ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠭᠠᠢᠯᠢ ᠲᠠᠲᠠᠪᠤᠷᠢᠯᠠᠬᠤ ᠴᠡᠭ᠎ᠦᠨ ᠪᠠᠷᠢᠮᠵᠢᠶ᠎ᠠ ᠵᠡᠷᠭᠡ ᠨᠡᠮᠡᠭ᠌ᠳᠡᠯ᠎ᠥᠷᠲᠡᠭ ᠎ᠦᠨ ᠭᠠᠢᠯᠢ᠎ᠶ᠋ᠢᠨ ᠲᠠᠲᠠᠪᠤᠷᠢᠯᠠᠨ ᠬᠠᠮᠢᠶᠠᠷᠬᠤ ᠵᠦᠶ᠋ᠯᠡᠰ ᠢ᠋ ᠲᠣᠳᠣᠷᠬᠠᠢᠯᠠᠪᠠ
2026-02-04 09:46:49
ᠵᠣᠬᠢᠶᠠᠭ᠍ᠴᠢ᠄
ᠯᠢᠦ ᠺᠠᠶ ᠰᠢᠶᠦ᠋ᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 2 ᠰᠠᠷ᠎ᠠ᠎ᠶ᠋ᠢᠨ 1 ᠎ᠤ᠋ ᠡᠳᠦᠷ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠡᠴᠡ ᠣᠢᠯᠠᠭᠠᠭ᠍ᠰᠠᠨ ᠵᠢᠡᠷ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ 《ᠲᠠᠲᠠᠪᠤᠷᠢᠯᠠᠬᠤ ᠴᠡᠭ ᠤ᠋ᠨ ᠪᠠᠷᠢᠮᠵᠢᠶ᠎ᠠ ᠵᠡᠷᠭᠡ ᠥᠷᠲᠡᠭ ᠨᠡᠮᠡᠭ᠌ᠳᠡᠯ᠎ᠦᠨ ᠭᠠᠢᠯᠢ ᠵᠢᠨ ᠲᠠᠲᠠᠪᠤᠷᠢᠯᠠᠨ ᠬᠠᠮᠢᠶᠠᠷᠬᠤ ᠵᠦᠶ᠋ᠯᠡᠰ᠎ᠦᠨ ᠲᠤᠬᠠᠶ ᠠᠯᠪᠠᠨ ᠵᠠᠷᠯᠠᠯ》 ᠢ᠋ ᠲᠣᠭ᠍ᠲᠠᠭᠠᠨ ᠨᠡᠢᠲᠡᠯᠡᠵᠦ᠍᠂ ᠲᠠᠲᠠᠪᠤᠷᠢᠯᠠᠬᠤ ᠴᠡᠭ ᠤ᠋ᠨ ᠪᠠᠷᠢᠮᠵᠢᠶ᠎ᠠ᠎ᠶ᠋ᠢ ᠮᠠᠭᠠᠳᠯᠠᠨ ᠲᠣᠭ᠍ᠲᠠᠭᠠᠬᠤ᠂ ᠭᠠᠢᠯᠢ ᠵᠢᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠯᠡᠬᠦ᠌ ᠵᠡᠷᠭᠡ ᠥᠷᠲᠡᠭ ᠨᠡᠮᠡᠭ᠌ᠳᠡᠯ᠎ᠦᠨ ᠭᠠᠢᠯᠢ᠎ᠶ᠋ᠢ ᠲᠠᠲᠠᠪᠤᠷᠢᠯᠠᠨ ᠬᠠᠮᠢᠶᠠᠷᠬᠤ ᠵᠦᠶ᠋ᠯᠡᠰ᠎ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠠᠵᠢᠯᠯᠠᠭᠤᠯᠬᠤ ᠱᠠᠭᠠᠷᠳᠠᠯᠭ᠎ᠠ᠎ᠶ᠋ᠢ ᠨᠠᠷᠢᠯᠢᠬ᠍ᠵᠢᠭᠤᠯᠤᠨ᠂ ᠥᠷᠲᠡᠭ ᠨᠡᠮᠡᠭ᠌ᠳᠡᠯ ᠎ᠦᠨ ᠭᠠᠢᠯᠢ ᠶ᠋ᠢᠨ ᠬᠠᠤᠯᠢ ᠵᠢᠴᠢ ᠲᠡᠭᠦᠨ ᠎ᠦ ᠬᠡᠷᠡᠭ᠌ᠵᠢᠭᠦᠯᠬᠦ᠌ ᠲᠦᠷᠢᠮ᠎ᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶ᠋ᠢ ᠠᠬᠢᠭᠤᠯᠪᠠ᠃

ᠲᠣᠰ ᠲᠠᠲᠠᠪᠤᠷᠢᠯᠠᠨ ᠬᠠᠮᠢᠶᠠᠷᠬᠤ ᠠᠯᠪᠠᠨ ᠵᠠᠷᠯᠠᠯ ᠨᠢ ᠪᠠᠢᠭᠠᠯᠢ ᠬᠥᠮᠦᠨ᠎ᠦ ᠥᠷᠲᠡᠭ ᠨᠡᠮᠡᠭ᠌ᠳᠡᠯ᠎ᠦᠨ ᠭᠠᠢᠯᠢ᠎ᠶ᠋ᠢᠨ ᠲᠠᠲᠠᠪᠤᠷᠢᠯᠠᠬᠤ ᠴᠡᠭ᠎ᠦᠨ ᠪᠠᠷᠢᠮᠵᠢᠶ᠎ᠠ᠎ᠶ᠋ᠢ ᠮᠠᠭᠠᠳᠯᠠᠨ ᠲᠣᠭ᠍ᠲᠠᠭᠠᠬᠤ ᠨᠠᠷᠢᠨ ᠲᠦᠷᠢᠮ᠎ᠢ ᠤᠯᠠᠮ ᠨᠢᠭᠡ ᠠᠯᠬᠤᠮ ᠳᠣᠭᠢᠷᠠᠭᠤᠯᠤᠨ ᠱᠢᠯᠢᠳᠡᠭ᠌ᠵᠢᠭᠦᠯᠵᠦ᠍᠂ ᠡᠨᠡ ᠵᠢᠯ᠎ᠡᠴᠡ ᠡᠬᠢᠯᠡᠨ᠂ ᠤᠳᠠᠭ᠎ᠠ᠎ᠪᠠᠷ ᠭᠠᠢᠯᠢ ᠲᠤᠱᠢᠶᠠᠬᠤ ᠲᠠᠲᠠᠪᠤᠷᠢᠯᠠᠬᠤ ᠴᠡᠭ᠎ᠦᠨ ᠪᠠᠷᠢᠮᠵᠢᠶ᠎ᠠ᠎ᠶ᠋ᠢ ᠤᠳᠠᠭ᠎ᠠ ᠪᠦᠷᠢ (ᠡᠳᠦᠷ)ᠵᠢᠨ ᠪᠣᠷᠣᠯᠠᠭᠤᠯᠭ᠎ᠠ ᠎ᠶ᠋ᠢᠨ ᠵᠤᠭᠤᠰ ᠎ᠤᠨ ᠲᠣᠭ᠎ᠠ ᠨᠢ 500 ᠲᠥᠭᠥᠷᠢᠭ ᠪᠠᠢᠭ᠍ᠰᠠᠨ᠎ᠡᠴᠡ1000 ᠲᠥᠭᠥᠷᠢᠭ ᠪᠣᠯᠭᠠᠨ ᠳᠡᠭᠡᠭ᠌ᠰᠢᠯᠡᠭᠦᠯᠬᠦ᠌᠎ᠶ᠋ᠢᠨ ᠵᠡᠷᠭᠡ ᠪᠡᠷ᠂ ᠪᠠᠢᠭᠠᠯᠢ ᠬᠥᠮᠦᠨ᠎ᠦ ᠥᠯᠥ᠍ ᠬᠥᠳᠡᠯᠬᠦ᠌ ᠬᠥᠷᠥᠩᠭᠡ᠎ᠪᠡᠨ ᠲᠦᠷᠢᠶᠡᠰᠦᠯᠡᠭᠦᠯᠬᠦ᠌᠂《ᠡᠰᠡᠷᠭᠦ᠌ ᠴᠢᠭ᠌ᠯᠡᠯ᠎ᠢᠶᠡᠷ ᠪᠠᠷᠢᠮᠲᠠ ᠪᠢᠴᠢᠵᠦ᠍ ᠥᠭ᠌ᠬᠦ》 ᠪᠠᠷ ᠳᠠᠮᠵᠢᠭᠤᠯᠤᠨ ᠬᠡᠷᠡᠭ᠌ᠯᠡᠭᠡᠨ᠎ᠡᠴᠡ ᠭᠠᠷᠭᠠᠭ᠍ᠰᠠᠨ ᠦᠶ᠋ᠯᠡᠳᠬᠦᠨ᠎ᠢᠶᠡᠨ ᠪᠣᠷᠣᠯᠠᠭᠤᠯᠬᠤ ᠵᠡᠷᠭᠡ 6 ᠵᠦᠶ᠋ᠯ᠎ᠦᠨ ᠣᠨᠴᠠᠭᠠᠶ ᠪᠠᠢᠳᠠᠯ᠎ᠲᠠᠶ ᠪᠠᠢᠪᠠᠯ᠂ ᠤᠳᠠᠭ᠎ᠠ᠎ᠪᠠᠷ ᠭᠠᠢᠯᠢ ᠲᠤᠱᠢᠶᠠᠬᠤ 1000 ᠲᠥᠭᠥᠷᠢᠭ ᠎ᠦᠨ ᠲᠠᠲᠠᠪᠤᠷᠢᠯᠠᠬᠤ ᠴᠡᠭ᠎ᠦᠨ ᠪᠠᠷᠢᠮᠵᠢᠶ᠎ᠠ᠎ᠶ᠋ᠢ ᠳᠠᠭᠢᠵᠤ ᠬᠡᠷᠡᠭ᠌ᠯᠡᠬᠦ᠌ ᠥᠬᠡᠶ᠂ ᠬᠠᠷᠢᠨ ᠬᠤᠭᠤᠴᠠᠭ᠎ᠠ ᠶᠣᠰᠣᠭᠠᠷ ᠭᠠᠢᠯᠢ ᠲᠤᠱᠢᠶᠠᠬᠤ᠎ᠪᠠᠷ ᠯᠠᠪᠯᠠᠯᠲᠠ ᠪᠣᠯᠭᠠᠵᠤ ᠰᠠᠷ᠎ᠠ᠎ᠶ᠋ᠢᠨ ᠪᠣᠷᠣᠯᠠᠭᠤᠯᠭ᠎ᠠ ᠵᠤᠭᠤᠰ᠎ᠤᠨ ᠲᠣᠭ᠎ᠠ ᠨᠢ 10 ᠲᠦᠮᠡᠨ ᠲᠥᠭᠥᠷᠢᠭ᠎ᠦᠨ ᠲᠠᠲᠠᠪᠤᠷᠢᠯᠠᠬᠤ ᠴᠡᠭ᠎ᠦᠨ ᠪᠠᠷᠢᠮᠵᠢᠶ᠎ᠠ᠎ᠶ᠋ᠢ ᠱᠢᠭᠤᠳ ᠬᠡᠷᠡᠭ᠌ᠯᠡᠨ᠎ᠡ ᠭᠡᠵᠦ᠍ ᠲᠣᠳᠣᠷᠬᠠᠢᠯᠠᠪᠠ᠃

ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠭᠠᠢᠯᠢ ᠵᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ ᠬᠤᠸᠠᠩ ᠯᠢ ᠱᠢᠨ᠄ 《ᠡᠢᠮᠦᠷᠬᠦᠤ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠤᠯᠲᠠ ᠨᠢ ᠭᠠᠢᠯᠢ ᠵᠢᠨ ᠦᠷ᠎ᠡ ᠪᠦᠲᠦᠮᠵᠢ ᠪᠠ ᠲᠥᠪ ᠭᠤᠤᠯᠴᠢ᠎ᠶ᠋ᠢ ᠬᠠᠮᠲᠤ᠎ᠳᠤᠨᠢ ᠬᠠᠷᠠᠭᠠᠯᠵᠠᠪᠠ᠃ ᠨᠢᠭᠡ ᠲᠠᠯ᠎ᠠ ᠎ᠪᠠᠷ᠂ ᠬᠤᠭᠤᠴᠠᠭ᠎ᠠ ᠶᠣᠰᠣᠭᠠᠷ ᠭᠠᠢᠯᠢ ᠲᠤᠱᠢᠶᠠᠬᠤ᠎ᠶ᠋ᠢᠨ ᠭᠠᠢᠯᠢ ᠲᠠᠲᠠᠪᠤᠷᠢᠯᠠᠬᠤ ᠴᠡᠭ᠎ᠦᠨ ᠬᠠᠷᠢᠴᠠᠩᠭᠤᠶ ᠨᠡᠯᠢᠶᠡᠳ ᠥᠨᠳᠥᠷ ᠪᠠᠷᠢᠮᠵᠢᠶ᠎ᠠ᠎ᠶ᠋ᠢ ᠦᠷᠭᠦᠯᠵᠢᠯᠡᠨ ᠬᠡᠷᠡᠭ᠌ᠯᠡᠬᠦ᠌᠎ᠶ᠋ᠢ ᠵᠥᠪᠱᠢᠶᠡᠷᠡᠵᠦ᠍᠂ ᠪᠠᠢᠭᠠᠯᠢ ᠬᠥᠮᠦᠨ᠎ᠦ ᠭᠠᠢᠯᠢ ᠵᠢᠨ ᠳᠠᠷᠤᠭᠠᠰᠤ᠎ᠶ᠋ᠢ ᠪᠦᠲᠦᠮᠵᠢᠲᠡᠶ ᠬᠥᠩᠭᠡᠷᠡᠭᠦᠯᠵᠦ᠍᠂ ᠭᠠᠢᠯᠢ ᠲᠠᠲᠠᠪᠤᠷᠢᠯᠠᠵᠤ ᠲᠤᠱᠢᠶᠠᠬᠤ ᠥᠪᠡᠷ᠎ᠦᠨ ᠥᠷᠲᠡᠭ᠎ᠢ ᠪᠠᠭᠤᠷᠠᠭᠤᠯᠵᠤ ᠪᠣᠯᠤᠨ᠎ᠠ᠃ ᠨᠥᠭᠥᠭᠡ ᠲᠠᠯ᠎ᠠ᠎ᠪᠠᠷ᠂ ᠬᠤᠯᠪᠤᠬᠳᠠᠯ ᠪᠥᠬᠥᠶ ᠪᠠᠢᠳᠠᠯ ᠳᠤᠤᠷ᠎ᠠ ᠪᠠᠢᠭᠠᠯᠢ ᠬᠥᠮᠦᠨ ᠲᠣᠰ ᠰᠠᠷ᠎ᠠ᠎ᠳᠤ ᠡᠭᠦᠰᠦᠭ᠌ᠰᠡᠨ ᠭᠠᠢᠯᠢ ᠲᠤᠱᠢᠶᠠᠬᠤ ᠶᠣᠰᠣᠲᠠᠶ ᠪᠥᠬᠥ᠌ ᠠᠷᠠᠯᠵᠢᠶᠠᠨ᠎ᠤ ᠪᠣᠷᠣᠯᠠᠭᠤᠯᠭ᠎ᠠ ᠵᠢᠨ ᠵᠤᠭᠤᠰ ᠎ᠤᠨ ᠲᠣᠭ᠎ᠠ᠎ᠪᠠᠷ᠂ ᠬᠤᠭᠤᠴᠠᠭ᠎ᠠ ᠶᠣᠰᠣᠭᠠᠷ ᠭᠠᠢᠯᠢ ᠲᠤᠱᠢᠶᠠᠬᠤ ᠲᠠᠲᠠᠪᠤᠷᠢᠯᠠᠬᠤ ᠴᠡᠭ ᠎ᠦᠨ ᠪᠠᠷᠢᠮᠵᠢᠶ᠎ᠠ᠎ᠶ᠋ᠢ ᠬᠡᠷᠡᠭ᠌ᠯᠡᠵᠦ᠍᠂ ᠲᠤᠰᠠᠭᠠᠷ ᠰᠠᠯᠭᠠᠨ ᠬᠡᠷᠡᠭ᠌ᠯᠡᠬᠦ᠌᠂ ᠳᠠᠪᠬᠤᠴᠠᠭᠤᠯᠤᠭ᠍ᠰᠠᠨ ᠎ᠤ ᠳᠠᠷᠠᠭ᠎ᠠ ᠪᠠᠷᠢᠮᠵᠢᠶ᠎ᠠ᠎ᠡᠴᠡ ᠬᠡᠲᠦᠷᠡᠭᠦᠯᠦᠨ ᠭᠥᠷᠳᠡᠬᠦ᠌ ᠪᠠᠷᠢᠮᠵᠢᠶ᠎ᠠ᠎ᠶ᠋ᠢᠨ ᠠᠰᠠᠭᠤᠳᠠᠯ᠎ᠡᠴᠡ ᠵᠠᠢᠯᠠᠰᠭᠢᠵᠦ᠍᠂ ᠭᠠᠢᠯᠢ ᠵᠢᠨ ᠭᠤᠤᠯᠴᠢ ᠪᠠᠢᠬᠤ᠎ᠶ᠋ᠢ ᠠᠬᠢᠭᠤᠯᠬᠤ᠎ᠳᠤ ᠠᠱᠢᠭ᠍ᠲᠠᠶ ᠪᠠᠢᠬᠤ᠎ᠶ᠋ᠢ ᠲᠣᠳᠣᠷᠬᠠᠢᠯᠠᠵᠠᠢ》  ᠭᠡᠵᠦ᠍ ᠬᠡᠯᠡᠪᠠ᠃

ᠲᠠᠲᠠᠪᠤᠷᠢᠯᠠᠨ ᠬᠠᠮᠢᠶᠠᠷᠬᠤ ᠠᠯᠪᠠᠨ ᠵᠠᠷᠯᠠᠯ ᠳ᠋ᠤ ᠪᠠᠰᠠ ᠪᠠᠭ᠎ᠠ ᠬᠡᠪᠴᠢᠶᠡᠨ᠎ᠦ ᠭᠠᠢᠯᠢ ᠲᠤᠱᠢᠶᠠᠭ᠍ᠴᠢ ᠭᠠᠢᠯᠢ ᠬᠠᠰᠤᠵᠤ ᠬᠡᠯᠲᠦᠷᠢᠭᠦᠯᠬᠦ᠌ ᠬᠠᠷᠠᠭᠠᠯᠵᠠᠯ᠎ᠢ ᠠᠮᠢᠳᠤᠯᠢᠭ᠎ᠢᠶᠠᠷ ᠭᠥᠷᠳᠡᠨ᠎ᠡ᠃ ᠪᠠᠭ᠎ᠠ ᠬᠡᠪᠴᠢᠶᠡᠨ᠎ᠦ ᠭᠠᠢᠯᠢ ᠲᠤᠱᠢᠶᠠᠭ᠍ᠴᠢ᠎ᠳᠤ ᠭᠠᠢᠯᠢ ᠲᠤᠱᠢᠶᠠᠬᠤ ᠠᠷᠠᠯᠵᠢᠶ᠎ᠠ ᠡᠭᠦᠰᠴᠦ᠍᠂ ᠪᠣᠷᠣᠯᠠᠭᠤᠯᠭ᠎ᠠ ᠵᠢᠨ ᠵᠤᠭᠤᠰ᠎ᠤᠨ ᠲᠤᠭ᠎ᠠ ᠨᠢ ᠭᠠᠢᠯᠢ ᠲᠠᠲᠠᠪᠤᠷᠢᠯᠠᠬᠤ ᠴᠡᠭ᠎ᠦᠨ ᠪᠠᠷᠢᠮᠵᠢᠶ᠎ᠠ᠎ᠳᠤ ᠬᠦᠷᠦᠭ᠌ᠰᠡᠨ ᠦᠭᠡᠢ ᠪᠠᠢᠪᠠᠯ᠂ ᠭᠠᠢᠯᠢ ᠲᠤᠱᠢᠶᠠᠬᠤ ᠶᠣᠰᠣᠲᠠᠶ ᠪᠦᠬᠦᠠ ᠪᠤᠶᠤ ᠬᠡᠰᠡᠭ ᠠᠷᠠᠯᠵᠢᠶ᠎ᠠ᠎ᠶ᠋ᠢ ᠰᠣᠩᠭᠣᠵᠤ ᠭᠠᠢᠯᠢ᠎ᠡᠴᠡ ᠬᠡᠯᠲᠦᠷᠢᠭᠦᠯᠬᠦ᠌᠎ᠶ᠋ᠢᠨ ᠵᠡᠷᠭᠡ ᠪᠡᠷ ᠦᠷᠲᠡᠭ ᠨᠡᠮᠡᠭ᠌ᠳᠡᠯ᠎ᠦᠨ ᠭᠠᠢᠯᠢ᠎ᠶ᠋ᠢᠨ ᠲᠤᠰᠭᠠᠶ ᠪᠠᠷᠢᠮᠲᠠ ᠪᠢᠴᠢᠵᠦ᠍ ᠥᠭ᠌ᠴᠦ ᠪᠣᠯᠤᠨ᠎ᠠ ᠭᠡᠵᠦ᠍ ᠲᠣᠳᠣᠷᠬᠠᠢᠯᠠᠪᠠ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 1 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号