᠡᠷᠭᠡᠵᠢᠯ᠎ᠦᠨ ᠳᠠᠪᠠᠭᠤᠯᠢᠭ᠋᠎ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 〈1571〉 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠰᠠᠨᠠᠯ ᠰᠠᠨᠠᠭᠤᠯᠭ᠎ᠠ ᠳᠤᠷᠠᠳᠬᠤ ᠨᠠᠷᠢᠯᠢᠭ ᠤᠨᠤᠪᠴᠢᠲᠠᠢ ᠬᠡᠮᠵᠢᠶ᠎ᠡ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

《ᠮᠡᠳᠡᠭᠦᠯᠦᠯᠲᠡ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠡᠷᠡᠯᠬᠡᠭ᠌ᠯᠡᠨ ᠤᠷᠤᠭ᠍ᠰᠢᠯᠠᠭᠤᠯᠤᠨ᠎ᠠ!  ᠥᠩᠭᠡᠷᠡᠭ᠌ᠰᠡᠨ ᠨᠢᠭᠡ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠰᠠᠨᠠᠭᠠᠴᠢᠯᠠᠭ᠎ᠠ ᠡᠴᠡ᠎ᠪᠠᠨ ᠬᠠᠷᠢᠭᠤᠴᠠᠯᠭ᠎ᠠ ᠡᠭᠦᠷᠭᠡᠯᠡᠵᠦ᠍᠂ ᠢᠳᠡᠪᠬᠢᠲᠡᠢ᠎ᠪᠡᠷ ᠵᠢᠳᠬᠦᠯ ᠴᠢᠷᠮᠠᠢᠯᠭ᠎ᠠ ᠭᠠᠷᠭᠠᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠤ ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠠᠷᠠᠳ ᠲᠦᠮᠡᠨ᠎ᠦ ᠲᠥᠯᠥᠭᠡ ᠵᠢᠳᠬᠦᠬᠦ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠭ᠌ᠰᠡᠨ ᠦᠷ᠎ᠡ ᠪᠦᠲᠦᠭᠡᠯ  ᠢ᠋ ᠨᠡᠩ ᠨᠢᠳᠦᠨ᠎ᠳᠦ ᠦᠵᠡᠭᠳᠡᠨ᠎ᠡ ᠭᠠᠷ᠎ᠲᠦ ᠪᠠᠷᠢᠭᠳᠠᠮ᠎ᠠ ᠪᠣᠯᠭᠠᠪᠠ᠃ 2026 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠲᠣᠬᠢᠷᠠᠭᠤᠯᠤᠯᠲᠠ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠠᠷᠠᠳ᠎ᠤᠨ ᠠᠮᠢᠳᠤᠷᠠᠯ᠎ᠤᠨ ᠦᠶ᠋ᠯᠡᠰ᠎ᠢ ᠦᠷᠭᠦᠯᠵᠢᠯᠡᠨ ᠠᠩᠬᠠᠷᠴᠤ᠌᠂ ᠲᠤᠱᠢᠶᠠᠯ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠶ ᠭᠦᠶ᠋ᠴᠡᠳᠭᠡᠬᠦ᠌᠎ᠪᠡᠷ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠬᠡᠷᠡᠭ᠌ᠲᠡᠶ ᠭᠡᠵᠦ ᠳ᠋ᠦ᠋ ᠵᠢᠤᠸᠠᠨ ᠭᠡᠱᠢᠭᠦᠨ ᠬᠡᠯᠡᠪᠠ᠃

ᠬᠤᠤ ᠵᠧᠨ ᠢᠦᠢ ᠭᠡᠱᠢᠭᠦᠨ᠂ ᠮᠡᠳᠡᠭᠦᠯᠦᠯᠲᠡ ᠨᠢ ᠪᠣᠳᠠᠲᠤ ᠶᠠᠪᠤᠳᠠᠯ᠎ᠢᠶᠠᠷ ᠦᠨᠳᠦᠰᠦᠯᠡᠯ ᠪᠣᠯᠭᠠᠵᠤ᠂ ᠲᠣᠭ᠎ᠠ ᠪᠠᠷᠢᠮᠲᠠ᠎ᠪᠠᠷ ᠲᠤᠯᠭᠠᠭᠤᠷᠢᠯᠠᠯ ᠪᠣᠯᠭᠠᠵᠤ᠂ ᠥᠩᠭᠡᠷᠡᠭ᠌ᠰᠡᠨ ᠨᠢᠭᠡ ᠵᠢᠯ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠭ᠌ᠰᠡᠨ ᠡᠯᠪᠡᠭ ᠪᠠᠶᠠᠯᠢᠭ ᠦᠷ᠎ᠡ ᠪᠦᠲᠦᠭᠡᠯ᠎ᠢ ᠪᠤᠰᠤᠳᠴᠢ᠎ᠪᠠᠷ ᠢᠯᠡᠷᠡᠭᠦᠯᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠎ᠢ ᠢᠯᠡᠷᠡᠭᠦᠯᠪᠡ ᠭᠡᠵᠡᠢ᠃ ᠲᠡᠷᠡ᠂ ᠲᠤᠰᠭᠠᠶ ᠮᠡᠷᠭᠡᠵᠢᠯ᠎ᠦᠨ ᠳᠠᠪᠠᠭᠤᠯᠢᠭ᠎ᠢᠶᠠᠨ ᠪᠠᠳᠠᠷᠠᠭᠤᠯᠵᠤ᠂ ᠭᠤᠤᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠠᠶ᠎ᠶ᠋ᠢ ᠡᠷᠬᠢᠮᠯᠡᠬᠰᠡᠨ ᠠᠷᠭ᠎ᠠ ᠤᠬᠠᠭᠠᠨ᠎ᠢ ᠢᠯᠡᠭᠦᠬᠡᠨ ᠳᠡᠪᠱᠢᠭᠦᠯᠵᠦ᠍᠂ ᠠᠯᠤᠰ ᠬᠡᠲᠦ᠍᠎ᠶ᠋ᠢᠨ ᠠᠷᠭ᠎ᠠ ᠪᠣᠳᠣᠯᠭ᠎ᠠ᠎ᠶ᠋ᠢ ᠢᠯᠡᠭᠦᠬᠡᠨ ᠰᠦᠪᠡᠭ᠌ᠴᠢᠯᠡᠵᠦ᠍᠂ ᠨᠠᠩ ᠥᠨᠳᠥᠷ ᠪᠠᠷᠢᠮᠵᠢᠶ᠎ᠠ᠎ᠪᠠᠷ ᠭᠡᠱᠢᠭᠦᠨ ᠤ᠋ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠨ᠎ᠡ ᠭᠡᠵᠦ᠍ ᠢᠯᠡᠳᠭᠡᠪᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠰᠠᠢᠲᠤᠷ ᠬᠢᠬᠦ᠌ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃  ᠭᠡᠱᠢᠭᠦᠳ᠂ 2026 ᠣᠨ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ ᠣᠯᠠᠨ ᠲᠦᠮᠡᠨ᠎ᠦ ᠬᠠᠯᠠᠮᠱᠢᠯ ᠠᠰᠠᠭᠤᠳᠠᠯ ᠪᠠ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠢᠴᠠᠭᠠᠨ ᠰᠤᠳᠤᠯᠵᠤ ᠵᠥᠪᠯᠡᠬᠦ᠌ ᠪᠠ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠴᠢᠨᠠᠷ ᠰᠠᠢᠲᠠᠶ᠎ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠬᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号