《ᠨᠢᠭᠡ ᠪᠦᠰᠡ ᠨᠢᠭᠡ ᠵᠠᠮ》 ᠤ᠋ᠨ ᠰᠠᠨᠠᠭᠠᠴᠢᠯᠠᠭ᠎ᠠ ᠪᠡᠷ᠂ ᠤᠭ ᠭᠠᠷᠤᠯᠲᠠ᠎ᠶ᠋ᠢᠨ ᠣᠷᠣᠨ᠎ᠤ ᠦᠨᠡᠮᠯᠡᠯ ᠨᠢ ᠠᠵᠤ ᠠᠬᠤᠢᠯᠠᠯ᠎ᠤᠨ ᠳᠡᠯᠡᠬᠡᠢ᠎ᠶ᠋ᠢᠨ ᠵᠠᠬ᠎ᠠ ᠳᠡᠯᠭᠡᠭᠦᠷ᠎ᠢ ᠨᠡᠭᠡᠭᠡᠬᠦ᠌ 《ᠠᠯᠳᠠᠨ ᠲᠦᠯᠬᠢᠭᠦᠷ》 ᠪᠣᠯᠪᠠ᠃ ᠡᠭᠦᠨ᠎ᠳᠤ ᠵᠡᠭᠦᠨ ᠦᠵᠦᠮᠦᠴᠢᠨ ᠪᠣᠭᠣᠮᠲᠠᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠨ᠂ ᠭᠠᠷᠤᠯᠲᠠ᠎ᠶ᠋ᠢᠨ ᠣᠷᠣᠨ᠎ᠤ ᠲᠥᠷᠥ᠎ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠤᠨ᠂ ᠠᠵᠤ ᠠᠬᠤᠢᠯᠠᠯ᠎ᠤᠨ ᠭᠠᠳᠠᠭᠠᠳᠤ᠎ᠳᠤ ᠭᠠᠷᠭᠠᠬᠤ ᠬᠦᠴᠢᠷᠳᠡᠯ᠎ᠢ ᠱᠢᠶ᠋ᠳᠪᠦᠷᠢᠯᠡᠵᠦ᠍᠂ ᠲᠥᠷᠥ᠎ᠶ᠋ᠢᠨ ᠪᠣᠳᠣᠯᠭ᠎ᠠ ᠶ᠋ᠢᠨ ᠲᠡᠮᠵᠢᠯᠭᠡ ᠵᠢ ᠥᠷᠢᠰᠥᠯᠳᠦᠬᠦ᠌ ᠬᠦᠴᠦᠨ ᠪᠣᠯᠭᠠᠨ ᠬᠤᠪᠢᠷᠠᠭᠤᠯᠵᠤ᠂ ᠦᠬᠡᠷ ᠬᠣᠨᠢᠨ ᠮᠢᠬ᠎ᠠ᠂ ᠬᠥᠯᠳᠡᠭᠦᠦ ᠲᠥᠮᠥᠰᠥᠨ ᠵᠦᠰᠦᠮ ᠵᠡᠷᠭᠡ 《ᠦᠪᠦᠷ ᠮᠣᠩᠭᠣᠯ》 ᠨᠡᠷᠡᠮᠵᠢᠲᠦ ᠣᠨᠴᠠᠯᠢᠭ᠍ᠲᠤ ᠪᠦᠲᠦᠭᠡᠭ᠌ᠳᠡᠬᠦᠨ ᠢ ᠪᠥᠬᠥ᠌ ᠳᠡᠯᠡᠬᠡᠶ᠎ᠳᠦ ᠪᠣᠷᠣᠯᠠᠭᠤᠯᠬᠤ᠎ᠳᠤ ᠬᠦᠴᠦᠨ ᠨᠡᠮᠡᠷᠢᠯᠡᠪᠡ᠃
ᠰᠤᠷᠪᠤᠯᠵᠢᠯᠠᠭᠴᠢ ᠵᠡᠭᠦᠨ ᠦᠵᠦᠮᠦᠴᠢᠨ ᠪᠣᠭᠣᠮᠲᠠ ᠡᠴᠡ ᠣᠢᠯᠠᠭᠠᠭ᠍ᠰᠠᠨ᠎ᠢᠶᠠᠷ᠂ 2025 ᠣᠨ᠎ᠳᠤ ᠲᠣᠰ ᠪᠣᠭᠣᠮᠲᠠᠡᠯᠡ ᠲᠥᠷᠥᠯ᠎ᠦᠨ ᠣᠭ ᠭᠠᠷᠤᠯᠲᠠ᠎ᠶ᠋ᠢᠨ ᠣᠷᠣᠨ᠎ᠤ ᠦᠨᠡᠮᠯᠡᠯ ᠢ 100 ᠭᠠᠷᠤᠶ ᠬᠤᠪᠢ ᠣᠯᠭᠣᠵᠤ᠂ 2024 ᠣᠨ᠎ᠤ᠎ᠬᠢ᠎ᠡᠴᠡ 63% ᠪᠠᠷ ᠨᠡᠮᠡᠭ᠌ᠳᠡᠵᠦ᠍᠂ ᠸᠢᠰᠠ᠎ᠶ᠋ᠢᠨ ᠭᠠᠳᠠᠭᠠᠳᠤ᠎ᠳᠤ ᠭᠠᠷᠭᠠᠬᠤ ᠪᠠᠷᠠᠭᠠᠨ᠎ᠤ ᠥᠷᠲᠡᠭ 2792 ᠲᠦᠮᠡᠨ ᠲᠥᠭᠥᠷᠢᠭ᠎ᠲᠦ ᠬᠦᠷᠴᠦ᠍᠂ 32% ᠵᠢᠡᠷ ᠨᠡᠮᠡᠭ᠌ᠳᠡᠪᠡ᠃
ᠠᠶ ᠸᠧᠶ ᠺᠸ (ᠥᠪᠥᠷ ᠮᠣᠩᠭᠣᠯ) ᠢᠳᠡᠭᠡᠨ᠎ᠦ ᠬᠢᠵᠠᠭᠠᠷᠲᠤ ᠺᠣᠮᠫᠠᠨᠢ ᠣᠭ ᠭᠠᠷᠤᠯᠲᠠ᠎ᠶ᠋ᠢᠨ ᠣᠷᠣᠨ᠎ᠤ ᠲᠥᠷᠥ᠎ᠶ᠋ᠢᠨ ᠪᠣᠳᠣᠯᠭ᠎ᠠ᠎ᠳᠦ ᠲᠦᠱᠢᠭ᠌ᠯᠡᠨ᠂ ᠬᠥᠯᠳᠡᠭᠡᠭ᠌ᠰᠡᠨ ᠲᠥᠮᠥᠰᠥᠨ ᠵᠦᠰᠦᠮᠢ ᠺᠠᠽᠠᠭ᠍ᠰᠲ᠋ᠠᠨ᠂ ᠢᠷᠠᠺ ᠵᠡᠷᠭᠡ ᠤᠯᠤᠰ᠎ᠤᠨ ᠵᠠᠬ᠎ᠠ ᠳᠡᠯᠭᠡᠭᠦᠷ᠎ᠲᠦ ᠠᠡᠭᠬ᠎ᠠ ᠪᠤᠷᠤᠯᠠᠭᠤᠯᠪᠠ᠃ ᠺᠣᠮᠫᠠᠨᠢ᠎ᠶ᠋ᠢᠨ ᠬᠠᠷᠢᠭᠤᠴᠠᠯᠭᠠᠲᠠᠨ ᠵᠤᠤ ᠶᠠᠨ᠄ 《ᠪᠣᠭᠣᠮᠲᠠ᠎ᠶ᠋ᠢᠨ ᠠᠯᠢ ᠤᠯᠠᠨ ᠲᠦᠷᠦ᠍᠎ᠶ᠋ᠢᠨ ᠪᠤᠳᠤᠯᠭ᠎ᠠ᠎ᠶ᠋ᠢᠨ ᠠᠬᠢᠭᠤᠯᠤᠯ ᠵᠢᠡᠷ ᠮᠠᠨ᠎ᠤ ᠤᠯᠤᠰ᠎ᠤᠨ ᠤᠨᠴᠠᠯᠢᠭᠲᠤ ᠪᠦᠲᠦᠬᠡᠭᠳᠡᠬᠦᠨ ᠤᠯᠠᠨ ᠤᠯᠤᠰ᠎ᠤᠨ ᠵᠠᠬᠢᠶᠠᠯᠠᠭ᠎ᠠ᠎ᠶ᠋ᠢᠨ ᠬᠠᠭᠤᠳᠠᠰᠤ ᠵᠢ ᠤᠳᠠᠭ᠎ᠠ ᠲᠠᠷᠠᠭᠠᠯᠠᠨ ᠲᠤᠰᠴᠦ᠂ ᠪᠦᠲᠦᠭᠡᠭᠳᠡᠭᠦᠨ ᠵᠢᠡᠨ ᠬᠤᠷᠢ ᠭᠠᠷᠤᠢ ᠤᠯᠤᠰ ᠲᠤ᠌ ᠭᠠᠷᠭᠠᠬᠰᠠᠨ ᠪᠠᠢᠨ᠎ᠠ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠪᠠ᠃
ᠵᠡᠭᠦᠨ ᠦᠵᠦᠮᠦᠴᠢᠨ ᠪᠣᠭᠣᠮᠲᠠ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠪᠣᠳᠠᠲᠠᠶ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠯᠢ ᠣᠯᠠᠨ ᠨᠠᠷᠢᠯᠢᠭ ᠣᠨᠣᠪᠴᠢᠲᠠᠶ ᠥᠨᠳᠥᠷ ᠪᠦᠲᠦᠮᠵᠢᠲᠡᠶ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ ᠭᠠᠷᠭᠠᠪᠠ᠃ 《ᠳᠤᠮᠳᠠᠳᠤ ᠤᠯᠤᠰ᠎ᠤᠨ ᠪᠣᠭᠣᠮᠲᠠ᠎ᠶ᠋ᠢᠨ ᠣᠭ ᠭᠠᠷᠤᠯᠲᠠ᠎ᠶ᠋ᠢᠨ ᠣᠷᠣᠨ᠎ᠳᠤ ᠬᠠᠷᠠᠭᠠᠯᠵᠠᠯ ᠦᠵᠡᠭᠦᠯᠬᠦ᠌ ᠦᠶ᠋ᠯᠡᠴᠢᠯᠡᠭᠡᠨ᠎ᠦ ᠲᠠᠪᠴᠠᠩ》 ᠵᠢᠡᠷ ᠪᠣᠭᠣᠮᠲᠠ᠎ᠶ᠋ᠢᠨ ᠭᠠᠢᠯᠢ᠎ᠶ᠋ᠢᠨ ᠭᠠᠢᠯᠢ᠎ᠶ᠋ᠢᠨ ᠨᠣᠷᠮ᠎ᠠ᠎ᠶ᠋ᠢ ᠣᠶᠤᠨᠴᠢ᠎ᠪᠠᠷ ᠬᠠᠷᠢᠴᠠᠭᠤᠯᠬᠤ᠂ ᠬᠠᠮᠤᠭ᠎ᠤᠨ ᠱᠢᠯᠢᠳᠡᠭ ᠠᠷᠭ᠎ᠠ ᠵᠠᠮ᠎ᠢ ᠲᠥᠯᠥᠪᠵᠢᠭᠦᠯᠬᠦ᠌ ᠵᠡᠷᠭᠡ ᠦᠶ᠋ᠯᠡᠴᠢᠯᠡᠭᠡ ᠬᠠᠩᠭᠠᠪᠠ᠃ ᠣᠯᠠᠨ ᠤᠯᠤᠰ᠎ᠤᠨ ᠠᠷᠠᠯᠵᠢᠶᠠᠨ᠎ᠤ 《ᠭᠠᠭ᠍ᠴᠠ ᠴᠣᠩᠬᠤᠪᠴᠢ》 ᠳ᠋ᠦ ᠲᠦᠱᠢᠭ᠌ᠯᠡᠨ᠂ ᠣᠭ ᠭᠠᠷᠤᠯᠲᠠ᠎ᠶ᠋ᠢᠨ ᠣᠷᠣᠨ᠎ᠤ ᠦᠨᠡᠮᠯᠡᠯ᠎ᠢ ᠥᠪᠡᠰᠦᠪᠡᠨ ᠳᠠᠷᠤᠮᠠᠯᠯᠠᠬᠤ᠎ᠶ᠋ᠢ ᠲᠡᠮᠵᠢᠵᠦ᠂ ᠠᠵᠤ ᠠᠬᠤᠢᠯᠠᠯᠲᠤᠢᠯᠤᠨ ᠲᠦᠭᠦᠮ ᠲᠦᠳᠡ ᠶᠠᠪᠤᠴᠠ ᠪᠡᠷ ᠲᠤᠬᠠᠢᠯᠠᠭ᠍ᠰᠠᠨ ᠠᠵᠢᠯ᠎ᠢᠶᠠᠨ ᠭᠦᠶ᠋ᠴᠡᠳᠭᠡᠵᠦ᠍ ᠪᠣᠯᠬᠤ ᠪᠤᠯᠪᠠ᠃ 《7×24 ᠴᠠᠭ》 ᠤ᠋ᠨ ᠤᠷᠢᠳᠴᠢᠯᠠᠨ ᠪᠣᠯᠵᠣᠵᠤ ᠪᠠᠢᠴᠠᠭᠠᠬᠤ᠎ᠶ᠋ᠢ ᠨᠡᠪᠲᠡᠷᠡᠭᠦᠯᠵᠦ᠍᠂ ᠬᠠᠷᠢᠶ᠎ᠠ ᠭᠠᠵᠠᠷ᠎ᠤᠨ ᠪᠠᠢᠴᠠᠭᠠᠯᠲᠠ᠎ᠶ᠋ᠢᠨ 《ᠡᠭᠦᠯᠡᠨ ᠭᠠᠷᠤᠨ ᠥᠰᠥᠭ ᠵᠢᠷᠤᠵᠤ ᠣᠯᠭᠣᠬᠤ》 ᠵᠠᠮ ᠢ ᠨᠡᠭᠡᠭᠡᠵᠦ᠍᠂ ᠦᠨᠡᠮᠯᠡᠯ᠎ᠦᠨ 《ᠳᠡᠷᠡ ᠳᠠᠷᠤᠶ ᠳ᠋ᠤᠨᠢ ᠮᠡᠳᠡᠭᠦᠯᠬᠦ᠌᠂ ᠳᠡᠷᠡ ᠳᠠᠷᠤᠶ ᠳ᠋ᠤᠨᠢ ᠬᠢᠨᠠᠬᠤ᠂ ᠳᠡᠷᠡ ᠳᠠᠷᠤᠶ ᠳ᠋ᠤᠨᠢ ᠭᠠᠷᠤᠨ ᠥᠰᠥᠭ ᠵᠢᠷᠤᠬᠤ》 ᠵᠢ ᠪᠡᠶᠡᠯᠡᠭᠦᠯᠵᠦ᠍᠂ ᠭᠠᠳᠠᠭᠠᠳᠤ᠎ᠳᠤ ᠭᠠᠷᠭᠠᠬᠤ ᠮᠢᠬᠠᠨ᠎ᠤ ᠵᠦᠶ᠋ᠯᠡᠰ ᠵᠡᠷᠭᠡ ᠦᠶ᠋ᠯᠡᠳᠬᠦᠨ᠎ᠦ 《ᠬᠦᠯᠢᠶᠡᠬᠦ᠌ ᠥᠬᠡᠶ᠂ ᠬᠣᠢᠱᠢᠯᠠᠭᠤᠯᠬᠤ ᠥᠬᠡᠶ》 ᠪᠠᠢᠬᠤ ᠵᠢ ᠬᠦᠴᠦᠯᠡᠨ ᠪᠠᠲᠤᠯᠠᠵᠠᠢ᠃ ᠡᠭᠦᠨ᠎ᠦ ᠬᠠᠮᠲᠤ 《ᠪᠣᠭᠣᠮᠲᠠ᠎ᠶ᠋ᠢᠨ ᠳᠠᠷᠤᠭ᠎ᠠ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠨᠠᠢᠳᠠᠪᠤᠷᠢᠵᠢᠭᠤᠯᠬᠤ᠂ ᠤᠨᠢᠨ ᠲᠡᠭᠡᠷ᠎ᠡ ᠨᠢ ᠤᠬᠠᠭᠤᠯᠤᠨ ᠲᠠᠢᠯᠪᠤᠷᠢᠯᠠᠬᠤ》᠂ ᠪᠣᠭᠣᠮᠲᠠ ᠠᠵᠤ ᠠᠬᠤᠢᠯᠠᠯ᠎ᠤᠨ ᠬᠣᠯᠪᠣᠭᠠᠴᠢᠨ ᠪᠣᠯᠬᠤ ᠵᠡᠷᠭᠡ ᠠᠷᠭ᠎ᠠ ᠬᠡᠯᠪᠡᠷᠢ᠎ᠪᠡᠷ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ᠎ᠦᠨ ᠲᠦᠷᠢᠮ᠎ᠢ ᠨᠠᠷᠢᠨ ᠣᠨᠣᠪᠴᠢᠲᠠᠶ ᠲᠠᠢᠯᠪᠤᠷᠢᠯᠠᠵᠤ᠂ ᠠᠵᠤ ᠠᠬᠤᠢᠯᠠᠯ᠎ᠳᠤ ᠣᠭ ᠭᠠᠷᠤᠯᠲᠠ᠎ᠶ᠋ᠢᠨ ᠣᠷᠣᠨ᠎ᠤ ᠲᠦᠷᠢᠮ᠎ᠢ ᠨᠠᠷᠢᠨ ᠣᠨᠣᠪᠴᠢᠲᠠᠶ ᠡᠵᠡᠮᠱᠢᠭᠦᠯᠪᠡ᠃
《ᠪᠢᠳᠡ ᠢᠮᠠᠭ᠍ᠲᠠ 〈ᠠᠵᠤ ᠠᠬᠤᠢᠯᠠᠯ᠎ᠳᠤ ᠮᠡᠳᠡᠭᠦᠯᠪᠠᠰᠤ ᠵᠣᠬᠢᠬᠤ ᠵᠢ ᠨᠢ ᠪᠦᠬᠦᠨ᠎ᠢ ᠮᠡᠳᠡᠭᠦᠯᠵᠦ᠍᠂ ᠡᠳ᠋ᠯᠡᠭᠦᠯᠪᠡᠰᠦ ᠵᠣᠬᠢᠬᠤ᠎ᠵᠢ ᠨᠢ ᠪᠦᠬᠦᠨ ᠢ ᠡᠳ᠋ᠯᠡᠭᠦᠯᠬᠦ᠌〉 ᠪᠡᠷ ᠬᠠᠷᠠᠯᠲᠠ ᠪᠣᠯᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ᠎ᠢ ᠦᠷᠭᠦᠯᠵᠢᠯᠡᠨ ᠪᠠᠳᠠᠷᠠᠭᠤᠯᠵᠤ ᠪᠤᠢ᠃ ᠬᠣᠢᠱᠢᠳᠠ ᠣᠶᠤᠨᠴᠢ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠣᠭ ᠭᠠᠷᠤᠯᠲᠠ᠎ᠶ᠋ᠢᠨ ᠣᠷᠣᠨ᠎ᠤ ᠦᠨᠡᠮᠯᠡᠯ ᠣᠯᠭᠣᠬᠤ ᠶᠠᠪᠤᠴᠠ᠎ᠶ᠋ᠢ ᠱᠢᠯᠢᠳᠡᠭ᠌ᠵᠢᠭᠦᠯᠦᠨ᠂ ᠭᠤᠤᠯᠳᠠᠯᠭ᠎ᠠ᠎ᠲᠠᠶ ᠠᠵᠢᠯ ᠲᠥᠷᠥᠯ᠎ᠳᠦ ᠴᠢᠭ᠌ᠯᠡᠭᠦᠯᠦᠨ᠂ ᠨᠠᠷᠢᠯᠢᠭ ᠣᠨᠣᠴᠠᠲᠠᠶᠬᠠᠪᠰᠤᠷᠤᠨ ᠵᠢᠯᠣᠭᠣᠳᠴᠦ᠂ ᠠᠵᠤ ᠠᠬᠤᠢᠯᠠᠯ᠎ᠤᠨ ᠲᠦᠷᠢᠮ ᠲᠤᠭᠳᠠᠭᠠᠯ ᠲᠦᠷᠦ ᠵᠢᠨ ᠪᠤᠳᠤᠯᠭ᠎ᠠ ᠵᠢᠨ ᠲᠤᠬᠠᠢ ᠣᠢᠯᠠᠭᠠᠯᠲᠠ ᠵᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠎ᠡ》ᠭᠡᠵᠦ ᠵᠡᠭᠦᠨ ᠦᠵᠦᠮᠦᠴᠢᠨ ᠪᠣᠭᠣᠮᠲᠠ᠎ᠶ᠋ᠢᠨ ᠶᠡᠷᠦᠩᠬᠡᠢᠯᠡᠭ᠌ᠰᠡᠨ ᠲᠤᠬᠠᠢᠯᠠᠭ᠍ᠰᠠᠨ ᠠᠵᠢᠯ᠎ᠤᠨ ᠰᠠᠯᠠᠭᠠᠨ᠎ᠤ ᠳ᠋ᠧᠩ ᠱᠢᠶᠤᠤ ᠹᠸᠢ ᠢᠯᠡᠷᠬᠡᠢᠯᠡᠭᠰᠡᠨ ᠪᠠᠢᠨ᠎ᠠ᠃