ᠰᠤᠷᠪᠤᠯᠵᠢᠯᠠᠭ᠍ᠴᠢ 2 ᠤ᠋ᠨ ᠡᠳᠦᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠣᠢᠷ᠎ᠠ᠎ᠵᠢᠨ ᠡᠳᠤᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠲᠥᠪ᠎ᠦᠨ ᠠᠭᠠᠷ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠵᠦᠪᠯᠡᠯ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠵᠡᠷᠭᠡ ᠠᠷᠪᠠᠨ ᠰᠠᠯᠠᠭ᠎ᠠ ᠮᠥᠴᠢᠷ᠎ᠯᠤᠭᠡ ᠬᠠᠮᠲᠤᠷᠠᠨ 《ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢᠨ ᠵᠦᠭ᠌ᠯᠡᠭᠦᠷ (2025 ᠣᠨ᠎ᠤ ᠬᠡᠪᠯᠡᠯ)》 ᠢ᠋ ᠨᠡᠢᠲᠡᠯᠡᠪᠡ᠃
ᠵᠦᠭ᠌ᠯᠡᠭᠦᠷ᠎ᠲᠦ᠂ 2027 ᠣᠨ ᠪᠣᠯᠬᠤ᠎ᠳᠤ᠂ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠠᠮᠤᠷ ᠲᠦᠪᠱᠢᠨ ᠡᠷᠡᠭᠦᠯ᠎ᠢᠶᠡᠷ ᠬᠥᠭ᠌ᠵᠢᠬᠦ᠌ ᠬᠡᠷᠡᠭ᠌ᠴᠡᠭᠡ᠎ᠶ᠋ᠢ ᠦᠨᠳᠦᠰᠦᠨ᠎ᠳᠡᠭᠡᠨ ᠬᠠᠩᠭᠠᠨ᠎ᠠ᠃ 2030 ᠣᠨ ᠪᠣᠯᠬᠤ᠎ᠳᠤ᠂ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠬᠦᠷᠢᠶᠡᠨ᠎ᠳ᠋ᠡᠬᠢ ᠪᠠᠷᠢᠮᠵᠢᠶ᠎ᠠ ᠶ᠋ᠢ 300 ᠵᠦᠶ᠋ᠯ ᠡᠴᠡ ᠳᠠᠪᠠᠭᠤᠯᠵᠤ᠂ ᠪᠦᠲᠦᠴᠡ᠎ᠶ᠋ᠢ ᠱᠢᠯᠢᠳᠡᠭ᠌ᠵᠢᠭᠦᠯᠦᠭ᠌ᠰᠡᠨ᠂ ᠲᠡᠷᠢᠭᠦᠨ ᠦ ᠪᠥᠭᠡᠳ ᠵᠦᠶ ᠵᠣᠬᠢᠰᠲᠠᠶ᠂ ᠣᠯᠠᠨ ᠤᠯᠤᠰ᠎ᠲᠤ ᠵᠣᠬᠢᠴᠠᠭ᠍ᠰᠠᠨ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ ᠢ᠋ ᠦᠨᠳᠦᠰᠦᠨ᠎ᠳᠡᠭᠡᠨ ᠪᠦᠷᠢᠯᠳᠦᠭᠦᠯᠵᠦ᠍᠂ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠠᠮᠤᠷ ᠲᠦᠪᠱᠢᠨ ᠡᠷᠡᠭᠦᠯ᠎ᠢᠶᠡᠷ ᠬᠥᠭ᠌ᠵᠢᠬᠦ᠌᠎ᠳᠦ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠵᠤ ᠲᠤᠳᠤᠷᠬᠠᠢᠯᠠᠪᠠ᠃
ᠵᠦᠭ᠌ᠯᠡᠭᠦᠷ ᠲᠦ᠍᠂ 《ᠠᠮᠤᠷ ᠲᠦᠪᠱᠢᠨ ᠢᠶᠡᠷ ᠰᠠᠭᠤᠷᠢ ᠪᠣᠯᠭᠠᠬᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠂ ᠠᠵᠤ ᠦᠢᠯᠡᠰ᠎ᠦᠨ ᠬᠠᠮᠵᠢᠯᠴᠠᠭ᠎ᠠ᠂ ᠤᠯᠠᠨ ᠤᠯᠤᠰ ᠤ᠋ᠨ ᠵᠤᠯᠭᠠᠯᠴᠠᠭ᠎ᠠ》 ᠵᠢ ᠪᠠᠷᠢᠮᠳᠠᠯᠠᠵᠤ᠂ ᠭᠤᠤᠯᠳᠠᠯᠭ᠎ᠠ ᠨᠢ ᠤᠢᠷ᠎ᠠ ᠤᠬᠳᠠᠷᠭᠤᠢ ᠵᠢᠨ ᠨᠢᠰᠦᠭᠦᠷ᠂ ᠤᠢᠷ᠎ᠠ ᠤᠬᠳᠠᠷᠭᠤᠢ ᠵᠢᠨ ᠰᠠᠭᠤᠷᠢ ᠲᠥᠬᠥᠭᠡᠷᠦᠮᠵᠢ᠂ ᠤᠢᠷ᠎ᠠ ᠤᠬᠳᠠᠷᠭᠤᠢ ᠵᠢᠨ ᠵᠠᠮ ᠬᠠᠷᠢᠯᠴᠠᠭᠠᠨ᠎ᠤ ᠬᠠᠮᠢᠶᠠᠷᠤᠯᠲᠠ᠂ ᠠᠮᠤᠷ ᠲᠦᠪᠱᠢᠨ ᠦ ᠬᠢᠨᠠᠯᠲᠠ ᠬᠠᠮᠢᠶᠠᠷᠤᠯᠲᠠ ᠪᠠ ᠬᠡᠷᠡᠭ᠌ᠯᠡᠭᠡᠨ᠎ᠦ ᠦᠵᠡᠭ᠌ᠳᠡᠯ ᠲᠠᠪᠤᠨ ᠶᠡᠬᠡ ᠭᠤᠤᠯ ᠬᠦᠷᠢᠶᠠᠨ ᠤ᠋ ᠲᠤᠭᠤᠷᠢᠨ ᠳ᠋ᠤ᠂ ᠮᠡᠷᠭᠡᠵᠢᠯ᠎ᠦᠨ ᠪᠠᠷᠢᠮᠵᠢᠶ᠎ᠠ ᠬᠢᠭᠡᠳ ᠬᠠᠮᠢᠶᠠᠷᠤᠯᠲᠠ᠎ᠶ᠋ᠢᠨ ᠵᠢᠷᠤᠮᠵᠢᠯ ᠤᠨ ᠠᠭᠤᠰᠤᠯᠴᠠᠯ᠂ ᠤᠯᠤᠰ᠎ᠤᠨ ᠳᠣᠲᠣᠭᠠᠳᠤ᠎ᠶ᠋ᠢᠨ ᠪᠠᠷᠢᠮᠵᠢᠶ᠎ᠠ ᠬᠢᠭᠡᠳ ᠣᠯᠠᠨ ᠤᠯᠤᠰ᠎ᠤᠨ ᠳᠦᠷᠢᠮ ᠦᠨ ᠠᠭᠤᠰᠤᠯᠴᠠᠯ᠂ ᠠᠯᠪᠠᠳᠠᠯᠭ᠎ᠠ᠎ᠶ᠋ᠢᠨ ᠴᠢᠨᠠᠷᠲᠠᠶ ᠪᠠᠷᠢᠮᠵᠢᠶ᠎ᠠ ᠬᠢᠭᠡᠳ ᠲᠠᠨᠢᠯᠴᠠᠭᠤᠯᠭ᠎ᠠ᠎ᠶ᠋ᠢᠨ ᠴᠢᠨᠠᠷᠲᠠᠶ ᠪᠠᠷᠢᠮᠵᠢᠶ᠎ᠠ᠎ᠶ᠋ᠢᠨ ᠠᠭᠤᠰᠤᠯᠴᠠᠯ᠂ ᠰᠠᠭᠤᠷᠢ ᠪᠠᠷᠢᠮᠵᠢᠶ᠎ᠠ ᠬᠢᠭᠡᠳ ᠦᠵᠡᠮᠵᠢ᠎ᠶ᠋ᠢᠨ ᠪᠠᠷᠢᠮᠵᠢᠶ᠎ᠠ᠎ᠶ᠋ᠢ ᠠᠭᠤᠰᠤᠯᠴᠠᠭᠤᠯᠤᠭ᠍ᠰᠠᠨ 《ᠳᠥᠷᠪᠡ ᠶ᠋ᠢ ᠬᠠᠮᠠᠭᠠᠯᠠᠬᠤ》 ᠪᠠᠷᠢᠮᠵᠢᠶ᠎ᠠ ᠶ᠋ᠢᠨ ᠬᠠᠩᠭᠠᠯᠭ᠎ᠠ᠎ᠶ᠋ᠢᠨ ᠱᠢᠰᠲ᠋ᠧᠮ ᠢ᠋ ᠪᠠᠢᠭᠤᠯᠵᠤ᠂ ᠪᠠᠷᠢᠮᠵᠢᠶ᠎ᠠ ᠶ᠋ᠢᠨ ᠪᠥᠬᠥ᠌ ᠠᠮᠢ ᠨᠠᠰᠤᠨ ᠤ ᠦᠶᠡᠯᠡᠯ᠎ᠦᠨ ᠬᠤᠭᠤᠴᠠᠭᠠᠨ᠎ᠤ ᠬᠠᠮᠢᠶᠠᠷᠤᠯᠲᠠ ᠶ᠋ᠢ ᠴᠢᠩᠭᠠᠷᠠᠭᠤᠯᠵᠤ᠂ ᠲᠥᠪ ᠪᠠ ᠣᠷᠣᠨ ᠨᠤᠲᠤᠭ᠎ᠤᠨ ᠬᠠᠮᠵᠢᠯᠴᠠᠭ᠎ᠠ᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠢ᠋ ᠬᠣᠯᠪᠣᠯᠳᠤᠭᠤᠯᠤᠭ᠍ᠰᠠᠨ ᠪᠠᠷᠢᠮᠵᠢᠶᠠᠵᠢᠭᠤᠯᠤᠭ᠍ᠰᠠᠨ ᠱᠢᠨ᠎ᠡ᠎ᠶ᠋ᠢ ᠡᠭᠦᠳᠬᠦ᠌ ᠠᠮᠢ ᠠᠬᠤᠶ ᠵᠢ ᠴᠤᠬᠴᠠᠯᠠᠵᠤ᠂ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠠᠮᠤᠷ ᠲᠦᠪᠱᠢᠨ ᠡᠷᠡᠭᠦᠯ᠎ᠢᠶᠡᠷ ᠬᠥᠭ᠌ᠵᠢᠬᠦ᠌᠎ᠳᠦ ᠬᠦᠴᠦᠲᠡᠶ ᠲᠤᠯᠭᠠᠭᠤᠷᠢᠯᠠᠯ ᠬᠠᠩᠭᠠᠪᠠ᠃
ᠲᠠᠨᠢᠯᠴᠠᠭᠤᠯᠤᠭ᠍ᠰᠠᠨ᠎ᠢᠶᠠᠷ᠂ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠎ᠳᠦ ᠤᠢᠷ᠎ᠠ ᠤᠬᠳᠠᠷᠭᠤᠢ ᠵᠢᠨ ᠨᠢᠰᠦᠭᠦᠷ᠂ ᠤᠢᠷ᠎ᠠ ᠤᠬᠳᠠᠷᠭᠤᠢ ᠵᠢᠨ ᠰᠠᠭᠤᠷᠢ ᠲᠥᠬᠥᠭᠡᠷᠦᠮᠵᠢ᠂ ᠤᠢᠷ᠎ᠠ ᠤᠬᠳᠠᠷᠭᠤᠢ ᠵᠢᠨ ᠵᠠᠮ ᠬᠠᠷᠢᠯᠴᠠᠭᠠᠨ᠎ᠤ ᠬᠠᠮᠢᠶᠠᠷᠤᠯᠲᠠ᠂ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ ᠪᠠ ᠬᠡᠷᠡᠭ᠌ᠯᠡᠭᠡᠨ᠎ᠦ ᠲᠠᠯᠠᠪᠤᠷ ᠵᠡᠷᠭᠡ ᠪᠥᠬᠥ᠌ ᠬᠡᠯᠬᠢᠶ᠎ᠡ ᠪᠠᠭ᠍ᠲᠠᠵᠤ ᠪᠤᠢ᠃ ᠣᠳᠣᠬᠠᠨ᠎ᠳᠤ᠂ ᠮᠠᠨ᠎ᠤ ᠤᠯᠤᠰ᠎ᠤᠨ ᠤᠢᠷ᠎ᠠ ᠤᠬᠳᠠᠷᠭᠤᠢ ᠵᠢᠨ ᠠᠵᠤ ᠠᠬᠤᠢ ᠨᠢᠭᠡᠨᠲᠡ ᠠᠵᠤ ᠦᠢᠯᠡᠰᠵᠢᠯᠲᠡ᠎ᠶ᠋ᠢᠨ ᠲᠦᠷᠭᠡᠳᠬᠦ᠌ ᠬᠤᠭᠤᠴᠠᠭᠠᠨ᠎ᠳᠤ ᠣᠷᠣᠵᠤ᠂ ᠮᠡᠷᠭᠡᠵᠢᠯ᠎ᠦᠨ ᠰᠤᠳᠤᠯᠤᠨ ᠨᠡᠭᠡᠭᠡᠯᠲᠡ᠂ ᠲᠣᠨᠣᠭ᠍ᠯᠠᠯ ᠦᠢᠯᠡᠳᠬᠦ᠌᠂ ᠡᠵᠡᠩᠨᠡᠯᠲᠡ᠎ᠶ᠋ᠢᠨ ᠦᠢᠯᠡᠴᠢᠯᠡᠭᠡ᠂ ᠰᠠᠭᠤᠷᠢ ᠲᠥᠬᠥᠭᠡᠷᠦᠮᠵᠢ᠎ᠳᠦ ᠲᠤᠭᠤᠰᠢᠯᠠᠬᠳᠠᠬᠰᠡᠨ ᠪᠦᠬᠦ᠌ ᠬᠡᠯᠬᠢᠶᠡᠨ᠎ᠦ ᠠᠮᠢ ᠠᠬᠤᠢ᠎ᠶ᠋ᠢᠨ ᠱᠢᠰᠲ᠋ᠧᠮ᠎ᠢ ᠪᠦᠷᠢᠯᠳᠦᠭᠦᠯᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 2 ᠤ᠋ᠨ ᠴᠠᠬᠢᠯᠭᠠᠨ ᠮᠡᠳᠡᠭᠡ)