2 ᠰᠠᠷ᠎ᠠ᠎ᠶ᠋ᠢᠨ 1 ᠤ᠋ ᠡᠳᠦᠷ ᠬᠡᠪᠯᠡᠭ᠌ᠳᠡᠭ᠌ᠰᠡᠨ 3 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ ᠦᠨ 《ᠳᠤᠮᠳᠠᠳᠤ ᠤᠯᠤᠰ᠎ᠤᠨ ᠣᠨᠴᠠᠯᠢᠭ᠎ᠪᠦᠬᠦᠢ ᠮᠥᠩᠭᠥᠨ ᠭᠦᠢᠯᠭᠡᠭᠡᠨ᠎ᠦ ᠬᠥᠭ᠌ᠵᠢᠯᠲᠡ᠎ᠶ᠋ᠢᠨ ᠵᠠᠮ᠎ᠢᠶᠠᠷ ᠰᠠᠢᠲᠤᠷ ᠵᠠᠮᠨᠠᠵᠤ᠂ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠢ ᠪᠦᠳᠤᠭᠡᠨ ᠪᠠᠢᠭᠤᠯᠬᠤ ᠭᠡᠷᠡᠭᠳᠠᠢ》 ᠭᠡᠬᠦ᠌ ᠴᠢᠬᠤᠯᠠ ᠵᠣᠬᠢᠶᠠᠯ᠎ᠢ ᠨᠡᠢᠲᠡᠯᠡᠪᠡ᠃ ᠡᠨᠡ ᠬᠦ᠌ ᠴᠢᠬᠤᠯᠠ ᠵᠣᠬᠢᠶᠠᠯ ᠪᠣᠯ ᠶᠡᠷᠦᠩᠬᠡᠢ ᠱᠦᠵᠢ ᠰᠢ ᠵᠢᠨ ᠫᠢᠩ᠎ᠦᠨ 2024 ᠣᠨ᠎ᠤ 1 ᠰᠠᠷ᠎ᠠ᠎ᠶ᠋ᠢᠨ 16 ᠤ᠋ ᠡᠳᠦᠷ ᠮᠤᠵᠢ ᠶᠠᠮᠤᠨ ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ ᠮᠥᠩᠭᠥᠨ ᠭᠦᠢᠯᠭᠡᠭᠡᠨ᠎ᠦ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠳᠤ ᠲᠠᠯᠪᠢᠭ᠍ᠰᠠᠨ ᠶᠠᠷᠢᠶᠠᠨ᠎ᠤ ᠬᠡᠰᠡᠭ᠌ᠯᠡᠯ ᠪᠣᠯᠤᠨ᠎ᠠ᠃
ᠮᠥᠩᠭᠥᠨ ᠭᠦᠢᠯᠭᠡᠭᠡᠨ ᠪᠣᠯ ᠤᠯᠤᠰ ᠠᠷᠠᠳ᠎ᠤᠨ ᠠᠵᠤ ᠠᠬᠤᠢ᠎ᠶ᠋ᠢᠨ ᠠᠮᠢᠨ ᠰᠤᠳᠠᠰᠤ ᠮᠥᠨ᠂ ᠤᠯᠤᠰ᠎ᠤᠨ ᠭᠣᠣᠯᠯᠠᠬᠤ ᠦᠷᠢᠰᠦᠯᠳᠦᠬᠦ᠌ ᠬᠦᠴᠦᠨ᠎ᠦ ᠴᠢᠬᠤᠯᠠ ᠪᠦᠷᠢᠯᠳᠦᠬᠦᠨ ᠬᠡᠰᠡᠭ ᠮᠥᠨ᠃ ᠮᠠᠨ᠎ᠤ ᠤᠯᠤᠰ ᠬᠡᠳᠦᠢᠪᠡᠷ ᠮᠥᠩᠭᠥᠨ ᠭᠦᠶ᠋ᠯᠭᠡᠭᠡᠨ᠎ᠦ ᠲᠣᠮᠣ ᠤᠯᠤᠰ ᠪᠠᠢᠵᠤ᠂ ᠪᠠᠩᠬᠢ᠎ᠶ᠋ᠢᠨ ᠬᠡᠪᠴᠢᠶ᠎ᠠ᠂ ᠭᠠᠳᠠᠭᠠᠳᠤ ᠭᠤᠪᠢᠭᠤᠯᠭ᠎ᠠ᠎ᠶ᠋ᠢᠨ ᠨᠥᠭᠡᠴᠡ ᠵᠡᠷᠭᠡ ᠭᠦᠶ᠋ᠴᠡᠳᠭᠡᠯ ᠲᠣᠭ᠎ᠠ ᠳᠡᠯᠡᠬᠡᠶ᠎ᠶ᠋ᠢᠨ ᠨᠢᠭᠡᠳᠦᠭᠡᠷ᠎ᠲᠦ ᠣᠷᠣᠵᠤ᠂ ᠵᠢᠭᠡᠯᠡᠯᠭᠡ ᠶ᠋ᠢᠨ ᠲᠡᠮᠳᠡᠭ᠌ᠲᠦ᠍᠎ᠶ᠋ᠢᠨ ᠵᠠᠬ᠎ᠠ ᠳᠡᠯᠭᠡᠭᠦᠷ᠂ ᠰᠲ᠋ᠣᠺ᠎ᠤᠨ ᠵᠠᠬ᠎ᠠ ᠳᠡᠯᠭᠡᠭᠦᠷ᠎ᠦᠨ ᠬᠡᠪᠴᠢᠶ᠎ᠡ ᠳᠡᠯᠡᠬᠡᠶ ᠶ᠋ᠢᠨ ᠬᠣᠶᠠᠳᠤᠭᠠᠷ᠎ᠲᠤ ᠣᠷᠣᠵᠤ᠂ ᠳᠠᠭᠠᠳᠭᠠᠯ᠎ᠤᠨ ᠬᠡᠪᠴᠢᠶ᠎ᠡ ᠴᠦ᠍ ᠡᠮᠦᠨ᠎ᠡ ᠡᠩᠨᠡᠭᠡᠨ᠎ᠳᠦ ᠣᠷᠣᠵᠤ ᠪᠠᠢᠭ᠎ᠠ ᠪᠣᠯᠪᠠᠴᠤ᠌ ᠶᠡᠷᠦᠩᠬᠡᠶ᠎ᠳᠡᠭᠡᠨ ᠶᠡᠬᠡ ᠪᠣᠯᠪᠠᠴᠤ᠌ ᠬᠦᠴᠦᠷᠬᠡᠭ ᠪᠢᠰᠢ ᠶᠤᠮ᠃ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠢ ᠲᠦᠷᠭᠡᠳᠭᠡᠨ ᠪᠦᠳᠦᠭᠡᠨ ᠪᠠᠢᠭᠤᠯᠬᠤ ᠪᠣᠯ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃
ᠶᠡᠷᠦᠩᠬᠡᠶ ᠱᠦᠵᠢ ᠰᠢ ᠵᠢᠨ ᠫᠢᠩ ᠦᠨ ᠮᠥᠩᠭᠥᠨ ᠭᠦᠶ᠋ᠯᠭᠡᠭᠡᠨ᠎ᠦ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠬᠠᠶ ᠪᠠᠢᠷᠢᠯᠠᠭᠤᠯᠤᠯᠲᠠ ᠨᠢ ᠠᠯᠤᠰ ᠬᠤᠯᠠ ᠵᠢ ᠪᠣᠳᠣᠯᠬᠢᠯᠠᠵᠤ᠂ ᠪᠦᠬᠦ ᠶᠠᠪᠤᠴᠠ ᠳ᠋ᠦ ᠲᠤᠭᠤᠱᠢᠯᠠᠭᠤᠯᠤᠨ᠎ᠠ᠃ 2023 ᠣᠨ᠎ᠤ 10 ᠰᠠᠷ᠎ᠠ᠎ᠳᠤ ᠬᠤᠷᠠᠯᠳᠤᠭ᠍ᠰᠠᠨ ᠲᠥᠪ᠎ᠦᠨ ᠮᠥᠩᠭᠥᠨ ᠭᠦᠶ᠋ᠯᠭᠡᠭᠡᠨ᠎ᠦ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠮᠥᠩᠭᠥᠨ ᠭᠦᠶ᠋ᠯᠭᠡᠭᠡᠨ᠎ᠦ ᠬᠦᠴᠦᠷᠬᠡᠭ ᠤᠯᠤᠰ᠎ᠢ ᠲᠦᠷᠭᠡᠳᠭᠡᠨ ᠪᠥᠲᠥᠭᠡᠨ ᠪᠠᠢᠭᠤᠯᠬᠤ ᠠᠸ᠋ᠭ᠎ᠠ ᠬᠠᠷᠠᠯᠲᠠ᠎ᠶ᠋ᠢ ᠠᠩᠬ᠎ᠠ ᠤᠳᠠᠭ᠎ᠠ ᠲᠣᠳᠣᠷᠬᠠᠶ ᠳᠤᠷᠠᠳᠴᠤ᠌᠂ ᠮᠥᠩᠭᠥᠨ ᠭᠦᠶ᠋ᠯᠭᠡᠭᠡᠨ᠎ᠦ ᠠᠵᠢᠯ᠎ᠢ ᠨᠠᠩ ᠥᠨᠳᠥᠷ ᠪᠠᠢᠯᠳᠤᠬᠤ ᠪᠣᠳᠣᠯᠭ᠎ᠠ᠎ᠶ᠋ᠢᠨ ᠦᠨᠳᠦᠷᠴᠡ᠎ᠳ᠋ᠤ ᠬᠦᠷᠭᠡᠪᠡ᠃
2024 ᠣᠨ᠎ᠤ 1 ᠰᠠᠷ᠎ᠠ᠎ᠳᠤ᠂ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ ᠮᠥᠩᠭᠥᠨ ᠭᠦᠢᠯᠭᠡᠭᠡᠨ᠎ᠦ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ ᠪᠣᠯᠤᠨ ᠬᠠᠷᠠᠯᠲᠠ ᠡᠭᠦᠷᠭᠡ᠎ᠶ᠋ᠢᠨ ᠲᠤᠬᠠᠢ ᠱᠢᠰᠲ᠋ᠧᠮ᠎ᠲᠡᠶ ᠭᠦᠨᠵᠡᠭᠡᠢ ᠲᠣᠳᠣᠷᠬᠠᠢᠯᠠᠨ ᠥᠭᠦᠯᠡᠵᠦ᠍᠂ ᠦᠢᠯᠡᠳᠦᠯᠭᠡ᠎ᠶ᠋ᠢᠨ ᠠᠷᠭ᠎ᠠ ᠵᠠᠮ ᠪᠣᠯᠤᠨ ᠴᠢᠭ᠌ᠯᠡᠯ᠎ᠢ ᠲᠣᠳᠣᠷᠬᠠᠢᠯᠠᠪᠠ᠃
2025 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠮᠥᠩᠭᠥᠨ ᠭᠦᠶ᠋ᠯᠭᠡᠭᠡᠨ᠎ᠦ ᠬᠦᠴᠦᠷᠬᠡᠭ ᠤᠯᠤᠰ᠎ᠢ ᠲᠦᠷᠭᠡᠳᠭᠡᠨ ᠪᠥᠲᠥᠭᠡᠨ ᠪᠠᠢᠭᠤᠯᠬᠤ ᠲᠤᠬᠠᠶ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ 《ᠮᠥᠩᠭᠥᠨ ᠭᠦᠶ᠋ᠯᠭᠡᠭᠡᠨ᠎ᠦ ᠬᠦᠴᠦᠷᠬᠡᠭ ᠤᠯᠤᠰ》 ᠢ᠋ ᠠᠩᠬ᠎ᠠ ᠤᠳᠠᠭ᠎ᠠ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ ᠪᠢᠴᠢᠵᠦ᠍ ᠣᠷᠣᠭᠤᠯᠪᠠ᠃
ᠳᠤᠮᠳᠠᠳᠤ ᠤᠯᠤᠰ᠎ᠤᠨ ᠣᠨᠴᠠᠯᠢᠭ᠎ᠪᠦᠬᠦᠢ ᠮᠥᠩᠭᠥᠨ ᠭᠦᠢᠯᠭᠡᠭᠡᠨ᠎ᠦ ᠬᠥᠭ᠌ᠵᠢᠯᠲᠡ᠎ᠶ᠋ᠢᠨ ᠵᠠᠮ᠎ᠤᠨ 《ᠨᠠᠢ᠍ᠮᠠ ᠶᠢ ᠪᠠᠷᠢᠮᠳᠠᠯᠠᠬᠤ 》 ᠡᠴᠡ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ 《ᠵᠢᠷᠭᠤᠭᠠᠨ ᠬᠦᠴᠦᠷᠬᠡᠭ 》 ᠂ 《 ᠵᠢᠷᠭᠤᠭᠠᠨ ᠶᠡᠬᠡ ᠱᠢᠰᠲ᠋ᠧᠮ 》 ᠬᠦᠷᠲᠡᠯ᠎ᠡ᠂ ᠲᠠᠬᠢᠭᠠᠳ ᠳᠤᠮᠳᠠᠳᠤ ᠤᠯᠤᠰ᠎ᠤᠨ ᠣᠨᠴᠠᠯᠢᠭ ᠪᠦᠬᠦᠢ ᠮᠥᠩᠭᠥᠨ ᠭᠦᠢᠯᠭᠡᠭᠡᠨ᠎ᠦ ᠰᠣᠶᠣᠯ᠎ᠤᠨ《ᠲᠠᠪᠤ᠎ᠶ᠋ᠢ ᠬᠢᠬᠦ ᠲᠠᠪᠤ᠎ᠶ᠋ᠢ ᠦᠯᠦ᠍ ᠬᠢᠬᠦ᠌ 》 ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠴᠥᠮ ᠨᠠᠷᠢᠨ ᠲᠣᠳᠣᠷᠬᠠᠢ᠂ ᠭᠦᠨᠵᠡᠭᠡᠢ ᠲᠣᠳᠣᠷᠬᠠᠢᠯᠠᠨ ᠥᠭᠦᠯᠡᠵᠦ᠍᠂ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠳᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠵᠤ᠂ ᠤᠷᠤᠭ᠍ᠰᠢᠯᠠᠬᠤ ᠴᠢᠭ᠌ᠯᠡᠯ᠎ᠢ ᠲᠣᠭ᠍ᠲᠠᠭᠠᠪᠠ᠃
ᠵᠢᠱ᠌ᠢᠶᠡᠯᠡᠪᠡᠯ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠤᠨ ᠪᠦᠷᠢᠯᠳᠦᠭᠦᠯᠪᠡᠰᠦ ᠵᠣᠬᠢᠬᠤ ᠵᠢᠷᠭᠤᠭᠠᠨ ᠶᠡᠬᠡ ᠵᠠᠩᠭᠢᠯᠠᠭ᠎ᠠ᠎ᠶ᠋ᠢᠨ ᠭᠣᠣᠯᠯᠠᠬᠤ ᠮᠥᠩᠭᠥᠨ ᠭᠦᠢᠯᠭᠡᠭᠡᠨ᠎ᠦ ᠬᠦᠴᠦᠨ ᠵᠦᠢᠯ᠂ 《ᠬᠦᠴᠦᠷᠬᠡᠭ》 ᠭᠡᠵᠦ ᠶᠠᠭᠤ ᠪᠤᠢ? ᠶᠡᠷᠦᠩᠬᠡᠢ ᠱᠦᠵᠢ ᠰᠢ ᠵᠢᠨ ᠫᠢᠩ ᠪᠣᠳᠠᠲᠠᠢ ᠪᠠᠷᠢᠮᠵᠢᠶ᠎ᠠ᠎ᠶ᠋ᠢ ᠳᠤᠷᠠᠳᠪᠠ ᠄
— ᠬᠦᠴᠦᠷᠬᠡᠭ ᠶᠡᠬᠡ ᠵᠣᠭᠣᠰ᠎ᠲᠠᠶ᠂ ᠣᠯᠠᠨ ᠤᠯᠤᠰ᠎ᠡᠴᠡ ᠠᠷᠠᠯᠵᠢᠶᠠᠨ᠎ᠤ ᠪᠡᠯᠡ ᠣᠷᠣᠭᠤᠯᠤᠯᠲᠠ ᠪᠠ ᠭᠠᠳᠠᠭᠠᠳᠤ ᠭᠤᠪᠢᠭᠤᠯᠭ᠎ᠠ᠎ᠶ᠋ᠢᠨ ᠵᠠᠬ᠎ᠠ ᠳᠡᠯᠭᠡᠭᠦᠷ᠎ᠲᠦ ᠥᠷᠭᠡᠨ᠎ᠢᠶᠡᠷ ᠬᠡᠷᠡᠭ᠌ᠯᠡᠵᠦ᠍᠂ ᠪᠦᠬᠦ᠌ ᠪᠥᠮᠪᠥᠷᠴᠡᠭ᠎ᠦᠨ ᠨᠥᠭᠡᠴᠡ ᠵᠣᠭᠣᠰ᠎ᠤᠨ ᠪᠠᠢᠷᠢ ᠰᠠᠭᠤᠷᠢ ᠲᠠᠢ;
— ᠬᠦᠴᠦᠷᠬᠡᠭ ᠶᠡᠬᠡ ᠲᠥᠪ ᠪᠠᠩᠬᠢ᠎ᠲᠠᠶ ᠪᠠᠢᠵᠤ᠂ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠲᠤᠬᠢᠷᠠᠭᠤᠯᠭ᠎ᠠ ᠡᠵᠡᠮᠳᠡᠯ ᠪᠠ ᠬᠣᠷᠸ᠎ᠠ ᠲᠠᠯ᠎ᠠ᠎ᠶ᠋ᠢᠨ ᠬᠢᠨᠠᠭᠤᠷ ᠪᠣᠯᠭᠣᠮᠵᠢᠲᠠᠢ ᠬᠠᠮᠢᠶᠠᠷᠤᠯᠲᠠ᠎ᠶ᠋ᠢ ᠰᠠᠢᠲᠤᠷ ᠬᠢᠵᠦ᠍᠂ ᠱᠢᠰᠲ᠋ᠧᠮ᠎ᠦᠨ ᠴᠢᠨᠠᠷᠲᠠᠢ ᠠᠶᠤᠯ ᠲᠦᠭ᠌ᠰᠢᠭᠦᠷᠢ᠎ᠶ᠋ᠢ ᠴᠠᠭ ᠲᠤᠬᠠᠢᠳᠤᠨᠢ ᠪᠦᠲᠦᠮᠵᠢᠲᠡᠢ ᠰᠡᠷᠭᠡᠢᠯᠡᠨ ᠠᠷᠢᠯᠭᠠᠬᠤ ᠴᠢᠳᠠᠪᠤᠷᠢ᠎ᠲᠠᠶ;
— ᠬᠦᠴᠦᠷᠬᠡᠭ ᠶᠡᠬᠡ ᠮᠥᠩᠭᠥᠨ ᠭᠦᠢᠯᠭᠡᠭᠡᠨ ᠦ ᠪᠠᠢᠭᠤᠯᠤᠮᠵᠢ᠎ᠲᠠᠶ᠂ ᠡᠵᠡᠩᠨᠡᠯᠲᠡ᠎ᠶ᠋ᠢᠨ ᠦᠷ᠎ᠡ ᠪᠦᠲᠦᠮᠵᠢ ᠥᠨᠳᠥᠷ᠂ ᠠᠶᠤᠯ ᠲᠦᠭ᠌ᠰᠢᠭᠦᠷᠢ ᠶ᠋ᠢ ᠡᠰᠡᠷᠭᠦᠴᠡᠬᠦ᠌ ᠴᠢᠳᠠᠪᠤᠷᠢ ᠴᠢᠩᠭ᠎ᠠ᠂ ᠲᠦᠷᠦᠯ ᠵᠦᠢᠯ ᠪᠦᠷᠢᠨ᠂ ᠪᠦᠬᠦ᠌ ᠪᠥᠮᠪᠥᠷᠴᠡᠭ᠎ᠦᠨ ᠪᠠᠢᠷᠢᠱᠢᠭᠤᠯᠤᠯᠲᠠ᠎ᠶ᠋ᠢᠨ ᠴᠢᠳᠠᠪᠤᠷᠢ ᠪᠠ ᠳᠡᠯᠡᠬᠡᠢ᠎ᠳᠡᠬᠢ ᠦᠷᠢᠰᠦᠯᠳᠦᠬᠦ᠌ ᠬᠦᠴᠦᠨ᠎ᠲᠡᠶ;
— ᠬᠦᠴᠦᠷᠬᠡᠭ ᠶᠡᠬᠡ ᠤᠯᠠᠨ ᠤᠯᠤᠰ᠎ᠤᠨ ᠮᠥᠩᠭᠥᠨ ᠭᠦᠢᠯᠭᠡᠭᠡᠨ᠎ᠦ ᠲᠥᠪ᠎ᠲᠡᠶ ᠪᠠᠢᠵᠤ᠂ ᠪᠦᠬᠦ᠌ ᠪᠥᠮᠪᠥᠷᠴᠡᠭ᠎ᠦᠨ ᠪᠡᠯᠡ ᠣᠷᠣᠭᠤᠯᠤᠭ᠍ᠴᠢᠳᠢ ᠲᠠᠲᠠᠵᠤ᠂ ᠤᠯᠠᠨ ᠤᠯᠤᠰ᠎ᠤᠨ ᠦᠨ᠎ᠡ ᠲᠣᠭ᠍ᠲᠠᠭᠠᠬᠤ ᠱᠢᠰᠲ᠋ᠧᠮ᠎ᠢ ᠨᠥᠯᠥᠭᠡᠯᠡᠵᠦ᠍ ᠴᠢᠳᠠᠨ᠎ᠠ;
— ᠬᠦᠴᠦᠷᠬᠡᠭ ᠶᠡᠬᠡ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ ᠲᠠᠢ᠂ ᠮᠥᠩᠭᠥᠨ ᠭᠦᠢᠯᠭᠡᠭᠡᠨ ᠦ ᠬᠠᠤᠯᠢ ᠪᠡᠷ ᠵᠠᠰᠠᠬᠤ ᠰᠢᠰᠲᠸᠮ ᠪᠦᠷᠢᠨᠰᠢᠵᠤ᠂ ᠤᠯᠠᠨ ᠤᠯᠤᠰ᠎ᠤᠨ ᠮᠥᠩᠭᠥᠨ ᠭᠦᠢᠯᠭᠡᠭᠡᠨ ᠦ ᠳᠦᠷᠢᠮ᠎ᠢ ᠲᠣᠭ᠍ᠲᠠᠭᠠᠬᠤ ᠳᠤᠮᠳᠠ ᠬᠦᠴᠦᠷᠬᠡᠭ ᠶᠡᠬᠡ ᠦᠭᠡ ᠬᠡᠯᠡᠬᠦ᠌ ᠡᠷᠬᠡ ᠪᠠ ᠨᠥᠯᠥᠭᠡᠯᠡᠬᠦ᠌ ᠬᠦᠴᠦᠨ᠎ᠲᠡᠶ;
— ᠬᠦᠴᠦᠷᠬᠡᠭ ᠶᠡᠬᠡ ᠮᠥᠩᠭᠥᠨ ᠭᠦᠶ᠋ᠯᠭᠡᠭᠡᠨ᠎ᠦ ᠴᠢᠳᠠᠪᠤᠷᠢᠲᠠᠨ᠎ᠤ ᠡᠩᠨᠡᠭᠡ᠎ᠲᠡᠶ᠃
ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠪᠣᠯ ᠨᠢᠭᠡᠨ ᠡᠭᠦᠳᠦᠯᠲᠡ᠎ᠶ᠋ᠢᠨ ᠴᠢᠨᠠᠷᠲᠠᠢ ᠦᠢᠯᠡᠰ ᠮᠥᠨ᠂ ᠮᠠᠰᠢ ᠴᠢᠩᠭ᠎ᠠ ᠱᠢᠰᠲ᠋ᠧᠮᠲᠦ ᠴᠢᠨᠠᠷ᠂ ᠱᠢᠨ᠎ᠡ᠎ᠶ᠋ᠢ ᠡᠭᠦᠳᠬᠦ᠌ ᠴᠢᠨᠠᠷ ᠪᠠ ᠦᠢᠯᠡᠳᠦᠯᠭᠡ᠎ᠶ᠋ᠢᠨ ᠴᠢᠨᠠᠷᠲᠠᠶ ᠶᠤᠮ᠃ ᠶᠡᠷᠦᠩᠬᠡᠢ ᠱᠦᠵᠢ ᠰᠢ ᠵᠢᠨ ᠫᠢᠩ ᠣᠳᠣᠬᠢ ᠪᠠᠢᠳᠠᠯ᠎ᠳᠤ ᠰᠠᠭᠤᠷᠢᠯᠠᠨ ᠢᠷᠡᠭᠡᠳᠦᠢ᠎ᠶ᠋ᠢ ᠪᠣᠳᠣᠯᠬᠢᠯᠠᠵᠤ᠂ 《ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠪᠦᠬᠦᠢ ᠤᠳᠤ ᠦᠶ᠎ᠡ᠎ᠶ᠋ᠢᠨ ᠮᠥᠩᠭᠥᠨ ᠭᠦᠢᠯᠭᠡᠭᠡᠨ᠎ᠦ ᠱᠢᠰᠲᠸᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠢ ᠭᠡᠵᠦ᠍ ᠳᠤᠷᠠᠳᠤᠭ᠍ᠰᠠᠨ ᠪᠥᠭᠡᠳ 《ᠵᠢᠷᠭᠤᠭᠠᠨ ᠶᠡᠬᠡ ᠱᠢᠰᠲᠸᠮ》 ᠵᠢᠡᠷ ᠨᠢᠷᠤᠭᠤ ᠲᠤᠯᠭᠠᠭᠤᠷᠢ ᠵᠢ ᠴᠣᠭ᠍ᠴᠠᠯᠠᠪᠠ᠃
ᠱᠢᠨᠵᠢᠯᠡᠬᠦ᠌ ᠤᠬᠠᠭᠠᠨᠴᠢ ᠪᠥᠭᠡᠳ ᠲᠣᠭ᠍ᠲᠠᠭᠤᠨ ᠮᠥᠩᠭᠥᠨ ᠭᠦᠢᠯᠭᠡᠭᠡᠨ᠎ᠦ ᠲᠤᠬᠢᠷᠠᠭᠤᠯᠭ᠎ᠠ ᠡᠵᠡᠮᠳᠡᠯ᠎ᠦᠨ ᠱᠢᠰᠲ᠋ᠧᠮ᠂ ᠪᠦᠲᠦᠴᠡ ᠨᠢ ᠵᠦᠢ ᠵᠣᠬᠢᠰᠲᠠᠢ ᠮᠥᠩᠭᠥᠨ ᠭᠦᠢᠯᠭᠡᠭᠡᠨ᠎ᠦ ᠵᠠᠬ᠎ᠠ ᠳᠡᠯᠭᠡᠭᠦᠷ᠎ᠦᠨ ᠱᠢᠰᠲ᠋ᠧᠮ᠂ ᠠᠵᠢᠯ ᠬᠤᠪᠢᠶᠠᠷᠢᠯᠠᠨ ᠬᠠᠮᠵᠢᠯᠴᠠᠭ᠍ᠰᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠱᠢᠰᠲ᠋ᠧᠮ᠂ ᠪᠦᠷᠢᠨ ᠲᠡᠭᠦᠯᠳᠡᠷ ᠪᠥᠭᠡᠳ ᠪᠦᠲᠦᠮᠵᠢᠲᠡᠢ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠂ ᠤᠯᠠᠨ ᠶᠠᠩᠵᠤᠴᠢᠯᠠᠭ᠍ᠰᠠᠨ ᠲᠤᠰᠭᠠᠢ ᠮᠡᠷᠭᠡᠵᠢᠯ᠎ᠦᠨ ᠴᠢᠨᠠᠷᠲᠠᠢ ᠮᠥᠩᠭᠥᠨ ᠭᠦᠢᠯᠭᠡᠭᠡᠨ᠎ᠦ ᠦᠢᠯᠡᠳᠬᠦᠨ ᠪᠠ ᠦᠢᠯᠡᠴᠢᠯᠡᠭᠡᠨ᠎ᠦ ᠱᠢᠰᠲ᠋ᠧᠮ᠂ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ᠂ ᠠᠮᠤᠷ ᠲᠦᠪᠱᠢᠨ ᠪᠥᠭᠡᠳ ᠥᠨᠳᠥᠷ ᠪᠦᠲᠦᠮᠵᠢᠲᠡᠢ ᠮᠥᠩᠭᠥᠨ ᠭᠦᠢᠯᠭᠡᠭᠡᠨ᠎ᠦ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ ᠁ ᠶᠡᠷᠦᠩᠬᠡᠢ ᠱᠦᠵᠢ ᠰᠢ ᠵᠢᠨ ᠫᠢᠩ ᠱᠢᠰᠲ᠋ᠧᠮ ᠦᠨ ᠪᠠᠢᠭᠤᠯᠤᠯᠲᠠ ᠨᠢᠭᠡᠪᠦᠷᠢ᠎ᠳᠦ ᠨᠠᠷᠢᠨ ᠨᠢᠮᠪᠠᠢ ᠪᠠᠢᠷᠢᠯᠠᠭᠤᠯᠤᠯᠲᠠ ᠬᠢᠵᠦ᠍ ᠬᠠᠷᠢᠯᠴᠠᠨ ᠬᠣᠯᠪᠣᠯᠳᠤᠵᠤ᠂ ᠬᠠᠷᠢᠯᠴᠠᠨ ᠲᠤᠯᠭᠠᠭᠤᠷᠢᠯᠠᠵᠤ᠂ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠬᠠᠷᠠᠯᠲᠠ᠎ᠶ᠋ᠢ ᠨᠠᠢᠳᠠᠪᠤᠷᠢᠵᠢᠭᠤᠯᠬᠤ᠎ᠳᠤ ᠠᠷᠭ᠎ᠠ ᠵᠠᠮ ᠨᠢ ᠲᠣᠳᠣᠷᠬᠠᠢ᠂ ᠪᠠᠲᠤᠯᠠᠭ᠎ᠠ ᠨᠢ ᠬᠦᠴᠦᠲᠡᠢ ᠪᠠᠢᠯᠳᠤᠬᠤ ᠪᠤᠳᠤᠯᠭ᠎ᠠ᠎ᠶ᠋ᠢᠨ ᠪᠣᠷᠣ ᠲᠥᠯᠥᠪ᠎ᠢ ᠬᠠᠩᠭᠠᠪᠠ᠃
ᠮᠥᠩᠭᠥᠨ ᠭᠦᠢᠯᠭᠡᠭᠡᠨ᠎ᠦ ᠲᠤᠮᠤ ᠤᠯᠤᠰ᠎ᠡᠴᠡ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ ᠲᠡᠢᠰᠢ ᠤᠷᠤᠭ᠍ᠰᠢᠯᠠᠬᠤ ᠨᠢ ᠠᠵᠤ ᠠᠬᠤᠢ᠎ᠶ᠋ᠢᠨ ᠰᠠᠭᠤᠷᠢ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠬᠦᠷᠦᠨᠭ᠌ᠭᠡ᠎ᠶ᠋ᠢᠨ ᠬᠡᠪᠴᠢᠢ᠎ᠡ ᠵᠡᠷᠭᠡ 《ᠬᠠᠲᠠᠭᠤ ᠪᠣᠳᠠᠲᠤ ᠬᠦᠴᠦᠨ》 ᠳᠡᠭᠡᠷ᠎ᠡ ᠢᠯᠡᠷᠡᠬᠦ᠌᠎ᠪᠡᠷ ᠪᠠᠷᠠᠬᠤ ᠦᠭᠡᠢ ᠪᠠᠰᠠ ᠳᠤᠮᠳᠠᠳᠤ ᠤᠯᠤᠰ᠎ᠤᠨ ᠣᠨᠴᠠᠯᠢᠭ ᠪᠦᠬᠦᠢ ᠮᠥᠩᠭᠥᠨ ᠭᠦᠢᠯᠭᠡᠭᠡᠨ᠎ᠦ ᠰᠣᠶᠣᠯ᠎ᠢᠶᠠᠷ ᠲᠥᠯᠥᠭᠡᠯᠡᠭᠦᠯᠦᠭ᠌ᠰᠡᠨ 《ᠵᠥᠭᠡᠯᠡᠨ ᠪᠣᠳᠠᠲᠤ ᠬᠦᠴᠦᠨ》 ᠳ᠋ᠦ᠍ ᠦᠷᠳᠡᠭ᠎ᠦᠨ ᠵᠢᠯᠣᠭᠣᠳᠤᠮᠵᠢ ᠬᠠᠩᠭᠠᠬᠤ ᠬᠡᠷᠡᠭ᠌ᠲᠡᠢ᠃
《ᠶᠤᠰᠤ ᠵᠢᠷᠤᠮ᠎ᠢ ᠲᠡᠷᠢᠭᠦᠨ ᠳ᠋ᠦ ᠲᠠᠯᠪᠢᠵᠤ ᠠᠰᠢᠭ ᠲᠤᠰᠠ᠎ᠶᠢ ᠲᠠᠷᠠᠭ᠎ᠠ ᠨᠢ ᠲᠠᠯᠪᠢᠭᠰᠠᠳ ᠢᠷᠠᠭᠤ ᠠᠯᠳᠠᠷᠳᠠᠢ᠂ ᠠᠱᠢᠭ ᠲᠤᠰᠠ᠎ᠶᠢ ᠡᠮᠦᠨ᠎ᠠ ᠨᠢ ᠲᠠᠯᠪᠢᠵᠤ ᠶᠤᠰᠤ ᠵᠢᠷᠤᠮ ᠢ ᠤᠮᠠᠷᠳᠠᠭᠰᠠᠳ ᠭᠤᠳᠤᠮᠰᠢᠭᠳᠠᠢ》 ᠶ᠋ᠢ ᠴᠢᠬᠤᠯᠠᠴᠢᠯᠠᠵᠤ᠂ 《ᠶᠠᠭᠠᠷᠠᠪᠠᠯ ᠰᠠᠭᠠᠷᠠᠮᠤᠢ᠂ ᠪᠠᠭ᠎ᠠ ᠠᠱᠢᠭ ᠲᠦ᠍ ᠰᠢᠨᠤᠪᠠᠰᠤ ᠶᠡᠬᠡ ᠦᠢᠯᠡᠰ᠎ᠢ ᠪᠦᠲᠦᠬᠡᠵᠦ ᠦᠯᠦ ᠲᠡᠢᠯᠦᠮᠤᠢ》ᠭᠡᠬᠦ᠌ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠱᠢᠮᠡᠳᠦ ᠬᠥᠷᠥᠰᠥᠨ᠎ᠳᠦ ᠭᠦᠨ ᠦᠨᠳᠦᠰᠦᠯᠡᠭ᠌ᠰᠡᠨ ᠰᠣᠶᠣᠯ᠎ᠤᠨ ᠣᠢᠯᠠᠭᠠᠭ᠍ᠳᠠᠬᠤᠨ᠎ᠢ ᠬᠦᠨᠳᠦᠳᠭᠡᠬᠦ᠌ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠤᠳᠤ ᠦᠶ᠎ᠡ᠎ᠶ᠋ᠢᠨ ᠮᠥᠩᠭᠥᠨ ᠭᠦᠢᠯᠭᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢᠨ ᠭᠦᠨ ᠵᠤᠵᠠᠭᠠᠨ ᠦᠨᠳᠦᠰᠦ ᠰᠠᠭᠤᠷᠢ ᠮᠥᠨ᠃
ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠣᠨᠴᠠᠯᠢᠭ ᠪᠥᠬᠥᠶ ᠮᠥᠩᠭᠥᠨ ᠭᠦᠶ᠋ᠯᠭᠡᠭᠡᠨ᠎ᠦ ᠰᠣᠶᠣᠯ᠎ᠤᠨ ᠲᠤᠬᠠᠶ ᠪᠣᠳᠠᠲᠠᠶ ᠲᠠᠢᠯᠪᠤᠷᠢᠯᠠᠯᠲᠠ ᠬᠢᠪᠠ᠄ ᠦᠨᠡᠨᠴᠢ ᠢᠲᠡᠭᠡᠮᠵᠢᠲᠡᠶ ᠪᠠᠢᠬᠤ ᠲᠤᠬᠠᠶ ᠶᠠᠷᠢᠬᠤ᠎ᠳᠠᠭᠠᠨ᠂ ᠬᠤᠷᠢᠭ᠎ᠠ ᠱᠤᠭᠤᠮ᠎ᠡᠴᠡ ᠬᠡᠲᠦᠷᠡᠭᠦᠯᠬᠦ᠌ ᠥᠬᠡᠶ ᠪᠠᠢᠵᠤ ᠂ 《ᠬᠡᠵᠢᠶ᠎ᠡ ᠢᠮᠠᠭ᠍ᠲᠠ ᠬᠠᠭᠤᠷᠮᠠᠭ ᠲᠠᠩᠰᠠ ᠬᠢᠵᠦ᠍ ᠪᠣᠯᠬᠤ ᠥᠬᠡᠶ 》 ᠂ 《ᠬᠦᠨᠳᠦ ᠨᠣᠴᠢᠲᠠᠶ ᠢᠲᠡᠭᠡᠯ ᠠᠯᠳᠠᠭ᠍ᠰᠠᠳ᠎ᠲᠤ ᠨᠠᠰᠤᠨ ᠲᠤᠷᠱᠢᠳᠠ ᠲᠤᠬᠠᠢᠯᠠᠭᠰᠠᠨ ᠠᠵᠢᠯ ᠬᠢᠬᠦ᠌᠎ᠶ᠋ᠢ ᠴᠠᠭᠠᠵᠠᠯᠠᠬᠤ ᠬᠡᠷᠡᠭ᠌ᠲᠡᠶ》ᠭᠡᠵᠦ᠍ ᠱᠠᠭᠠᠷᠳᠠᠵᠠᠶ; ᠵᠢᠷᠤᠮ᠎ᠢᠶᠠᠷ ᠠᠱᠢᠭ ᠤᠯᠬᠤ ᠲᠤᠬᠠᠢ ᠶᠠᠷᠢᠬᠤ᠎ᠳᠠᠭᠠᠨ᠂ ᠠᠱᠢᠭ ᠬᠣᠨᠵᠢᠪᠣᠷᠢᠤᠯᠬᠤ ᠪᠡᠷ ᠯᠡ ᠵᠤᠷᠢᠯᠲᠠ ᠪᠠᠨ ᠪᠤᠯᠭᠠᠵᠤ ᠪᠤᠯᠬᠤ ᠦᠭᠡᠢ᠂《ᠮᠥᠩᠭᠥᠨ ᠭᠦᠢᠯᠭᠡᠭᠡ ᠨᠢ ᠴᠢᠳᠠᠮᠵᠢᠳᠤ ᠴᠢᠨᠠᠷ ᠪᠠ ᠠᠱᠢᠭ ᠬᠣᠨᠵᠢᠪᠣᠷᠢ ᠤᠯᠬᠤ ᠴᠢᠨᠠᠷ᠎ᠤᠨ ᠳᠠᠪᠬᠤᠷ ᠱᠢᠨᠵᠢ ᠴᠢᠨᠠᠷᠲᠠᠶ ᠪᠠᠢᠳᠠᠭ᠂ ᠠᠱᠢᠭ ᠬᠣᠨᠵᠢᠪᠣᠷᠢ ᠨᠢ ᠴᠢᠳᠠᠮᠵᠢ᠎ᠪᠠᠨ ᠪᠠᠳᠠᠷᠠᠭᠤᠯᠬᠤ᠎ᠶ᠋ᠢ ᠲᠠᠭᠠᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ; ᠯᠠᠪᠳᠠᠭᠤᠨ ᠪᠣᠯᠭᠣᠮᠵᠢᠲᠠᠢ ᠪᠠᠢᠬᠤᠲᠤᠬᠠᠢ ᠳᠤᠷᠠᠳᠴᠤ᠌᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌ ᠦᠭᠡᠢ ᠪᠠᠢᠵᠤ᠂ 《ᠮᠥᠩᠭᠥᠨ ᠭᠦᠢᠯᠭᠡᠭᠡᠨ᠎ᠦ ᠠᠵᠢᠯ ᠲᠦᠷᠦᠯ ᠵᠥᠪ ᠡᠵᠡᠩᠨᠡᠯᠲᠡ᠎ᠶ᠋ᠢᠨ ᠦᠵᠡᠯᠲᠡ᠂ ᠠᠵᠢᠯ᠎ᠤᠨ ᠠᠮᠵᠢᠯᠲᠠ᠎ᠶ᠋ᠢᠨ ᠦᠵᠡᠯᠲᠡ ᠪᠠ ᠠᠶᠤᠯ ᠲᠦᠭ᠌ᠰᠢᠭᠦᠷᠢ᠎ᠶ᠋ᠢᠨ ᠦᠵᠡᠯᠲᠡ᠎ᠶ᠋ᠢ ᠪᠤᠢ ᠪᠣᠯᠭᠠᠬᠤ ᠬᠡᠷᠡᠭ᠌ᠲᠡᠢ》 ᠭᠡᠵᠦ᠍ ᠱᠠᠭᠠᠷᠳᠠᠪᠠ ; ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ ᠲᠤᠬᠠᠢ᠂ ᠪᠣᠳᠠᠲᠠᠶ᠎ᠡᠴᠡ ᠰᠠᠯᠤᠩᠭᠢᠷᠠᠨ ᠬᠡᠢᠰᠪᠦᠷᠢ᠎ᠶ᠋ᠢ ᠬᠥᠭᠡᠭᠡᠴᠡᠯᠳᠦᠬᠦ᠌ ᠥᠬᠡᠶ ᠂ 《ᠬᠤᠳᠠᠯ ᠬᠠᠭᠤᠷᠮᠠᠭ᠎ᠢᠶᠠᠷ ᠰᠢᠨ᠎ᠡ ᠵᠢ ᠡᠭᠦᠳᠴᠦ᠍᠂ ᠳᠤᠷ᠎ᠠ᠎ᠪᠠᠷ᠎ᠢᠶᠠᠨ ᠱᠢᠨ᠎ᠡ᠎ᠶ᠋ᠢ ᠡᠭᠦᠳᠴᠦ᠍ ᠪᠣᠯᠬᠤ ᠥᠬᠡᠶ》 ᠭᠡᠵᠦ᠍ ᠵᠢᠭᠠᠵᠤ ᠭᠠᠷᠭᠠᠪᠠ ; ᠬᠠᠤᠯᠢ ᠲᠣᠭ᠍ᠲᠠᠭᠠᠯ᠎ᠳᠤ ᠨᠡᠢᠴᠡᠵᠦ᠂ ᠳᠤᠷᠠᠲᠠᠪᠠ ᠪᠠᠷ᠎ᠢᠶᠠᠨ ᠠᠭᠠᠱᠢᠯᠠᠬᠤ ᠦᠭᠡᠶ ᠪᠠᠢᠬᠤ᠎ᠳᠤ ᠴᠢᠭ᠌ᠯᠡᠭᠦᠯᠦᠨ᠂ 《ᠬᠠᠤᠯᠢ ᠲᠣᠭ᠍ᠲᠠᠭᠠᠯ ᠪᠣᠯᠤᠨ ᠳᠦᠷᠢᠮ᠎ᠢ ᠵᠠᠪᠰᠢᠵᠤ᠂ ᠬᠢᠨᠠᠯᠲᠠ ᠬᠠᠮᠢᠶᠠᠷᠤᠯᠲᠠ᠎ᠡᠴᠡ ᠵᠠᠢᠯᠠᠵᠤ ᠠᠱᠢᠭ ᠬᠥᠭᠡᠭᠡᠴᠡᠯᠳᠦᠵᠦ᠍ ᠪᠣᠯᠬᠤ ᠦᠭᠡᠶ》 ᠭᠡᠵᠦ᠍ ᠴᠢᠬᠤᠯᠠᠴᠢᠯᠠᠪᠠ ᠁
ᠡᠳᠡᠭᠡᠷ ᠭᠦᠨᠵᠡᠭᠡᠢ ᠲᠠᠢᠯᠪᠤᠷᠢᠯᠠᠯᠲᠠ ᠨᠢ ᠮᠠᠷᠺᠰ᠎ᠤᠨ ᠦᠵᠡᠯ᠎ᠦᠨ ᠮᠥᠩᠭᠥᠨ ᠭᠦᠢᠯᠭᠡᠭᠡᠨ᠎ᠦ ᠤᠨᠤᠯ᠎ᠢ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠵᠤ᠂ ᠮᠥᠩᠭᠥᠨ ᠭᠦᠢᠯᠭᠡᠭᠡᠨ᠎ᠦ ᠱᠢᠰᠲ᠋ᠧᠮ᠎ᠳᠦ ᠤᠯᠠᠮᠵᠢᠯᠠᠯ᠎ᠢ ᠦᠷᠭᠦᠯᠵᠢᠯᠡᠭᠦᠯᠬᠦ᠌᠂ ᠢᠳᠡᠪᠬᠢᠲᠡᠢ᠎ᠪᠡᠷ ᠥᠭᠡᠳᠡᠯᠡᠨ ᠳᠠᠪᠱᠢᠬᠤ ᠰᠣᠶᠣᠯ᠎ᠤᠨ ᠭᠧᠨ ᠣᠷᠣᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠤ ᠱᠢᠨ᠎ᠡ ᠴᠠᠭ ᠦᠶ᠎ᠡ᠎ᠶ᠋ᠢᠨ ᠠᠭᠤᠯᠤᠭ᠍ᠳᠠᠬᠤᠨ ᠣᠯᠭᠣᠵᠤ᠂ ᠮᠥᠩᠭᠥᠨ ᠭᠦᠢᠯᠭᠡᠭᠡᠨ᠎ᠦ 《ᠵᠥᠭᠡᠯᠡᠨ ᠪᠣᠳᠠᠲᠤ ᠬᠦᠴᠦᠨ》 ᠢ᠋ ᠳᠡᠭᠡᠭ᠌ᠰᠢᠯᠡᠭᠦᠯᠬᠦ᠌᠂ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠢ ᠪᠠᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃
ᠵᠠᠮ᠎ᠢᠶᠡᠨ ᠵᠥᠪ ᠰᠤᠩᠭᠤᠪᠠᠯ ᠠᠭᠤᠯᠠ ᠥᠨᠳᠥᠷ ᠤᠰᠤ ᠬᠣᠯᠠ᠎ᠡᠴᠡ ᠠᠶᠤᠬᠤ ᠦᠭᠡᠢ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠮᠥᠩᠭᠥᠨ ᠭᠦᠢᠯᠭᠡᠭᠡᠨ᠎ᠦ ᠬᠥᠭ᠌ᠵᠢᠯᠲᠡ᠎ᠶ᠋ᠢᠨ ᠵᠠᠮ ᠨᠢ 《ᠨᠠᠢ᠍ᠮᠠ᠎ᠶ᠋ᠢ ᠪᠠᠷᠢᠮᠲᠠᠯᠠᠬᠤ》 ᠳᠡᠭᠡᠷ᠎ᠡ ᠲᠥᠪᠯᠡᠷᠡᠩᠭᠦᠢ ᠢᠯᠡᠷᠡᠵᠦ᠍᠂ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ 《ᠵᠠᠮ》 ᠪᠠ 《ᠬᠥᠭᠥᠷᠭᠡ》 ᠮᠥᠨ᠃
《ᠮᠠᠨ᠎ᠤ ᠨᠠᠮ᠎ᠤᠨ ᠤᠳᠤᠷᠢᠳᠤᠭ᠍ᠰᠠᠨ ᠮᠥᠩᠭᠥᠨ ᠭᠦᠢᠯᠭᠡᠭᠡᠨ᠎ᠦ ᠦᠢᠯᠡᠰ ᠨᠢ ᠡᠴᠦᠰ᠎ᠦᠨ ᠡᠴᠦᠰ᠎ᠲᠡᠬᠡᠨ ᠠᠷᠠᠳ ᠲᠦᠮᠡᠨ᠎ᠳᠦ ᠪᠤᠶᠠᠨ ᠦᠢᠯᠡᠳᠬᠦ᠌ ᠶᠤᠮ》 ᠂ ᠮᠥᠩᠭᠥᠨ ᠭᠦᠢᠯᠭᠡᠭᠡᠨ᠎ᠦ ᠠᠵᠢᠯ᠎ᠤᠨ ᠤᠯᠤᠰ ᠲᠦᠷᠦᠴᠢ ᠴᠢᠨᠠᠷ᠂ ᠠᠷᠠᠳᠴᠢ ᠴᠢᠨᠠᠷ ᠪᠣᠯ ᠶᠠᠭ 《ᠳᠤᠮᠳᠠᠳᠤ ᠤᠯᠤᠰ᠎ᠤᠨ ᠮᠠᠶᠢᠭ》 ᠤ᠋ᠨ ᠴᠢᠬᠤᠯᠠ ᠢᠯᠡᠷᠡᠯ ᠮᠥᠨ᠂ ᠥᠷᠥᠨᠡᠳᠠᠬᠢᠨ᠎ᠤ ᠮᠥᠩᠭᠥᠨ ᠭᠦᠢᠯᠭᠡᠭᠡᠨ᠎ᠦ ᠵᠠᠭ᠍ᠪᠤᠷ᠎ᠲᠠᠶ ᠮᠥᠨ ᠴᠢᠨᠠᠷ᠎ᠤᠨ ᠢᠯᠭᠠᠭ᠎ᠠ᠎ᠲᠠᠶ ᠶᠤᠮ᠃
ᠶᠡᠷᠦᠩᠬᠡᠢ ᠱᠦᠵᠢ ᠰᠢ ᠵᠢᠨ ᠫᠢᠩ 《ᠨᠠᠢ᠍ᠮᠨ ᠵᠢ ᠪᠠᠷᠢᠮᠲᠠᠯᠠᠬᠤ 》 ᠵᠢ ᠲᠣᠳᠣᠷᠬᠠᠢ ᠴᠢᠬᠤᠯᠠᠴᠢᠯᠠᠭ᠍ᠰᠠᠨ ᠪᠥᠭᠡᠳ ᠨᠠᠷᠢᠨ ᠨᠢᠮᠪᠠᠢ ᠥᠭᠦᠯᠡᠵᠦ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠮᠥᠩᠭᠥᠨ ᠭᠦᠢᠯᠭᠡᠭᠡᠨ᠎ᠦ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠢᠯᠡ ᠲᠣᠳᠣ ᠲᠤᠬᠢᠶ᠎ᠠ ᠭᠠᠷᠭᠠᠵᠤ᠂ ᠮᠥᠩᠭᠥᠨ ᠭᠦᠢᠯᠭᠡᠭᠡᠨ᠎ᠦ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠠᠭ ᠦᠶ᠎ᠡ᠎ᠶ᠋ᠢᠨ ᠬᠦᠴᠦᠷᠬᠡᠭ ᠲᠠᠭᠤᠨ᠎ᠢ ᠴᠢᠪᠬᠠᠳᠠᠪᠠ᠃
ᠪᠦᠷᠢᠶ᠎ᠡ ᠨᠢᠭᠡᠨᠲᠡ ᠳᠤᠸ᠋ᠭᠠᠷᠪᠠ᠃ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠤᠨ ᠬᠠᠷᠠᠯᠲᠠ ᠲᠡᠢᠰᠢ ᠲᠤᠮᠤ ᠠᠯᠬᠤᠮ᠎ᠢᠶᠠᠷ ᠤᠷᠤᠭ᠍ᠰᠢᠯᠠᠬᠤ ᠱᠢᠨ᠎ᠡ ᠠᠶᠠᠨ᠎ᠳᠠᠭᠠᠨ ᠮᠣᠷᠳᠠᠬᠤ᠎ᠳᠤ 《ᠪᠢᠳᠡ ᠢᠲᠡᠭᠡᠯ᠎ᠢᠶᠡᠨ ᠪᠠᠲᠤᠳᠭᠠᠵᠤ᠂ ᠦᠢᠯᠡᠳᠦᠯᠭᠡ᠎ᠶ᠋ᠢᠨ ᠳᠤᠮᠳᠠ ᠦᠷᠭᠦᠯᠵᠢᠯᠡᠨ ᠬᠠᠢᠨ ᠰᠦᠪᠡᠭ᠌ᠴᠢᠯᠡᠵᠦ᠍ ᠲᠡᠭᠦᠯᠳᠡᠷᠵᠢᠭᠦᠯᠦᠨ᠂ ᠡᠨᠡ ᠬᠦ᠌ ᠵᠠᠮ᠎ᠢ ᠶᠠᠪᠤᠬᠤ ᠲᠤᠳᠤᠮ ᠥᠷᠭᠡᠨ ᠳᠠᠷᠳᠠᠩ ᠪᠣᠯᠭᠠᠨ᠎ᠠ》᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 2 ᠰᠠᠷ᠎ᠠ ᠵᠢᠨ 1 ᠤ᠋ ᠴᠠᠬᠢᠯᠭᠠᠨ ᠮᠡᠳᠡᠭᠡ)