ᠪᠠᠶᠠᠨᠨᠠᠭᠤᠷ ᠬᠤᠲᠠ᠎ᠶᠢᠨ ᠭᠠᠳᠠᠭᠠᠳᠤ ᠠᠷᠠᠯᠵᠢᠶᠠᠨ᠎ᠤ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ᠎ᠢ᠋ ᠡᠭᠦᠳᠪᠡ
2026-02-04 09:56:27
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠤᠷᠠᠳ ᠪᠣᠭᠣᠮᠲᠠ᠎ᠠ᠋ᠴᠠ ᠣᠢᠯᠠᠭᠠᠭᠰᠠᠨ᠎ᠢ᠋ᠶ᠋ᠠᠷ 2025 ᠣᠨ᠎ᠳ᠋ᠤ᠌ ᠪᠠᠶᠠᠨᠨᠠᠭᠤᠷ ᠬᠣᠲᠠ᠎ᠶ᠋ᠢᠨ ᠭᠠᠳᠠᠭᠠᠳᠤ ᠠᠷᠠᠯᠵᠢᠶᠠᠨ᠎ᠤ ᠬᠡᠮᠵᠢᠶ᠎ᠡ 573.3 ᠳ᠋ᠦᠩᠰᠢᠭᠤᠷ ᠲᠥᠭᠥᠷᠢᠭ᠎ᠲᠦ᠍ ᠬᠦᠷᠴᠦ᠂ ᠳᠡᠭᠡᠷ᠎ᠡ ᠵᠢᠯ᠎ᠦ᠋ᠨ ᠠᠳᠠᠯᠢ ᠬᠤᠭᠤᠴᠠᠭᠠᠨ᠎ᠤ᠋ ᠬᠢ᠎ᠡᠴᠡ 28.8% ᠪᠠᠷ ᠨᠡᠮᠡᠭᠳᠡᠨ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠭᠠᠳᠠᠭᠠᠳᠤ ᠠᠷᠠᠯᠵᠢᠶᠡᠨ᠎ᠤ ᠶᠡᠷᠦᠩᠬᠡᠢ ᠬᠡᠮᠵᠢᠶ᠎ᠡ᠎ᠶ᠋ᠢᠨ 26% ᠶ᠋ᠢ ᠡᠵᠡᠯᠡᠵᠦ᠂ ᠬᠡᠪᠴᠢᠶ᠎ᠡ ᠪᠠ ᠨᠡᠮᠡᠭᠳᠡᠯ᠎ᠦ᠋ᠨ ᠬᠤᠷᠳᠤᠴᠠ ᠨᠢ ᠪᠦᠷ ᠲᠡᠦᠬᠡ᠎ᠶ᠋ᠢᠨ ᠰᠢᠨ᠎ᠡ ᠲᠡᠮᠳᠡᠭᠯᠡᠯ᠎ᠢ᠋  ᠡᠭᠦᠳᠦᠭᠰᠡᠨ ᠪᠠᠢᠨ᠎ᠠ᠃

ᠪᠠᠶᠠᠨᠨᠠᠭᠤᠷ ᠬᠤᠲᠠ᠎ᠶᠢᠨ ᠭᠠᠳᠠᠭᠠᠳᠤ ᠠᠷᠠᠯᠵᠢᠶᠠᠨ᠎ᠤ᠋ ᠠᠵᠤ ᠠᠬᠤᠢᠯᠠᠯ᠎ᠤᠨ ᠦᠢᠯᠡᠳᠪᠦᠷᠢᠯᠡᠯ ᠪᠣᠯᠤᠨ ᠪᠤᠭᠤᠮᠳᠠ ᠪᠡᠷ ᠦᠩᠭᠡᠷᠡᠭᠦᠯᠬᠦ ᠠᠵᠢᠯ ᠬᠦᠭᠵᠢᠶᠡᠨ ᠲᠠᠢ ᠪᠤᠯᠪᠠ᠃ ᠰᠤᠷᠪᠤᠯᠵᠢᠯᠠᠭᠴᠢ ᠲᠦᠷᠦᠭᠦᠬᠡᠨ ᠬᠠᠩᠭᠢᠨ ᠬᠣᠢᠲᠤ ᠬᠤᠰᠢᠭᠤᠨ᠎ᠤ᠋ ᠴᠠᠩ ᠱᠢ ᠢᠳᠡᠭᠡᠨ᠎ᠦ᠌ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠯ᠎ᠤᠨ ᠲᠠᠰᠤᠭ᠎ᠲᠤ᠌ ᠬᠦᠷᠬᠦ᠎ᠳᠤ ᠠᠵᠢᠯᠴᠢᠳ ᠶᠠᠭ ᠭᠠᠳᠠᠭᠠᠳᠤ᠎ᠳ᠋ᠤ᠌ ᠭᠠᠷᠭᠠᠬᠤ ᠨᠠᠷᠠᠨ ᠬᠤᠸᠠᠷ᠎ᠤ᠋ᠨ ᠦᠷ᠎ᠡ᠂ ᠯᠠᠩᠭᠤᠸᠠ᠎ᠶ᠋ᠢᠨ ᠦᠷ᠎ᠡ᠎ᠶ᠋ᠢ ᠪᠤᠭᠤᠳᠠᠯᠯᠠᠨ ᠪᠡᠯᠡᠳᠭᠡᠵᠤ ᠪᠠᠢᠯ᠎ᠠ᠃ 2025 ᠣᠨ᠎ᠳ᠋ᠤ᠌ ᠲᠤᠰ ᠠᠵᠤ ᠠᠬᠤᠢᠯᠠᠯ 60 ᠭᠠᠷᠤᠢ ᠤᠯᠤᠰ ᠪᠠ ᠭᠠᠵᠠᠷ ᠣᠷᠣᠨ᠎ᠳ᠋ᠤ᠌ ᠦᠷ᠎ᠡ᠎ᠶ᠋ᠢᠨ ᠪᠦᠲᠦᠭᠡᠭᠳᠡᠬᠦᠨ᠎ᠢ᠋ 3 ᠲᠦᠮᠡᠨ ᠲᠤᠨ ᠭᠠᠳᠠᠭᠠᠳᠤ᠎ᠳ᠋ᠤ᠌ ᠭᠠᠷᠭᠠᠵᠤ᠂ ᠭᠠᠳᠠᠭᠠᠳᠤ᠎ᠳ᠋ᠤ᠌ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ᠎ᠤ᠋ ᠬᠢ᠎ᠡᠴᠡ 30% ᠪᠠᠷ ᠨᠡᠮᠡᠭᠳᠡᠪᠡ᠃ 《ᠰᠦᠯᠵᠢᠶᠡᠨ ᠳᠡᠭᠡᠷ᠎ᠡ ᠮᠡᠳᠡᠭᠦᠯᠬᠦ᠂ ᠠᠦ᠋ᠲ᠋ᠤ᠋ ᠳᠠᠷᠤᠮᠠᠯᠯᠠᠬᠤ ᠵᠡᠷᠭᠡ ᠳᠥᠭᠥᠮ ᠦᠵᠡᠭᠦᠯᠬᠦ ᠠᠷᠭ᠎ᠠ ᠬᠡᠮᠵᠢᠶ᠎ᠡ᠎ᠪᠡᠷ ᠳᠠᠮᠵᠢᠨ᠂ ᠭᠠᠳᠠᠭᠠᠳᠤ᠎ᠳᠤ ᠭᠠᠷᠭᠠᠬᠤ ᠪᠠᠷᠠᠭ᠎ᠠ᠎ᠵᠢ ᠪᠣᠭᠣᠮᠲᠠ᠎ᠪᠠᠷ ᠲᠦᠷᠭᠡᠨ ᠥᠩᠭᠡᠷᠡᠬᠦᠯᠬᠦ᠎ᠪᠤᠯᠵᠠᠢ》 ᠭᠡᠵᠦ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠪᠠᠢ ᠶᠢᠩ ᠼᠦᠨ ᠲᠠᠨᠢᠯᠴᠠᠭᠤᠯᠪᠠ᠃

ᠡᠭᠦᠨ᠎ᠤ ᠬᠠᠮᠲᠤ ᠬᠢᠯᠢ᠎ᠶᠢᠨ ᠪᠣᠭᠣᠮᠲᠠ᠎ᠶ᠋ᠢᠨ ᠠᠵᠤ ᠠᠬᠤᠢ᠎ᠴᠤ ᠬᠦᠳᠡᠯᠭᠡᠭᠦ ᠬᠦᠴᠦᠨ᠎ᠢᠶᠡᠷ ᠪᠢᠯᠬᠠᠨ᠎ᠠ᠃ ᠭᠠᠭᠴᠠᠮᠤᠳ᠋ᠤ᠌ ᠬᠢᠯᠢ᠎ᠶᠢᠨ ᠪᠣᠭᠣᠮᠲᠠ᠎ᠶᠢᠨ ᠵᠢᠨ ᠬᠠᠩ ᠭᠠᠢᠯᠢ ᠪᠠᠲᠤᠯᠠᠬᠤ ᠬᠦᠮᠦᠷᠭᠡᠨ᠎ᠳᠤ ᠤᠷᠠᠳ ᠪᠣᠭᠣᠮᠲᠠ᠎ᠶ᠋ᠢᠨ ᠠᠵᠢᠯᠲᠠᠳ ᠶᠠᠭ ᠭᠠᠳᠠᠭᠠᠳᠤ᠎ᠡᠴᠡ ᠤᠷᠤᠭᠤᠯᠤᠭᠰᠠᠨ ᠵᠡᠰ᠎ᠤᠨ ᠨᠠᠷᠢᠯᠢᠭ ᠨᠤᠨᠳᠠᠭ᠎ᠢ ᠰᠢᠭᠰᠢᠨ ᠪᠠᠢᠴᠠᠭᠠᠨ᠎ᠠ᠃ ᠲᠤᠰ ᠬᠦᠮᠦᠷᠭᠡ᠎ᠵᠢ ᠡᠵᠡᠩᠨᠡᠵᠦ ᠪᠠᠢᠭ᠎ᠠ ᠠᠵᠤ ᠠᠬᠤᠢᠯᠠᠯ ᠪᠤᠯ ᠪᠦᠬᠦ ᠬᠣᠲᠠ᠎ᠶ᠋ᠢᠨ ᠠᠩᠬᠠᠨ᠎ᠤ᠋ AEO ᠳᠡᠭᠡᠳᠦ ᠵᠡᠷᠭᠡ᠎ᠶᠢᠨ ᠭᠡᠷᠡᠴᠢᠯᠡᠯ ᠲᠠᠢ ᠠᠵᠤ ᠠᠬᠤᠢᠯᠠᠯ ᠪᠤᠯᠤᠨ᠎ᠠ᠃ 2025 ᠣᠨ᠎ᠳ᠋ᠤ᠌ ᠲᠤᠰ ᠭᠠᠢᠯᠢ ᠪᠠᠲᠤᠯᠠᠬᠤ ᠬᠦᠮᠦᠷᠭᠡᠨ᠎ᠳᠤ ᠬᠦᠮᠦᠷᠭᠡᠯᠡᠭᠰᠡᠨ ᠵᠡᠰ᠎ᠤᠨ ᠨᠠᠷᠢᠯᠢᠭ ᠨᠤᠨᠲᠠᠭ᠎ᠤ᠋ᠨ ᠪᠠᠷᠠᠭᠠᠨ᠎ᠤ᠋ ᠥᠷᠲᠡᠭ ᠨᠢ 328.9 ᠳ᠋ᠦᠩᠰᠢᠭᠤᠷ ᠲᠦᠭᠦᠷᠢᠭ᠎ᠲᠤ ᠬᠦᠷᠴᠦ᠂ ᠲᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 107.1% ᠪᠡᠷ ᠨᠡᠮᠡᠭᠳᠡᠪᠡ᠃

ᠣᠢᠷ᠎ᠠ᠎ᠶ᠋ᠢᠨ ᠵᠢᠯ᠎ᠡᠴᠡ ᠪᠠᠶᠠᠨᠨᠠᠭᠤᠷ ᠬᠣᠲᠠ ᠮᠠᠯ ᠠᠵᠤ ᠠᠬᠤᠢ ᠲᠠᠷᠢᠶᠠᠯᠠᠩ ᠬᠢᠭᠡᠳ ᠬᠢᠯᠢ ᠳᠠᠭᠠᠤ ᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠲᠦᠰᠢᠭᠯᠡᠨ᠂ 《ᠦᠪᠦᠷ ᠮᠣᠩᠭᠣᠯ ᠨᠡᠷᠡᠮᠵᠢᠲᠦ》 ᠲᠠᠷᠢᠶᠠᠯᠠᠩ᠎ᠤ᠋ᠨ ᠪᠦᠲᠦᠭᠡᠭᠳᠡᠬᠦᠨ᠎ᠢ᠋ 100 ᠭᠠᠷᠤᠢ ᠤᠯᠤᠰ ᠪᠠ ᠭᠠᠵᠠᠷ ᠣᠷᠣᠨ᠎ᠳ᠋ᠤ᠌ ᠪᠣᠷᠣᠯᠠᠭᠤᠯᠬᠤ᠎ᠶ᠋ᠢ ᠦᠷᠭᠦᠯᠵᠢᠯᠡᠨ ᠠᠬᠢᠭᠤᠯᠬᠤ᠎ᠶ᠋ᠢᠨ ᠬᠠᠮᠲᠤ ᠳᠤᠮᠳᠠᠳᠤ ᠮᠣᠩᠭᠣᠯ᠎ᠤ᠋ᠨ ᠬᠣᠭᠣᠷᠣᠨᠳᠣᠬᠢ ᠲᠡᠭᠡᠭᠡᠪᠦᠷᠢ ᠵᠢᠨ ᠬᠡᠮᠵᠢᠶ᠎ᠡ᠎ᠪᠡᠷ ᠬᠠᠮᠤᠭ᠎ᠤ᠋ᠨ ᠶᠡᠬᠡ ᠬᠠᠭᠤᠷᠠᠢ ᠵᠠᠮ᠎ᠢ ᠨᠡᠪᠲᠡᠷᠡᠭᠦᠯᠵᠡᠢ᠃ ᠤᠷᠠᠳ ᠪᠣᠭᠣᠮᠲᠠ 《ᠣᠶᠤᠨᠴᠢ ᠪᠣᠭᠣᠮᠲᠠ》 ᠶ᠋ᠢ ᠪᠠᠢᠭᠤᠯᠬᠤ ᠪᠡᠷ ᠲᠠᠮᠵᠢᠨ᠂ ᠬᠢᠨᠠᠨ ᠪᠠᠢᠴᠠᠭᠠᠬᠤ ᠬᠡᠪ ᠵᠠᠭᠪᠤᠷ᠎ᠤ᠋ᠨ ᠰᠢᠨ᠎ᠡ᠎ᠶ᠋ᠢ ᠡᠭᠦᠳᠬᠦ᠂ AEO᠎ᠶ᠋ᠢᠨ ᠭᠡᠷᠡᠴᠢᠯᠡᠯ ᠲᠠᠢ ᠠᠵᠤ ᠠᠬᠤᠢᠯᠠᠯ᠎ᠢ᠋ ᠪᠣᠢᠵᠢᠭᠤᠯᠬᠤ ᠵᠢᠴᠢ ᠣᠯᠠᠨ ᠲᠥᠷᠥᠯ᠎ᠦ᠋ᠨ ᠲᠠᠷᠢᠶᠠᠯᠠᠩ᠎ᠤ᠋ᠨ ᠪᠦᠲᠦᠭᠡᠭᠳᠡᠬᠦᠨ᠎ᠢ᠋ ᠠᠩᠬ᠎ᠠ ᠤᠳᠠᠭ᠎ᠠ ᠭᠠᠳᠠᠭᠠᠳᠤ᠎ᠳ᠋ᠤ᠌ ᠭᠠᠷᠭᠠᠬᠤ᠎ᠶ᠋ᠢ ᠳᠡᠮᠵᠢᠬᠦ ᠵᠡᠷᠭᠡ ᠠᠷᠭ᠎ᠠ᠎ᠪᠠᠷ ᠭᠠᠳᠠᠭᠠᠳᠤ ᠠᠷᠠᠯᠵᠢᠶᠠᠨ᠎ᠤ ᠶᠠᠰᠤ ᠴᠢᠨᠠᠷ᠎ᠢ᠋ ᠳᠡᠭᠡᠭᠰᠢᠯᠡᠭᠦᠯᠬᠦ᠎ᠳᠤ ᠪᠦᠲᠦᠮᠵᠢᠲᠡᠢ ᠬᠦᠴᠦᠨ ᠨᠡᠮᠡᠷᠢᠯᠡᠪᠡ᠃

ᠪᠠᠶᠠᠨᠨᠠᠭᠤᠷ ᠬᠣᠲᠠ ᠢᠨᠭᠭᠢᠵᠦ ᠣᠯᠠᠨ ᠠᠷᠭ᠎ᠠ ᠵᠠᠮ᠎ᠢ᠋ᠶ᠋ᠠᠷ ᠭᠠᠳᠠᠭᠠᠳᠤ ᠠᠷᠠᠯᠵᠢᠶᠠᠨ᠎ᠤ᠋ ᠨᠡᠮᠡᠭᠳᠡᠯ᠎ᠢ᠋ᠶ᠋ᠠᠨ ᠪᠡᠬᠢᠵᠢᠭᠦᠯᠵᠦ᠂ ᠭᠠᠳᠠᠭᠠᠳᠤ ᠭᠠᠷᠭᠠᠯᠲᠠ᠎ᠶᠢᠨ 《ᠰᠠᠢᠨ ᠭᠠᠷᠤᠭ᠎ᠠ》 ᠡᠴᠡ ᠡᠬᠢᠯᠡᠬᠦ ᠵᠢ ᠬᠦᠴᠦ ᠲᠠᠯᠪᠢᠨ ᠠᠬᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号