ᠸᠠᠩ ᠸᠧᠢ ᠵᠦᠩ ᠬᠥᠬᠡᠡᠡᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠴᠢᠬᠤᠯᠠᠴᠢᠯᠠᠭ᠍ᠰᠠᠨ ᠨᠢ— ᠣᠷᠣᠨ᠎ᠤ ᠲᠥᠪ᠎ᠦᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠨ ᠲᠡᠷᠢᠭᠦᠨ ᠪᠠᠢᠷᠢ ᠵᠢᠨ ᠤᠬᠠᠮᠰᠠᠷ᠎ᠢᠶᠠᠨ ᠴᠢᠩᠭᠠᠳᠭᠠᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571 》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠲᠠᠯ᠎ᠠ ᠪᠡᠷ ᠰᠠᠢᠳᠤᠷ ᠬᠣᠱᠢᠭᠤᠴᠢ ᠪᠣᠯᠵᠣ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ
2026-02-04 23:52:15
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 4 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠡᠷᠬᠢᠯᠡᠭ᠌ᠴᠢ ᠸᠠᠩ ᠸᠧᠶ ᠵᠥᠩ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠬᠥᠬᠡᠡᠡᠤᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃


1.jpg


2 ᠰᠠᠷ᠎ᠠ᠎ᠶ᠋ᠢᠨ 4 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠡᠷᠬᠢᠯᠡᠭ᠌ᠴᠢ ᠸᠠᠩ ᠸᠧᠶ ᠵᠥᠩ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠬᠥᠬᠡᠡᠡᠤᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

ᠳᠤᠰ ᠰᠤᠨᠢᠨ ᠤ᠋ ᠰᠤᠷᠪᠤᠯᠵᠢᠯᠠᠭᠴᠢ ᠮᠠ ᠵᠢᠶᠠᠨ ᠪᠢᠨ ᠰᠡᠭᠦᠳᠡᠷᠯᠡᠪᠡ 


ᠲᠥᠯᠥᠭᠡᠯᠡᠭ᠌ᠴᠢᠳ᠎ᠦᠨ ᠪᠦᠯᠬᠦᠮ᠎ᠦᠨ ᠶᠠᠷᠢᠯᠴᠠᠭ᠎ᠠ ᠬᠥᠷ ᠬᠥᠭ᠌ᠵᠢᠶᠡᠨ᠎ᠲᠡᠶ ᠪᠠᠢᠯ᠎ᠠ᠃ ᠢᠦᠢ ᠬᠤᠢ ᠸᠸᠨ᠂ ᠦ᠋ ᠰᠢ ᠴᠦᠨ᠂ ᠵᠢᠶᠠ ᠴᠧᠨ ᠶᠠᠨ᠂ ᠯᠢ ᠳ᠋ᠸ ᠪᠥᠸᠧ᠂ ᠾᠧ ᠬᠠᠢ ᠳ᠋ᠦᠩ᠂ ᠵᠠᠩ ᠵᠢᠩ᠂ ᠯᠢ ᠾᠧᠩ ᠪᠢᠶᠤᠤ᠂ ᠯᠦ᠍ ᠵᠠᠨ ᠶᠤᠸᠠᠨ᠂ ᠵᠠᠩ ᠶᠠᠨ᠂ ᠵᠤᠤ ᠶᠦᠩ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠸᠠᠩ ᠸᠧᠢ ᠵᠦᠩ ᠨᠠᠷᠢᠨ ᠬᠢᠨᠠᠮᠠᠭᠠᠢ ᠰᠣᠨᠣᠰᠴᠤ᠌᠂  ᠤᠯᠠᠨ᠎ᠲᠠᠶ ᠰᠠᠨᠠᠯ᠎ᠢᠶᠠᠨ ᠰᠣᠯᠢᠯᠴᠠᠪᠠ᠃

ᠸᠠᠩ ᠸᠧᠢ ᠵᠦᠩ ᠶᠠᠷᠢᠶᠠᠨ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠪᠠ᠂ ᠡᠨᠡ ᠪᠣᠯ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ ᠰᠠᠢ᠌ᠨ ᠢᠯᠡᠳᠭᠡᠯ ᠪᠣᠯᠤᠨ᠎ᠠ᠂ ᠪᠢ ᠪᠦᠷᠢᠮᠦᠰᠦᠨ ᠵᠥᠪᠱᠢᠶᠡᠷᠡᠵᠦ ᠪᠠᠢᠨ᠎ᠡ ᠭᠡᠵᠦ ᠵᠢᠭᠠᠵᠤ ᠭᠠᠷᠭᠠᠪᠠ᠃

ᠸᠠᠩ ᠸᠧᠶ ᠵᠥᠩ᠂ ᠥᠩᠭᠡᠷᠡᠭ᠌ᠰᠡᠨ ᠨᠢᠭᠡ ᠵᠢᠯ᠎ᠳᠦ᠂ ᠬᠥᠬᠡᠡᠡᠣᠲᠠ᠎ᠶ᠋ᠢᠨ ᠡᠯ᠎ᠡ ᠲᠠᠯ᠎ᠠ᠎ᠶ᠋ᠢᠨ ᠠᠵᠢᠯ ᠴᠥᠮ ᠨᠡᠯᠢᠶᠡᠳ ᠯᠠᠪᠳᠠᠭᠤᠨ ᠪᠠᠲᠤᠲᠠᠶ ᠶᠠᠪᠤᠭ᠍ᠳᠠᠵᠤ᠂ ᠡᠯ᠎ᠡ ᠵᠦᠶ᠋ᠯ᠎ᠦᠨ ᠠᠵᠤ ᠠᠬᠤᠶ᠎ᠶ᠋ᠢᠨ ᠵᠢᠭᠠᠯᠲᠠ ᠲᠣᠭ᠎ᠠ ᠨᠡᠯᠢᠶᠡᠳ ᠰᠠᠢᠨ ᠨᠡᠮᠡᠭ᠌ᠳᠡᠯ᠎ᠦᠨ ᠬᠤᠷᠳᠤᠴᠠ᠎ᠪᠠᠨ ᠪᠠᠲᠤᠯᠠᠵᠤ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠭᠠᠳᠠᠭᠠᠳᠤ ᠨᠡᠭᠡᠭᠡᠯᠲᠡ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠂ ᠨᠠᠮ᠎ᠤᠨ ᠪᠠᠢᠭᠤᠯᠤᠯᠲᠠ ᠵᠡᠷᠭᠡ ᠠᠵᠢᠯ ᠢᠯᠡᠳᠲᠡ ᠦᠷ᠎ᠡ ᠪᠦᠲᠦᠮᠵᠢ ᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠬᠥᠬᠡᠡᠡᠣᠲᠠ᠎ᠶ᠋ᠢᠨ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠭᠦᠢᠴᠡᠳ ᠨᠤᠲᠠᠯᠠᠵᠤ ᠪᠠᠢᠨ᠎ᠠ᠃ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠬᠥᠬᠡᠡᠡᠣᠲᠠ ᠣᠷᠣᠨ᠎ᠤ ᠲᠥᠪ᠎ᠦᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠨ᠂ ᠲᠡᠷᠢᠭᠦᠨ ᠴᠢᠬᠤᠯᠠ ᠤᠬᠠᠮᠰᠠᠷ᠎ᠢᠶᠠᠨ ᠴᠢᠩᠭᠠᠳᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠷᠯᠥᠭᠡ ᠦᠳᠡᠰᠢ᠎ᠶ᠋ᠢ ᠲᠡᠮᠡᠴᠡᠬᠦ᠌ ᠡᠷᠴᠢ ᠵᠣᠷᠢᠭ᠎ᠢᠶᠠᠷ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠶ᠋ᠯ᠎ᠦᠨ ᠠᠵᠢᠯ᠎ᠢ ᠰᠠᠢᠲᠤᠷ ᠠᠳᠭᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ ᠰᠠᠢᠨ ᠬᠣᠱᠢᠭᠤᠴᠢ ᠪᠣᠯᠵᠣ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂ ᠰᠦ᠎ᠶ᠋ᠢᠨ ᠦᠢᠯᠡᠰ᠂ ᠪᠤᠳᠤᠯᠲᠠ᠎ᠵᠢᠨ ᠬᠦᠴᠦᠨ᠂ ᠠᠮᠢᠳᠤ ᠪᠣᠳᠠᠰ᠎ᠤᠨ ᠦᠢᠯᠡᠳᠭᠡᠯ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ ᠵᠡᠷᠭᠡ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌ ᠠᠵᠢᠯ᠎ᠢ ᠰᠠᠢᠲᠤᠷ ᠬᠢᠵᠦ᠍᠂ ᠣᠷᠣᠨ᠎ᠤ ᠲᠥᠪ᠎ᠦᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠬᠡᠷᠡᠭ᠌ᠲᠡᠢ᠃ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ《ᠲᠡᠷᠢᠭᠦᠨ ᠪᠠᠢᠷᠢ ᠵᠢᠨ ᠬᠡᠮᠵᠢᠶ᠎ᠡ》 ᠪᠠᠨ ᠳᠡᠭᠡᠭ᠌ᠰᠢᠯᠡᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢ ᠪᠡᠷ ᠵᠠᠰᠠᠭᠰᠠᠨ᠂ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠪᠣᠶ ᠪᠣᠯᠭᠠᠬᠤ ᠬᠡᠷᠡᠭ᠌ᠲᠡᠶ᠃ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠨᠡᠩ ᠶᠡᠬᠡ ᠡᠷᠴᠢᠮ᠎ᠢᠶᠡᠷ ᠰᠠᠢᠲᠤᠷ ᠠᠳᠭᠤᠵᠤ᠂ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠳᠡᠬᠢ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠲᠣᠭ᠍ᠲᠡᠴᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠢᠶᠠᠷ ᠴᠢᠳᠠᠪᠤᠷᠢᠲᠠᠨ᠎ᠢ ᠲᠠᠲᠠᠬᠤ᠂ ᠴᠢᠳᠠᠪᠤᠷᠢᠲᠠᠨ᠎ᠢᠶᠠᠷ ᠲᠠᠪᠴᠠᠩ ᠪᠣᠯᠭᠠᠬᠤ ᠠᠵᠢᠯ᠎ᠢ ᠰᠠᠢᠲᠤᠷ ᠬᠢᠵᠦ᠍᠂ ᠤᠯᠤᠰ᠎ᠤᠨ ᠰᠦ᠎ᠵᠢᠨ ᠦᠢᠯᠡᠰ᠎ᠦᠨ ᠱᠢᠨ᠎ᠡ᠎ᠶ᠋ᠢ ᠡᠭᠦᠳᠬᠦ᠌ ᠲᠥᠪ᠂ ᠤᠯᠤᠰ᠎ᠤᠨ ᠡᠪᠡᠰᠦᠨ᠎ᠦ ᠦᠢᠯᠡᠰ᠎ᠦᠨ ᠱᠢᠨ᠎ᠡ᠎ᠶ᠋ᠢ ᠡᠭᠦᠳᠬᠦ᠌ ᠲᠥᠪ ᠵᠡᠷᠭᠡ ᠲᠠᠪᠴᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠳᠠᠭᠠᠭᠤᠯᠤᠭᠴᠢ ᠠᠵᠤ ᠠᠬᠤᠢᠯᠠᠯ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠰᠠᠨᠠᠭᠠᠴᠢᠯᠠᠭ᠎ᠠ᠎ᠡᠴᠡ᠎ᠪᠠᠨ ᠴᠢᠩᠭᠠᠳᠭᠠᠵᠤ᠂ ᠨᠡᠩ ᠤᠯᠠᠨ《ᠪᠤᠭᠤᠮᠢ  ᠪᠤᠯᠵᠤ ᠪᠠᠢᠭ᠎ᠠ》 ᠬᠦᠴᠢᠷ ᠠᠰᠠᠭᠤᠳᠠᠯ᠎ᠢ ᠭᠠᠷ ᠬᠣᠯᠪᠣᠯᠴᠠᠨ ᠱᠢᠢᠳᠪᠦᠷᠢᠯᠡᠬᠦ᠌ ᠬᠡᠷᠡᠭ᠌ᠲᠡᠢ᠃ ᠬᠣᠲᠠ᠎ᠶ᠋ᠢᠨ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢᠨ ᠬᠤᠪᠢᠷᠠᠯᠲᠠ᠎ᠳᠤ ᠰᠠᠨᠠᠭᠠᠴᠢᠯᠠᠭ᠎ᠠ᠎ᠡᠴᠡ᠎ᠪᠠᠨ ᠵᠣᠬᠢᠴᠠᠵᠤ᠂ ᠣᠳᠣᠬᠢᠴᠢᠯᠠᠭ᠍ᠰᠠᠨ ᠠᠷᠠᠳ᠎ᠤᠨ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠬᠣᠲᠠ᠎ᠶ᠋ᠢᠨ ᠱᠢᠨᠡᠴᠢᠯᠡᠯᠲᠡ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠣᠲᠠ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠵᠤ᠂ ᠬᠥᠮᠦᠨ᠎ᠦ ᠪᠥᠬᠥ᠌ ᠲᠠᠯ᠎ᠠ᠎ᠶ᠋ᠢᠨ ᠬᠥᠭ᠌ᠵᠢᠯᠲᠡ ᠪᠣᠯᠤᠨ ᠪᠥᠬᠥ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠰᠠᠢᠵᠢᠷᠠᠭᠤᠯᠵᠤ᠂ ᠬᠣᠲᠠ᠎ᠶ᠋ᠢᠨ ᠡᠵᠡᠩᠨᠡᠯᠲᠡ᠎ᠶ᠋ᠢᠨ ᠣᠶᠤᠨᠴᠢᠯᠠᠭ᠍ᠰᠠᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃ ᠳᠡᠯᠡᠬᠡᠢᠵᠢᠭ᠌ᠰᠡᠨ ᠬᠠᠷᠠᠭᠠᠰᠤ ᠡᠴᠡ ᠳᠣᠲᠣᠭᠠᠳᠤ ᠭᠠᠳᠠᠭᠠᠳᠤ ᠨᠡᠬᠡᠬᠡᠯᠳᠡ᠎ᠶ᠋ᠢ ᠲᠥᠯᠥᠪᠵᠢᠭᠦᠯᠵᠦ᠍᠂ ᠪᠡᠭᠡᠵᠢᠩ ᠲᠢᠶᠠᠨᠵᠢᠨ ᠡᡁᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠳᠠᠰᠤᠷᠠᠯᠳᠠ ᠦᠬᠡᠢ ᠭᠦᠨᠵᠡᠭᠡᠢᠷᠡᠭᠦᠯᠵᠦ᠍᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂ ᠣᠷᠣᠨ᠎ᠤ ᠲᠥᠪ᠎ᠦᠨ 《ᠨᠠᠢᠵᠠ᠎ᠶ᠋ᠢᠨ ᠲᠣᠭᠣᠷᠢᠭ》 ᠢ᠋ ᠴᠢᠷᠮᠠᠢᠨ ᠪᠤᠵᠠᠭᠠᠢᠷᠠᠭᠤᠯᠬᠤ ᠬᠡᠷᠡᠭ᠌ᠲᠡᠢ᠃ ᠠᠷᠠᠳ᠎ᠤᠨ ᠠᠮᠢᠳᠤᠷᠠᠯ᠎ᠢ ᠤᠯᠠᠮ ᠴᠢᠨᠠᠭ᠍ᠰᠢᠳᠠ ᠪᠠᠲᠤᠯᠠᠨ ᠰᠠᠢᠵᠢᠷᠠᠭᠤᠯᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠲᠠᠯ᠎ᠠ᠎ᠪᠠᠷ ᠬᠢ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ  ᠵᠣᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠰᠡᠳᠭᠢᠯ ᠲᠠᠯᠪᠢᠨ ᠬᠦᠴᠦ᠍ ᠣᠷᠣᠭᠤᠯᠤᠨ ᠰᠠᠢᠲᠤᠷ ᠱᠢᠢᠳᠪᠦᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》 ᠢ᠋ ᠨᠠᠢᠳᠠᠪᠤᠷᠢᠵᠢᠭᠤᠯᠬᠤ ᠲᠠᠯ᠎ᠠ᠎ᠪᠠᠷ ᠦᠯᠢᠬᠡᠷ ᠳᠠᠭᠤᠷᠢᠶᠠᠯ ᠪᠣᠯᠬᠤ᠎ᠪᠠᠷ ᠴᠢᠷᠮᠠᠢᠬᠤ ᠬᠡᠷᠡᠭ᠌ᠲᠡᠢ᠃ ᠡᠪᠦᠯ᠎ᠦᠨ ᠤᠯᠠᠷᠢᠯ᠎ᠤᠨ ᠳᠤᠯᠠᠭᠠᠯᠠᠭ᠎ᠠ ᠬᠠᠩᠭᠠᠬᠤ᠂ ᠬᠠᠩᠭᠠᠯᠭ᠎ᠠ᠎ᠶ᠋ᠢ ᠪᠠᠲᠤᠯᠠᠨ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ᠂ ᠦᠨᠳᠦᠰᠦᠨ ᠵᠦᠢᠯ᠎ᠢ ᠪᠠᠲᠤᠯᠠᠨ ᠬᠠᠪᠰᠤᠷᠤᠨ ᠲᠡᠳᠬᠦᠬᠦ᠌ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠠᠶᠤᠯᠭᠦᠢ ᠦᠢᠯᠡᠳᠪᠦᠷᠢᠯᠡᠯ᠎ᠦᠨ ᠡᠯ᠎ᠡ ᠵᠦᠢᠯ᠎ᠦᠨ ᠠᠵᠢᠯ᠎ᠢ ᠴᠢᠩᠭ᠎ᠠ ᠪᠣᠳᠠᠲᠠᠢ ᠨᠠᠷᠢᠯᠢᠭ ᠠᠳᠭᠤᠵᠤ᠂ ᠤᠯᠠᠨ ᠲᠦᠮᠡᠨ᠎ᠢ ᠬᠠᠯᠠᠭᠤᠨ ᠳᠤᠯᠠᠭᠠᠨ᠂ ᠪᠠᠶᠠᠷ ᠪᠠᠶᠠᠰᠤᠯ᠎ᠲᠠᠶ᠂ ᠡᠶ᠎ᠡ ᠨᠠᠢᠷᠰᠠᠭ᠎ᠢᠶᠠᠷ ᠪᠠᠶᠠᠷ᠎ᠤᠨ ᠡᠳᠦᠷ᠎ᠢᠶᠡᠨ ᠥᠩᠭᠡᠷᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠸᠠᠩ ᠸᠧᠢ ᠵᠦᠩ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠰᠦᠨ ᠱᠤᠤ ᠴᠸᠨᠭ᠂ ᠸᠠᠩ ᠯᠢ ᠱᠢᠶᠠ ᠵᠡᠷᠭᠡ ᠬᠥᠮᠦᠰ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠵᠥᠷᠢᠴᠡᠭ᠌ᠰᠡᠨ ᠬᠡᠷᠡᠭ᠎ᠡᠴᠡ ᠭᠦᠨᠵᠡᠭᠡᠢ ᠰᠤᠷᠭᠠᠮᠵᠢ ᠠᠪᠴᠤ᠌᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶ᠋ᠢ ᠴᠥᠬᠥᠷᠡᠰᠢ ᠦᠭᠡᠢ ᠠᠬᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ᠃ ᠡᠯ᠎ᠡ ᠱᠠᠲᠤᠨ᠎ᠤ ᠤᠳᠤᠷᠢᠳᠭᠤ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠵᠥᠪ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠠᠢ᠎ᠡᠴᠡ ᠡᠭᠦᠰᠭᠦ᠎ᠶ᠋ᠢ ᠪᠠᠷᠢᠮᠲᠠᠯᠠᠵᠤ᠂ ᠤᠬᠠᠮᠰᠠᠷ᠎ᠡᠴᠡ᠎ᠪᠠᠨ ᠵᠢᠮ᠎ᠡ ᠶᠣᠰᠣ᠎ᠪᠠᠷ ᠤᠴᠢᠷ ᠶᠠᠪᠤᠳᠠᠯ᠎ᠢ ᠱᠢᠢᠳᠪᠦᠷᠢᠯᠡᠵᠦ᠍᠂ 《ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ》 ᠪᠠᠢᠳᠠᠯ ᠪᠣᠯᠤᠨ 《ᠠᠮᠵᠢᠯᠲᠠ᠎ᠳᠤ ᠬᠦᠷᠬᠦ᠌᠎ᠳᠦ ᠯᠠᠪᠲᠠᠢ ᠪᠢ ᠪᠠᠢᠬᠤ》 ᠡᠭᠦᠷᠭᠡᠯᠡᠯ᠎ᠢᠶᠡᠷ ᠣᠷᠣᠨ᠎ᠤ ᠲᠥᠪ᠎ᠦᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠠᠰᠤᠷᠠᠯᠳᠠ ᠦᠭᠡᠢ ᠱᠢᠨ᠎ᠡ ᠪᠠᠢᠳᠠᠯ᠎ᠢ ᠡᠭᠦᠳᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号