ᠰᠦᠨ ᠵᠢᠶᠦ᠋ᠨ ᠴᠢᠩ ᠶᠠᠷᠢᠶ᠎ᠠ ᠲᠠᠯᠪᠢᠵᠠᠢ
2 ᠰᠠᠷ᠎ᠠ᠎ᠶ᠋ᠢᠨ 2᠎ᠤ᠋ᠨ ᠡᠳᠦᠷ᠂ ᠳᠤᠮᠳᠠᠳᠦ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠨᠠᠢ᠍ᠮᠠᠳᠤᠭᠠᠷ ᠬᠤᠭᠤᠴᠠᠭᠠᠨ᠎ᠤ ᠲᠠᠪᠤᠳᠤᠭᠠᠷ ᠪᠦᠬᠦᠳᠠ ᠬᠤᠷᠠᠯ ᠬᠥᠬᠡᠬᠣᠲᠠ᠎ᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠂ ᠳᠤᠮᠳᠠᠳᠦ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠰᠦᠨ ᠵᠢᠶᠦ᠋ᠨ ᠴᠢᠩ ᠶᠠᠷᠢᠶ᠎ᠠ ᠲᠠᠯᠪᠢᠵᠠᠢ᠃
ᠬᠤᠷᠠᠯ᠎ᠠᠴᠠ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠪᠥᠬᠥ᠌ ᠣᠷᠣᠨ᠎ᠤ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠭᠡᠱᠢᠭᠦᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠤᠨ᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠪᠥᠬᠥ᠌ ᠲᠠᠯ᠎ᠠ᠎ᠪᠠᠷ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ᠂ ᠡᠯ᠎ᠡ ᠵᠦᠶ᠋ᠯ᠎ᠦᠨ ᠠᠵᠢᠯ᠎ᠢᠶᠠᠨ ᠯᠠᠪᠳᠠᠭᠤᠨ ᠪᠠᠲᠤᠲᠠᠶ ᠰᠠᠢᠲᠤᠷ ᠬᠢᠵᠦ᠍᠂ ᠳᠦᠷᠢ ᠲᠥᠷᠬᠦ᠌᠎ᠪᠡᠨ ᠰᠠᠢᠲᠤᠷ ᠢᠯᠡᠷᠡᠭᠦᠯᠤᠨ᠂ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃