ᠠᠩᠬᠠᠨ᠎ᠤ ᠲᠠᠯᠠᠪᠤᠷ 《ᠭᠡᠱᠢᠭᠦᠳ᠎ᠦᠨ ᠰᠤᠷᠪᠤᠯᠵᠢᠯᠠᠭ᠎ᠠ ᠬᠦᠯᠢᠶᠡᠬᠦ᠌ ᠵᠠᠮ》 ᠳ᠋ᠤ 4 ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠰᠡᠳᠭᠢᠯ᠎ᠦᠨ ᠦᠭᠡ᠎ᠪᠡᠨ ᠲᠡᠯᠭᠡᠯ᠎ᠠ
2026-02-04 10:34:38
ᠵᠣᠬᠢᠶᠠᠭ᠍ᠴᠢ᠄
​ᠯᠢ ᠼᠦᠨ ᠱᠢᠶᠠ ᠱᠢᠤᠢ ᠵᠢᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 3 ᠎ᠤ᠋ ᠦᠳᠡ᠎ᠶ᠋ᠢᠨ ᠡᠮᠦᠨᠡᠬᠢ 8 ᠴᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠡᠬᠢᠯᠡᠬᠦ᠌᠎ᠡᠴᠡ ᠡᠮᠦᠨ᠎ᠡ᠂ ᠠᠩᠬᠠᠨ᠎ᠤ ᠲᠠᠯᠠᠪᠤᠷ 《ᠭᠡᠱᠢᠭᠦᠳ᠎ᠦᠨ ᠰᠤᠷᠪᠤᠯᠵᠢᠯᠠᠭ᠎ᠠ ᠬᠦᠯᠢᠶᠠᠬᠦ ᠵᠠᠮ》 ᠢ᠋ ᠲᠣᠭ᠍ᠲᠠᠭ᠍ᠰᠠᠨ ᠴᠠᠭ᠎ᠲᠠᠭᠠᠨ ᠨᠡᠭᠡᠭᠡᠪᠡ᠃ ᠠᠳᠠᠯᠢ ᠪᠤᠰᠤ ᠡᠲᠡᠭᠡᠳ ᠢᠯᠭᠠᠯ᠎ᠡᠴᠡ ᠢᠷᠡᠭ᠌ᠰᠡᠨ 4 ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠲᠠᠢ ᠨᠢᠭᠤᠷᠳᠠᠨ ᠰᠤᠷᠪᠤᠯᠵᠢᠯᠠᠭ᠎ᠠ ᠬᠦᠯᠢᠶᠠᠵᠤ᠂ ᠬᠠᠯᠠᠮᠰᠢᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ᠎ᠤᠨ ᠠᠮᠢᠳᠤᠷᠠᠯ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠥᠯᠢᠭᠡᠷ ᠪᠠ ᠲᠥᠷᠥᠭ᠌ᠳᠡᠯ᠎ᠢᠶᠡᠨ ᠬᠤᠪᠢᠶᠠᠯᠴᠠᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠳᠡᠳ᠋ ᠡᠷᠬᠢᠯᠡᠭ᠌ᠴᠢ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ᠎ᠶ᠋ᠢᠨ ᠬᠡᠦᠬᠡᠳ᠎ᠦᠨ ᠰᠠᠯᠠᠭᠠᠨ᠎ᠤ ᠲᠥᠪ᠎ᠦᠨ ᠡᠷᠬᠢᠯᠡᠭ᠌ᠴᠢ ᠵᠦ᠍ ᠬᠤᠸᠠ ᠡᠩ ᠲᠡᠷᠢᠭᠦᠨ᠎ᠳᠦ ᠰᠤᠷᠪᠤᠯᠵᠢᠯᠠᠭ᠎ᠠ ᠬᠦᠯᠢᠶᠠᠬᠦ ᠵᠠᠮ᠎ᠳᠤ ᠭᠠᠷᠴᠤ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠠᠷᠠᠳ᠎ᠤᠨ ᠠᠮᠢᠳᠤᠷᠠᠯ ᠳ᠋ᠦ ᠡᠨ᠋ᠸᠷᠬᠢ ᠤᠯᠭᠤᠬᠤ᠂ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠮᠢᠳᠤᠯᠢᠭ ᠦᠶ᠋ᠯᠡᠳᠦᠯᠭᠡ᠎ᠪᠡᠨ ᠬᠤᠪᠢᠶᠠᠯᠴᠠᠭ᠍ᠰᠠᠨ ᠪᠥᠭᠡᠳ ᠣᠯᠠᠨ ᠲᠦᠮᠡᠨ᠎ᠦ ᠠᠩᠬᠠᠷᠴᠤ᠌ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠠᠮᠢᠰᠭᠤᠯ᠎ᠤᠨ ᠵᠠᠮ᠎ᠤᠨ ᠬᠠᠷᠱᠢᠮᠠᠲᠠᠭᠠᠶ ᠴᠢᠨᠠᠷᠲᠠᠶ ᠡᠪᠡᠳᠴᠢᠨ ᠡᠮᠭᠡᠭ᠎ᠦᠨ ᠲᠣᠭᠣᠷᠢᠨ᠎ᠳᠤ 5 ᠵᠤᠷᠪᠤᠰ ᠰᠠᠨᠠᠭᠤᠯᠭ᠎ᠠ ᠳᠤᠷᠠᠳᠪᠠ᠃ ᠲᠡᠷᠡ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠤᠷᠢᠳᠴᠢᠯᠠᠨ ᠰᠡᠷᠡᠮᠵᠢᠯᠡᠭᠦᠯᠬᠦ᠌ ᠠᠷᠭ᠎ᠠ ᠪᠣᠳᠣᠯᠭ᠎ᠠ᠎ᠶ᠋ᠢ ᠴᠢᠩᠭᠠᠳᠭᠠᠵᠤ᠂ ᠰᠤᠷᠭᠠᠭᠤᠯᠢ᠂ ᠬᠡᠷ᠎ᠦᠨ ᠠᠬᠠᠮᠠᠳ ᠪᠣᠯᠤᠨ ᠰᠤᠷᠤᠭ᠍ᠴᠢᠳ᠎ᠤᠨ ᠡᠷᠡᠭᠦᠯ ᠮᠡᠨᠳᠦ᠍᠎ᠶ᠋ᠢᠨ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠠᠮᠢᠰᠭᠤᠯ᠎ᠤᠨ ᠵᠠᠮ᠎ᠤᠨ ᠬᠠᠷᠱᠢᠮᠠᠲᠠᠭᠠᠶ ᠴᠢᠨᠠᠷᠲᠠᠶ ᠡᠪᠡᠳᠴᠢᠨ ᠣᠯᠤᠭ᠍ᠰᠠᠨ ᠰᠤᠷᠤᠭ᠍ᠴᠢᠳ᠎ᠤᠨ ᠬᠤᠪᠢ ᠬᠥᠮᠦᠨ᠎ᠦ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠵᠣᠬᠢᠰᠲᠠᠶ ᠡᠮᠬᠢ ᠵᠢᠷᠤᠮ᠎ᠲᠠᠶ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ ᠥᠷᠨᠢᠭᠦᠯᠵᠦ᠍᠂ ᠡᠮᠴᠢᠯᠡᠭᠡᠨ᠎ᠦ ᠪᠠᠢᠭᠤᠯᠤᠮᠵᠢ᠎ᠨᠢ ᠬᠢᠷᠬᠢᠷ᠎ᠡ ᠡᠪᠡᠳᠴᠢᠨ᠎ᠲᠡᠶ ᠬᠥᠮᠦᠰ᠎ᠢ ᠲᠥᠪᠯᠡᠷᠡᠭᠦᠯᠦᠨ ᠡᠮᠨᠡᠭᠦᠯᠬᠦ᠌ ᠭᠡᠨᠡᠳᠲᠡ᠎ᠶ᠋ᠢᠨ ᠪᠠᠢᠳᠠᠯ᠎ᠢ ᠠᠷᠭᠠᠴᠠᠭᠠᠬᠤ ᠤᠷᠢᠳᠴᠢᠯᠠᠨ ᠰᠡᠷᠡᠮᠵᠢᠯᠡᠭᠦᠯᠬᠦ᠌ ᠲᠥᠰᠦᠯ ᠲᠣᠭ᠍ᠲᠠᠭᠠᠬᠤ ᠬᠡᠷᠡᠭ᠌ᠲᠡᠶ ᠭᠡᠵᠤ ᠦᠵᠡᠪᠡ᠃ ᠵᠣ᠌ ᠬᠤᠸᠠ᠄ 《ᠪᠢ ᠡᠮᠴᠢᠯᠡᠭᠡᠨ᠎ᠢᠶᠡᠷ ᠰᠡᠷᠭᠡᠢᠯᠡᠨ ᠵᠠᠰᠠᠬᠤ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠢᠨᠵᠧᠨᠧᠷᠢᠩ ᠵᠡᠷᠭᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠳ᠋ᠦ ᠬᠦᠴᠦᠨ ᠨᠡᠮᠡᠷᠢᠯᠡᠬᠦ᠎ᠪᠡᠷ  ᠡᠭᠦᠷᠭᠡ᠎ᠪᠡᠨ ᠪᠣᠯᠭᠠᠵᠤ᠂ ᠦᠷᠭᠦᠯᠵᠢᠯᠡᠨ ᠡᠮᠴᠢ ᠬᠥᠮᠦᠨ᠎ᠦ ᠡᠨᠡᠷᠢᠩᠭᠦᠶ ᠰᠡᠳᠭᠢᠯ ᠪᠣᠯᠤᠨ ᠭᠡᠱᠢᠭᠦᠨ ᠤ᠋ ᠬᠠᠷᠢᠭᠤᠴᠠᠯᠭ᠎ᠠ ᠡᠬᠦᠷᠭᠡᠯᠡᠯ ᠵᠢᠡᠷ᠂ ᠥᠪᠥᠷ ᠮᠣᠩᠭᠣᠯ᠎ᠤᠨ ᠬᠡᠦᠬᠡᠳ᠎ᠦᠨ ᠡᠷᠡᠭᠦᠯ ᠮᠡᠨᠳᠦ᠍᠎ᠶ᠋ᠢᠨ ᠲᠥᠯᠥᠭᠡ ᠪᠥᠬᠥ᠌ ᠰᠡᠳᠭᠢᠯ ᠪᠥᠬᠥ᠌ ᠴᠢᠳᠠᠯ᠎ᠢᠶᠠᠷ᠎ᠢᠶᠠᠨ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠭᠡᠯᠡᠵᠤ ᠪᠠᠢᠯ᠎ᠠ᠃

《ᠦᠭᠡ ᠬᠡᠯᠡ ᠨᠡᠪᠲᠡᠷᠡᠯᠴᠡᠪᠡᠯ ᠰᠠᠶᠢ ᠰᠡᠳᠭᠢᠯ ᠰᠡᠳᠭᠢᠯ᠎ᠢᠶᠡᠨ ᠮᠡᠳᠡᠯᠴᠡᠵᠦ᠍ ᠴᠢᠳᠠᠨ᠎ᠠ; ᠰᠣᠶᠣᠯ ᠠᠭᠤᠰᠤᠯᠴᠠᠪᠠᠯ ᠰᠠᠶᠢ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠴᠢᠳᠠᠨ᠎ᠠ》᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠴᠠᠭ᠍ᠳᠠᠭ᠎ᠠ᠎ᠶ᠋ᠢᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠶᠢᠩ ᠵᠢᠶᠦ᠋ᠨ ᠣᠯᠠᠨ ᠵᠢᠯ᠎ᠦᠨ ᠲᠤᠷᠰᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠦᠭ᠌ᠰᠡᠨ ᠠᠮᠢᠳᠤᠯᠢᠭ ᠦᠶ᠋ᠯᠡᠳᠦᠯᠭᠡ᠎ᠪᠡᠨ ᠬᠤᠪᠢᠶᠠᠯᠴᠠᠭ᠍ᠰᠠᠨ ᠪᠥᠭᠡᠳ ᠲᠦᠭᠡᠮᠡᠯᠵᠢᠭᠦᠯᠬᠦ᠌ ᠪᠣᠭᠣᠮᠲᠠ ᠱᠢᠪᠲᠤᠯᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠬᠤ ᠲᠣᠭᠣᠷᠢᠨ᠎ᠳᠤ ᠰᠠᠨᠠᠯ ᠰᠠᠨᠠᠭᠤᠯᠭ᠎ᠠ᠎ᠪᠠᠨ ᠳᠡᠪᠱᠢᠭᠦᠯᠪᠡ᠃ 《ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠲᠥᠷᠥᠯ ᠬᠤᠪᠢᠶᠠᠨ ᠵᠢᠯᠣᠭᠣᠳᠭᠤ ᠬᠡᠷᠡᠭ᠌ᠲᠡᠶ᠂ ᠵᠢᠱ᠌ᠢᠶᠡᠯᠡᠪᠡᠯ ᠮᠠᠯᠴᠢᠨ ᠲᠠᠷᠢᠶᠠᠴᠢᠨ᠎ᠳᠤ ᠴᠢᠭ᠌ᠯᠡᠭᠦᠯᠦᠨ ᠦᠶ᠋ᠯᠡᠳᠪᠦᠷᠢᠯᠡᠯ ᠠᠮᠢᠳᠤᠷᠠᠯ᠎ᠤᠨ ᠠᠬᠤᠶ ᠪᠠᠢᠳᠠᠯ᠎ᠲᠠᠶ ᠤᠶᠠᠯᠳᠤᠭᠤᠯᠤᠨ ᠬᠡᠷᠡᠭ᠌ᠯᠡᠭᠡᠨ᠎ᠦ ᠶᠠᠷᠢᠶᠠᠨ᠎ᠤ ᠬᠡᠯᠡᠨ᠎ᠦ ᠪᠣᠯᠪᠠᠰᠤᠷᠠᠯ ᠥᠷᠨᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠨᠠᠩ ᠪᠣᠳᠠᠲᠤ ᠦᠷ᠎ᠡ ᠪᠦᠳᠦᠮᠵᠢᠳᠤ ᠴᠢᠨᠠᠷ ᠪᠠ ᠳᠣᠲᠣᠨᠣᠰᠣᠭ ᠬᠦᠴᠦᠨ᠎ᠲᠡᠶ ᠪᠣᠯᠭᠠᠬᠤ ᠬᠡᠷᠡᠭ᠌ᠲᠡᠶ;ᠦᠯᠢᠭᠡᠷ ᠳᠠᠭᠤᠷᠢᠶᠠᠯ᠎ᠤᠨ ᠬᠦᠳᠦᠯᠦᠨ ᠳᠠᠭᠠᠭᠤᠯᠬᠤ ᠪᠠ ᠰᠣᠶᠣᠯ᠎ᠤᠨ ᠨᠡᠪᠴᠢᠭᠦᠯᠬᠦ᠌ ᠦᠢᠯᠡᠳᠦᠯ᠎ᠢ ᠪᠠᠳᠠᠷᠠᠭᠤᠯᠵᠤ᠂ ᠨᠡᠩ ᠤᠯᠠᠨ〈ᠳᠡᠷᠭᠡᠳᠡᠬᠢ ᠦᠯᠢᠭᠡᠷ ᠳᠠᠭᠤᠷᠢᠶᠠᠯ〉 ᠢ᠋ ᠬᠥᠮᠦᠵᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠳᠡᠯᠭᠡᠷᠡᠭᠦᠯᠦᠯᠲᠡ᠎ᠶ᠋ᠢ ᠡᠯ᠎ᠡ ᠲᠦᠷᠦᠯ᠎ᠦᠨ ᠰᠣᠶᠣᠯ᠎ᠤᠨ ᠠᠵᠢᠯᠯᠠᠭ᠎ᠠ᠎ᠲᠠᠶ ᠤᠶᠠᠯᠳᠤᠭᠤᠯᠵᠤ᠂ ᠤᠯᠠᠨ᠎ᠢ ᠠᠶᠠᠨᠳᠠᠭᠠᠨ ᠲᠡᠭᠦᠨ᠎ᠳᠦ ᠣᠢᠷᠠᠲᠤᠭᠤᠯᠵᠤ᠂ ᠲᠡᠭᠦᠨ᠎ᠢ ᠡᠵᠡᠮᠱᠢᠭᠦᠯᠵᠦ᠍᠂ ᠰᠠᠢᠲᠤᠷ ᠬᠡᠷᠡᠭ᠌ᠯᠡᠭᠦᠯᠬᠦ ᠭᠡᠷᠡᠭᠳᠠᠢ》᠃ ᠶᠢᠩ ᠵᠢᠶᠦ᠋ᠨ᠂ 《ᠪᠢ ᠬᠢᠴᠢᠶᠡᠯ᠎ᠦᠨ ᠲᠠᠪᠴᠠᠩ᠎ᠵᠢᠡᠨ ᠦᠷᠭᠦᠯᠵᠢᠯᠡᠨ ᠪᠠᠲᠤ ᠰᠠᠬᠢᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ 》 ᠭᠡᠵᠦ᠍ ᠬᠡᠯᠡᠨ᠎ᠠ᠃

ᠨᠢᠭᠡ ᠬᠤᠪᠢ ᠵᠤᠪ ᠵᠤᠵᠠᠭᠠᠨ ᠢᠷᠭᠡᠨ᠎ᠦ ᠬᠡᠷᠡᠭ᠎ᠦᠨ ᠵᠠᠭᠠᠯᠳᠤᠯᠭ᠎ᠠ᠎ᠶ᠋ᠢᠨ ᠪᠢᠴᠢᠭ᠎ᠡᠴᠡ ᠨᠢᠮᠭᠡᠨ ᠬᠡᠳᠦᠬᠡᠨ ᠨᠢᠭᠤᠷ᠎ᠤᠨ ᠡᠶᠡᠳᠡᠭᠦᠯᠭᠡ᠎ᠶ᠋ᠢᠨ ᠬᠡᠯᠡᠯᠴᠡᠭᠡᠷ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠦ ᠪᠥᠸᠧ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠭᠦᠶ᠋ᠴᠡᠳᠭᠡᠬᠦ᠌ ᠡᠷᠬᠢᠯᠡᠭ᠌ᠴᠢ ᠵᠢᠶᠠᠩ ᠯᠢ ᠭᠠᠷ᠎ᠲᠠᠭᠠᠨ ᠬᠣᠶᠠᠷ ᠬᠤᠪᠢ ᠪᠢᠴᠢᠭ ᠮᠠᠲ᠋ᠧᠷᠢᠶᠠᠯ ᠪᠠᠷᠢᠵᠤ᠂ ᠨᠢᠭᠡᠨ ᠠᠮᠢᠳᠤᠯᠢᠭ ᠰᠠᠢᠬᠠᠨ ᠥᠯᠢᠭᠡᠷ᠎ᠢᠶᠡᠷ 《 ᠤᠯᠤᠰ ᠲᠥᠷᠥ᠎ᠶ᠋ᠢᠨ ᠵᠥᠪᠯᠡᠯᠭᠡᠨ + ᠱᠢᠭᠦᠬᠦ᠌ ᠬᠣᠷᠢᠶ᠎ᠠ》 ᠶ᠋ᠢᠨ ᠢᠷᠭᠡᠨ᠎ᠦ ᠬᠤᠳᠠᠯᠳᠤᠭᠠᠨ᠎ᠤ ᠶᠠᠪᠤᠳᠠᠯ᠎ᠤᠨ ᠵᠢᠭᠤᠷᠠᠯᠳᠤᠭᠠᠨ᠎ᠢ ᠣᠯᠠᠨ ᠡᠱᠢᠴᠢᠯᠡᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠲᠣᠳᠣᠷᠬᠠᠢᠯᠠᠨ ᠲᠠᠢᠯᠪᠤᠷᠢᠯᠠᠪᠠ᠃ ᠲᠤᠰ ᠲᠣᠭ᠍ᠲᠠᠴᠠ ᠨᠢ ᠬᠠᠤᠯᠢ ᠴᠠᠭᠠᠵᠠ᠎ᠶ᠋ᠢ ᠮᠡᠳᠡᠬᠦ᠌᠂ ᠠᠵᠢᠯ ᠲᠦᠷᠦᠯ᠎ᠢ ᠮᠡᠳᠡᠬᠦ᠌᠂ ᠤᠯᠠᠨ ᠨᠡᠢᠲᠡ᠎ᠶ᠋ᠢ ᠢᠲᠡᠭᠡᠭᠦᠯᠬᠦ᠌ ᠬᠦᠴᠦᠨ᠎ᠲᠡᠶ ᠭᠡᠱᠢᠭᠦᠨ᠎ᠢ ᠱᠢᠭᠦᠬᠦ᠌ ᠬᠤᠷᠢᠶ᠎ᠠ ᠵᠢᠨ ᠡᠶᠡᠳᠡᠭᠦᠯᠬᠦ᠌ ᠲᠠᠰᠤᠭ᠎ᠲᠤ ᠤᠷᠢᠵᠤ᠂ ᠵᠠᠷᠭᠤ᠎ᠶ᠋ᠢᠨ ᠶᠠᠪᠤᠴᠠ᠎ᠳᠤ ᠵᠥᠪᠯᠡᠬᠦ᠌ ᠠᠷᠠᠳᠴᠢᠯᠠᠯ᠎ᠤᠨ ᠬᠠᠯᠠᠭᠤᠨ ᠳᠤᠯᠠᠭᠠᠨ᠎ᠢ ᠣᠯᠭᠣᠪᠠ᠃ 2025 ᠣᠨ᠎ᠤ ᠡᠴᠦᠰ ᠪᠣᠯᠲᠠᠯ᠎ᠠ᠂ ᠪᠥᠬᠥ᠌ ᠣᠷᠣᠨ᠎ᠳᠤ ᠨᠡᠢᠲᠡ 151 ᠭᠡᠱᠢᠭᠦᠨ᠎ᠦ ᠡᠶᠡᠳᠡᠭᠦᠯᠬᠦ᠌ ᠠᠵᠢᠯ᠎ᠤᠨ ᠲᠠᠰᠤᠭ᠎ᠢ ᠱᠢᠭᠦᠬᠦ᠌ ᠲᠢᠩᠬᠢᠮ᠂ ᠶᠡᠷᠦᠩᠬᠡᠢᠯᠡᠨ ᠵᠠᠰᠠᠬᠤ ᠲᠥᠪ᠂ ᠨᠤᠲᠤᠭ ᠪᠡᠯᠴᠢᠭᠡᠷ ᠪᠠ ᠲᠠᠷᠢᠶᠠᠨ ᠭᠠᠵᠠᠷ᠎ᠲᠤ ᠬᠦᠷᠲᠡᠯ᠎ᠡ ᠨᠡᠭᠡᠭᠡᠵᠦ᠍᠂ ᠨᠡᠢᠲᠡ 28060 ᠬᠡᠷᠡᠭ᠎ᠢ ᠠᠮᠵᠢᠯᠲᠠ᠎ᠲᠠᠶ ᠡᠶᠡᠳᠡᠭᠦᠯᠦᠭ᠌ᠰᠡᠨ ᠪᠠᠢᠨ᠎ᠠ᠃ ᠵᠢᠶᠠᠩ ᠯᠢ᠎ᠶ᠋ᠢᠨ ᠦᠵᠡᠬᠦ᠌᠎ᠪᠡᠷ᠂ ᠡᠨᠡ ᠬᠦ᠌ ᠲᠣᠭ᠍ᠲᠠᠴᠠ᠎ᠶ᠋ᠢ ᠭᠦᠨᠵᠡᠭᠡᠢᠷᠡᠭᠦᠯᠬᠦ᠌᠎ᠶ᠋ᠢᠨ ᠵᠠᠩᠭᠢᠯᠠᠭ᠎ᠠ ᠨᠢ ᠲᠤᠤᠷ᠎ᠢ ᠨᠡᠩ ᠨᠢᠭ᠍ᠲᠠ᠂ ᠨᠡᠩ ᠭᠦᠨ᠎ᠢᠶᠡᠷ ᠦᠨᠳᠦᠰᠦᠨ ᠱᠠᠲᠤᠨ ᠳ᠋ᠦ ᠠᠭᠤᠰᠤᠯᠴᠠᠭᠤᠯᠬᠤ᠎ᠳᠤ ᠪᠤᠢ; ᠡᠩᠨᠡᠭᠡ ᠵᠢ ᠨᠠᠩ ᠲᠤᠰᠭᠠᠢ ᠮᠡᠷᠭᠡᠵᠢᠯ᠎ᠤᠨ ᠪᠤᠯᠭᠠᠵᠦ᠂ ᠨᠠᠩ ᠨᠠᠷᠢᠯᠢᠭ ᠡᠶᠡᠳᠡᠭᠦᠯᠦᠭ᠌ᠴᠢ᠎ᠶ᠋ᠢᠨ ᠮᠡᠳᠡᠭᠡ ᠵᠠᠩᠭᠢ᠎ᠶ᠋ᠢᠨ ᠬᠥᠮᠥᠷᠭᠡ᠎ᠶ᠋ᠢ ᠪᠠᠢᠭᠤᠯᠤᠨ᠎ᠠ;ᠲᠣᠭ᠍ᠲᠠᠴᠠ᠎ᠶ᠋ᠢ ᠨᠡᠩ ᠱᠢᠯᠤᠭᠤᠬᠠᠨ ᠪᠣᠯᠭᠠᠵᠤ᠂ ᠲᠣᠣᠷᠵᠢᠭᠤᠯᠤᠭ᠍ᠰᠠᠨ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ᠎ᠤᠨ ᠡᠬᠢ ᠡᠭᠦᠰᠦᠯ᠎ᠢ ᠵᠠᠰᠠᠬᠤ ᠵᠡᠷᠭᠡ᠎ᠲᠡᠶ ᠨᠢᠭ᠍ᠲᠠ ᠤᠶᠠᠯᠳᠤᠭᠤᠯᠤᠨ᠎ᠠ; ᠬᠤᠪᠢᠷᠠᠭᠤᠯᠤᠯᠲᠠ ᠵᠢ ᠨᠡᠩ ᠰᠠᠭᠠᠳ ᠦᠭᠡᠢ ᠪᠤᠯᠭᠠᠵᠦ᠂ ᠡᠶᠡᠳᠡᠭᠦᠯᠭᠡ᠎ᠶ᠋ᠢᠨ ᠳᠤᠮᠳᠠ ᠣᠯᠵᠤ ᠮᠡᠳᠡᠭ᠌ᠰᠡᠨ ᠲᠦᠭᠡᠮᠡᠯ ᠴᠢᠨᠠᠷᠲᠠᠢ ᠠᠰᠠᠭᠤᠳᠠᠯ᠎ᠢ ᠱᠢᠰᠲ᠋ᠧᠮ᠎ᠲᠡᠶ᠎ᠪᠡᠷ ᠤᠯᠤᠰ ᠲᠦᠷᠦ᠍᠎ᠶ᠋ᠢᠨ ᠵᠥᠪᠯᠡᠯᠭᠡᠨ᠎ᠦ ᠰᠠᠨᠠᠯ ᠵᠥᠪᠯᠡᠯᠭᠡ ᠪᠠ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ ᠪᠣᠯᠭᠠᠨ ᠬᠤᠪᠢᠷᠠᠭᠤᠯᠵᠤ᠂ ᠬᠣᠯᠪᠣᠭ᠍ᠳᠠᠯ ᠪᠦᠬᠦᠢ ᠲᠦᠷᠦ᠍᠎ᠶ᠋ᠢᠨ ᠪᠤᠳᠤᠯᠭ᠎ᠠ ᠪᠠ ᠬᠠᠤᠯᠢ ᠲᠣᠭ᠍ᠲᠠᠭᠠᠯ᠎ᠤᠨ ᠲᠠᠰᠤᠷᠠᠯᠲᠠ ᠦᠭᠡᠢ ᠲᠡᠭᠦᠯᠳᠡᠷᠵᠢᠬᠦ᠌᠎ᠶ᠋ᠢ ᠠᠬᠢᠭᠤᠯᠤᠨ᠎ᠠ᠃

《ᠥᠩᠭᠡᠷᠡᠭ᠌ᠰᠡᠨ᠎ᠳᠦ᠂ ᠪᠢᠳᠡ ᠵᠢᠭᠤᠯᠴᠢᠯᠠᠯ ᠎ᠢ ᠬᠥᠭ᠌ᠵᠢᠭᠦᠯᠬᠦ᠌᠎ᠳᠦ 〈ᠨᠠᠳᠠ᠎ᠳᠤ ᠶᠠᠭᠤ ᠪᠠᠢᠪᠠᠯ ᠲᠠᠠ᠎ᠢ ᠵᠠᠯᠠᠵᠤ ᠲᠡᠷᠡ ᠵᠢ ᠦᠵᠡᠬᠦᠯᠳᠡᠭ〉᠃ ᠣᠳᠣ ᠪᠢᠳᠡ〈ᠲᠠ ᠶᠠᠭᠤ᠎ᠶ᠋ᠢ ᠪᠡᠶᠡᠴᠢᠯᠡᠨ ᠣᠢᠯᠠᠭᠠᠬᠤ ᠰᠠᠨᠠᠭ᠎ᠠ᠎ᠲᠠᠶ ᠪᠤᠯ ᠪᠢᠳᠡ ᠲᠡᠷᠡ᠎ᠶ᠋ᠢ ᠡᠭᠦᠳᠦᠨ ᠪᠦᠳᠦᠭᠡᠬᠦ〉 ᠵᠢ ᠨᠡᠩ ᠴᠢᠬᠤᠯᠠᠴᠢᠯᠠᠬᠤ ᠪᠤᠯᠵᠠᠢ》᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠬᠠᠳᠠ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠤᠳᠠ ᠵᠢᠨ ᠳᠠᠷᠤᠭ᠎ᠠ ᠬᠤᠸᠠᠩ ᠱᠤᠸᠠᠩ ᠶᠠᠨ《ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠲᠠᠷᠢᠶᠠᠯᠠᠩ ᠬᠤᠳᠠᠯᠳᠤᠭ᠎ᠠ》 ᠶ᠋ᠢᠨ ᠠᠭᠤᠰᠤᠯᠴᠠᠯ᠎ᠢ ᠬᠡᠷᠬᠢᠨ ᠠᠬᠢᠭᠤᠯᠬᠤ ᠲᠣᠭᠣᠷᠢᠨ᠎ᠳᠤ ᠡᠮᠦᠨ᠎ᠡ ᠹᠷᠣᠨᠲ᠎ᠤᠨ ᠠᠵᠢᠭ᠍ᠯᠠᠯᠲᠠ ᠪᠠ ᠪᠣᠳᠣᠯᠬᠢᠯᠠᠯ᠎ᠢᠶᠠᠨ ᠬᠤᠪᠢᠶᠠᠯᠴᠠᠪᠠ᠃ 2025 ᠣᠨ᠎ᠳᠤ᠂ ᠤᠯᠠᠭᠠᠨᠬᠠᠳᠠ ᠬᠣᠲᠠ᠎ᠶ᠋ᠢᠨ ᠭᠥᠯᠢᠶᠡᠨ ᠠᠪᠤᠭ᠍ᠰᠠᠨ ᠵᠢᠭᠤᠯᠴᠢᠯᠠᠭᠰᠠᠳ 3100 ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ ᠵᠢᠭᠤᠯᠴᠢᠯᠠᠯ᠎ᠤᠨ ᠣᠷᠣᠯᠭ᠎ᠠ 380 ᠳ᠋ᠦᠩᠱᠢᠭᠤᠷ ᠲᠥᠭᠥᠷᠢᠭ᠎ᠲᠦ ᠬᠦᠷᠴᠡᠶ᠃ ᠲᠡᠭᠦᠨ᠎ᠦ ᠦᠵᠡᠬᠦ᠌᠎ᠪᠡᠷ᠂ ᠡᠨᠡ ᠪᠣᠯ ᠶᠠᠭ ᠤᠯᠠᠭᠠᠨᠬᠠᠳᠠ ᠬᠣᠲᠠ᠎ᠶ᠋ᠢᠨ 《ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠲᠠᠷᠢᠶᠠᠯᠠᠩ ᠬᠤᠳᠠᠯᠳᠤᠭ᠎ᠠ》 ᠶ᠋ᠢ ᠠᠭᠤᠰᠤᠯᠴᠠᠭᠤᠯᠬᠤ ᠵᠠᠮ᠎ᠢ ᠰᠦᠪᠡᠭ᠌ᠴᠢᠯᠡᠭ᠌ᠰᠡᠨ᠎ᠡᠴᠡ ᠪᠣᠯᠤᠭ᠍ᠰᠠᠨ ᠬᠤᠪᠢᠷᠠᠯᠲᠠ ᠪᠣᠯᠤᠨ᠎ᠠ᠃ ᠬᠤᠸᠠᠩ ᠱᠤᠸᠠᠩ ᠶᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠬᠢ ᠪᠠᠶᠠᠯᠢᠭ᠎ᠢ ᠨᠡᠢᠳᠭᠡᠵᠦ᠍᠂ ᠲᠣᠭ᠍ᠲᠠᠴᠠ᠎ᠶ᠋ᠢ ᠪᠦᠷᠢᠯᠳᠦᠭᠦᠯᠵᠦ᠍᠂ ᠬᠦᠴᠦ᠍᠎ᠪᠡᠨ ᠲᠥᠪᠯᠡᠷᠡᠭᠦᠯᠦᠨ ᠥᠨᠳᠥᠷ ᠪᠦᠲᠦᠮᠵᠢᠲᠡᠶ ᠨᠡᠪᠲᠡᠷᠡᠯᠴᠡᠭ᠌ᠰᠡᠨ᠂ ᠣᠷᠭᠠᠨᠢᠭ ᠨᠢᠭᠡᠳᠦᠮᠡᠯ 《ᠠᠭᠤᠰᠤᠯᠴᠠᠯ᠎ᠤᠨ ᠴᠠᠭᠠᠷᠢᠭ》ᠢ᠋ ᠴᠣᠭ᠍ᠴᠠᠯᠠᠵᠤ᠂ ᠠᠭᠤᠰᠤᠯᠴᠠᠭ᠍ᠰᠠᠨ ᠦᠷ᠎ᠡ ᠪᠦᠲᠦᠭᠡᠯ᠎ᠢ ᠮᠠᠯᠴᠢᠨ ᠲᠠᠷᠢᠶᠠᠴᠢᠨ᠎ᠤ ᠣᠷᠣᠯᠭ᠎ᠠ ᠪᠠ ᠵᠣᠯ ᠵᠢᠷᠭᠠᠯᠲᠤ ᠢᠨᠢᠶᠡᠮᠰᠦᠭ᠌ᠯᠡᠯ ᠪᠣᠯᠭᠠᠨ ᠬᠤᠪᠢᠷᠠᠭᠤᠯᠤᠨ᠎ᠠ ᠭᠡᠵᠦ᠍ ᠢᠯᠡᠳᠭᠡᠪᠡ᠃ 《ᠪᠢᠳᠡ ᠴᠢᠩ ᠦᠨᠡᠨᠴᠢ ᠰᠡᠳᠭᠢᠯᠭᠡ ᠎ᠪᠡᠷ 〈ᠪᠦᠬᠦ᠌ ᠣᠷᠣᠨ ᠪᠦᠰᠡ᠎ᠪᠡᠷ ᠠᠭᠤᠰᠤᠯᠴᠠᠬᠰᠠᠨ᠂ ᠪᠦᠬᠦ᠌ ᠤᠯᠠᠷᠢᠯ᠎ᠵᠢᠡᠷ ᠵᠢᠡᠨ ᠭᠣᠢᠳᠠ ᠰᠠᠢᠬᠠᠨ᠂ ᠪᠦᠬᠦ᠌ ᠦᠢᠯᠡᠰ᠎ᠵᠢᠡᠷ ᠵᠢᠡᠨ ᠬᠦᠭᠵᠢᠨ ᠴᠡᠴᠡᠭᠯᠡᠭᠰᠡᠨ〉 ᠥᠪᠥᠷ ᠮᠣᠩᠭᠣᠯ᠎ᠢ ᠬᠠᠮᠲᠤ᠎ᠪᠠᠷ ᠬᠦᠰᠡᠨ ᠡᠷᠡᠮᠡᠯᠵᠡᠵᠦ᠂ ᠳᠦᠷᠪᠡᠨ ᠵᠦᠭ᠎ᠦᠨ ᠵᠣᠴᠢᠳ ᠨᠠᠢᠵᠠ᠎ᠨᠠᠷ᠎ᠢᠶᠠᠨ ᠬᠠᠯᠠᠭᠤᠨ᠎ᠢᠶᠠᠷ ᠤᠭ᠍ᠲᠤᠶ᠎ᠠ!》 ᠭᠡᠵᠦ᠍ ᠬᠤᠸᠠᠩ ᠱᠤᠸᠠᠩ ᠶᠠᠨ ᠬᠡᠯᠡᠪᠡ᠃

ᠠᠷᠠᠳ᠎ᠤᠨ ᠰᠡᠳᠭᠢᠯ᠎ᠢ ᠨᠡᠪᠲᠡᠷᠡᠭᠦᠯᠵᠦ᠍᠂ ᠠᠷᠠᠳ᠎ᠤᠨ ᠰᠠᠨᠠᠭ᠎ᠠ᠎ᠶ᠋ᠢ ᠶᠠᠷᠢᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃ ᠭᠡᠱᠢᠭᠦᠳ ᠬᠠᠯᠠᠮᠱᠢᠯ ᠠᠰᠠᠭᠤᠳᠠᠯ᠎ᠤᠨ ᠲᠤᠬᠠᠢ ᠠᠭᠤᠵᠢᠷᠠᠲᠠᠯ᠎ᠠ ᠶᠠᠷᠢᠯᠴᠠᠵᠤ᠂ ᠪᠣᠳᠠᠲᠠᠢ᠎ᠶ᠋ᠢ ᠡᠷᠬᠢᠮᠯᠡᠭ᠌ᠰᠡᠨ ᠰᠠᠢ᠌ᠨ ᠠᠷᠭ᠎ᠠ ᠪᠤᠳᠤᠯᠭ᠎ᠠ ᠳᠤᠷᠠᠳᠴᠤ᠌᠂ ᠡᠭᠦᠷᠭᠡ ᠲᠤᠰᠢᠶᠠᠯ ᠵᠢᠡᠨ ᠬᠦᠢᠴᠡᠳᠭᠡᠭᠰᠡᠨ ᠬᠠᠷᠢᠭᠤᠴᠠᠯᠭ᠎ᠠ ᠡᠬᠦᠷᠭᠡᠯᠡᠯ ᠵᠢᠡᠨ ᠬᠠᠷᠠᠭᠤᠯᠤᠨ᠎ᠠ᠃ ᠢᠷᠡᠬᠦ᠌ ᠬᠡᠳᠦᠨ ᠡᠳᠦᠷ᠎ᠲᠦ᠂ ᠣᠶᠤᠨ ᠤᠬᠠᠭᠠᠨ ᠠᠭᠤᠯᠤᠭ᠍ᠳᠠᠵᠤ ᠪᠠᠢᠭ᠎ᠠ ᠥᠪᠥᠷ ᠮᠣᠩᠭᠣᠯ᠎ᠤᠨ ᠨᠠᠩ ᠣᠯᠠᠨ 《ᠰᠠᠢᠨ ᠰᠠᠢᠬᠠᠨ ᠠᠷᠭ᠎ᠠ ᠪᠤᠳᠤᠯᠭ᠎ᠠ ᠰᠠᠨᠠᠯ ᠰᠠᠨᠠᠭᠤᠯᠭ᠎ᠠ》 ᠵᠢ ᠬᠦᠰᠡᠨ ᠪᠠᠷᠠᠯᠠᠭᠤᠰᠢᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号