9 ᠱᠢᠶᠠᠩ ᠪᠠᠯᠭᠠᠰᠤ 87 ᠲᠣᠰᠭᠣᠨ᠎ᠢ ᠬᠠᠮᠤᠷᠴᠤ᠌ 6749 ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠳᠦ ᠠᠱᠢᠭ ᠬᠦᠷᠲᠡᠭᠡᠪᠡ
ᠡᠪᠦᠯ᠎ᠦᠨ ᠬᠦᠢᠲᠡᠨ᠎ᠳᠤ ᠤᠯᠠᠭᠠᠨᠴᠠᠪ ᠬᠤᠲᠠ ᠵᠢᠨ ᠱᠢᠩ ᠾᠧ ᠱᠢᠶᠠᠨ᠎ᠤ ᠡᠷᠳᠡᠨᠢ ᠪᠠᠯᠭᠠᠰᠤ᠂ ᠦᠨᠳᠦᠰᠦᠲᠡᠨ᠎ᠦ ᠪᠦᠯᠬᠦᠮᠳᠡᠯ ᠱᠢᠶᠠᠩ ᠵᠡᠷᠭᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠤᠷᠤᠨ᠎ᠳᠤ ᠬᠡᠷᠡᠯᠴᠢ ᠴᠡᠨᠡᠭ᠎ᠦᠨ ᠬᠠᠪᠲᠠᠰᠤ ᠳᠡᠯᠭᠡᠭ᠌ᠳᠡᠵᠦ᠍᠂ ᠪᠤᠬᠢᠷᠳᠤᠯ ᠦᠭᠡᠢ ᠡᠨᠧᠷᠭᠢ᠎ᠶ᠋ᠢᠨ ᠬᠥᠭ᠌ᠵᠢᠯᠲᠡ᠎ᠶ᠋ᠢ ᠬᠠᠷᠠᠭᠤᠯᠤᠨ᠎ᠠ᠃ ᠡᠨᠡ ᠪᠣᠯ ᠱᠢᠩ ᠾᠧ ᠱᠢᠶᠠᠨ᠎ᠤ 2025 ᠣᠨ᠎ᠳᠤ 1.18 ᠳ᠋ᠦᠩᠱᠢᠭᠤᠷ ᠲᠥᠭᠥᠷᠢᠭ᠎ᠤᠨ ᠪᠠᠯᠠ ᠣᠷᠣᠭᠤᠯᠤᠨ ᠪᠥᠲᠥᠭᠡᠨ ᠪᠠᠢᠭᠤᠯᠤᠭ᠍ᠰᠠᠨ ᠬᠡᠷᠡᠯᠴᠢ ᠴᠡᠨᠡᠭ᠎ᠢᠶᠡᠷ ᠬᠠᠪᠰᠤᠷᠤᠨ ᠲᠡᠳᠬᠦᠬᠦ᠌ ᠲᠥᠷᠥᠯ ᠵᠦᠶ᠋ᠯ ᠪᠣᠯᠤᠨ᠎ᠠ᠃
ᠱᠢᠩ ᠾᠧ ᠱᠢᠶᠠᠨ ᠢ᠋ 《ᠰᠠᠯᠬᠢᠨ ᠤ᠋ ᠡᠨᠧᠷᠭᠢ ᠨᠠᠷᠠᠨ᠎ᠤ ᠡᠨᠧᠷᠭᠢ ᠵᠢᠨ ᠰᠠᠩ》 ᠬᠡᠵᠤ ᠬᠡᠯᠡᠵᠤ ᠪᠤᠯᠤᠨ᠎ᠠ᠃ ᠵᠢᠯ ᠳᠤᠮᠳᠠᠴᠢ ᠵᠢᠨ ᠨᠡᠷᠡᠨ᠎ᠦ ᠲᠤᠰᠤᠯᠲᠠ 2800 ᠴᠠᠭ᠎ᠢ ᠲᠠᠪᠠᠵᠤ᠂ ᠬᠡᠪᠲᠡᠭᠡ ᠭᠠᠳᠠᠷᠭᠤ᠎ᠶ᠋ᠢᠨ ᠶᠡᠷᠦᠩᠬᠡᠶ ᠰᠠᠴᠤᠷᠠᠯᠲᠠ᠎ᠶ᠋ᠢᠨ ᠬᠡᠮᠵᠢᠶ᠎ᠡ ᠨᠢ 5800MJ / ᠲᠡᠭᠰᠢ ᠳᠦᠷᠪᠡᠯᠵᠢᠨ ᠮᠸᠲᠷ ᠡᠴᠡ 5929MJ / ᠲᠡᠭᠰᠢ ᠳᠦᠷᠪᠡᠯᠵᠢᠨ ᠮᠸᠲᠷ ᠲᠤ᠌ ᠬᠦᠷᠳᠡᠭ᠃ ᠣᠷᠴᠢᠮ᠎ᠤᠨ 30 ᠵᠢᠯ᠎ᠳᠦ ᠰᠠᠯᠬᠢᠨ᠎ᠤ ᠬᠤᠷᠳᠤᠴᠠ ᠨᠢ 3.1m/s ᠪᠠᠢᠵᠤ᠂ ᠯᠤᠳᠤ ᠶᠡᠬᠡ ᠰᠠᠯᠬᠢᠨ᠎ᠤ ᠡᠨᠧᠷᠭᠢ᠎ᠶ᠋ᠢᠨ ᠡᠬᠢ ᠪᠠᠶᠠᠯᠢᠭ᠎ᠤᠨ ᠳᠠᠯᠳᠠ ᠬᠦᠴᠦᠨ ᠲᠠᠢ᠃ ᠪᠥᠬᠥ᠌ ᠱᠢᠶᠠᠨ᠎ᠤ ᠰᠠᠯᠬᠢᠨ ᠬᠦᠴᠦᠨ᠎ᠦ ᠴᠠᠬᠢᠯᠭᠠᠨ᠎ᠤ ᠨᠡᠭᠡᠭᠡᠨ ᠠᠱᠢᠭ᠍ᠯᠠᠵᠤ ᠪᠣᠯᠬᠤ ᠪᠠᠭ᠍ᠲᠠᠭᠠᠮᠵᠢ ᠨᠢ ᠪᠠᠷᠤᠭ 324 ᠲᠦᠮᠡᠨ ᠺᠢᠯᠦᠸᠠᠲ᠎ᠲᠤ ᠬᠦᠷᠴᠦ᠍᠂ ᠬᠡᠷᠡᠯᠴᠢ ᠴᠡᠨᠡᠭ᠎ᠦᠨ ᠴᠠᠬᠢᠯᠭᠠᠨ ᠤ᠋ ᠨᠡᠭᠡᠭᠡᠨ ᠠᠱᠢᠭ᠍ᠯᠠᠵᠤ ᠪᠣᠯᠬᠤ ᠪᠠᠭ᠍ᠲᠠᠭᠠᠮᠵᠢ ᠨᠢ ᠪᠠᠷᠤᠭ 292 ᠲᠦᠮᠡᠨ ᠺᠢᠯᠦᠸᠠᠲ᠎ᠲᠤ ᠬᠦᠷᠴᠦ ᠪᠤᠢ ᠭᠡᠳᠡᠭ᠎ᠢ ᠲᠤᠰᠭᠠᠶ ᠮᠡᠷᠭᠡᠵᠢᠯ᠎ᠦᠨ ᠬᠠᠢᠨ ᠬᠡᠮᠵᠢᠯᠲᠡ᠎ᠪᠡᠷ ᠮᠡᠳᠡᠵᠡᠢ᠃
ᠤᠢ᠍ᠢᠷ᠎ᠠ᠎ᠶ᠋ᠢᠨ ᠵᠢᠯ᠎ᠡᠴᠡ ᠱᠢᠩ ᠡᡁᠸ ᠱᠢᠶᠠᠨ ᠪᠤᠬᠢᠷᠳᠤᠯ ᠦᠭᠡᠢ ᠡᠨᠧᠷᠭᠢ ᠵᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠡᠬᠡ ᠪᠠᠢᠭᠠᠯᠢ᠎ᠠᠴᠠ ᠰᠣᠶᠣᠷᠬᠠᠭ᠍ᠰᠠᠨ 《ᠰᠠᠯᠬᠢᠨ ᠤ᠋ ᠡᠨᠧᠷᠭᠢ ᠨᠠᠷᠠᠨᠦ ᠡᠨᠧᠷᠭᠢ ᠵᠢᠨ ᠡᠷᠳᠡᠨᠢᠰ᠎ᠦᠨ ᠰᠠᠩ》 ᠢ᠋ ᠴᠢᠨᠠᠷ ᠰᠠᠢᠲᠠᠢ ᠬᠥᠭ᠌ᠵᠢᠯᠲᠡ᠎ᠶ᠋ᠢᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠤᠮᠠᠷᠠᠲᠤ᠎ᠶ᠋ᠢᠨ ᠡᠬᠡ ᠭᠠᠵᠠᠷ ᠳᠡᠭᠡᠷ᠎ᠡ 《ᠰᠠᠯᠬᠢᠨ ᠤ᠋ ᠡᠨᠧᠷᠭᠢ ᠨᠠᠷᠠᠨᠦ ᠡᠨᠧᠷᠭᠢ ᠵᠢ ᠬᠦᠬᠡᠬᠡᠴᠡᠯᠳᠤᠨ᠂ ᠪᠤᠬᠢᠷᠳᠤᠯ ᠦᠭᠡᠢ ᠵᠦᠭ ᠤᠷᠤᠭ᠍ᠰᠢᠯᠠᠬᠤ》 ᠠᠮᠢᠳᠤᠯᠢᠭ ᠬᠠᠭᠤᠳᠠᠰᠤ᠎ᠶ᠋ᠢ ᠪᠢᠴᠢᠭ᠌ᠯᠡᠵᠤ ᠪᠤᠢ᠃
ᠡᠳᠦᠭᠡ ᠪᠥᠬᠥ᠌ ᠱᠢᠶᠠᠨ᠎ᠳᠤ ᠨᠢᠭᠡᠨᠲᠡ 7 ᠰᠠᠯᠬᠢᠨ ᠬᠦᠴᠦᠨ᠎ᠦ ᠴᠠᠬᠢᠯᠭᠠᠨ ᠭᠠᠷᠭᠠᠬᠤ ᠲᠠᠯᠠᠪᠠᠶ ᠪᠠᠢᠭᠤᠯᠤᠭᠳᠠᠵᠤ᠂ ᠬᠡᠷᠡᠯᠴᠢ ᠴᠡᠨᠡᠭ᠎ᠦᠨ ᠴᠠᠬᠢᠯᠭᠠᠨ ᠥᠷᠲᠡᠭᠡ 3 ᠪᠠᠢᠵᠤ᠂ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠨᠢ 924 ᠮᠸᠭᠠᠸᠠᠲ᠎ᠲᠤ ᠬᠦᠷᠴᠦ᠍᠂ ᠵᠢᠯ ᠪᠦᠷᠢ 20 ᠳ᠋ᠦᠩᠱᠢᠭᠤᠷ ᠺᠢᠯᠦᠸᠠᠲ ᠴᠠᠭ ᠭᠠᠷᠤᠶ ᠴᠡᠪᠡᠷ ᠴᠠᠬᠢᠯᠭᠠᠨ ᠭᠠᠷᠭᠠᠵᠤ᠂ ᠪᠠᠷᠢᠮᠵᠢᠶᠠᠲᠤ ᠨᠡᠭᠦᠷᠡᠰᠦ᠎ᠶ᠋ᠢ ᠪᠠᠷᠤᠭ 25 ᠲᠦᠮᠡᠨ ᠲᠣᠨ ᠠᠷᠪᠢᠯᠠᠭ᠍ᠰᠠᠨ᠎ᠲᠠᠶ ᠲᠡᠩᠴᠡᠨ᠎ᠡ᠃ ᠢᠯᠠᠩᠭᠤᠶ᠎ᠠ ᠠᠵᠤ ᠦᠶ᠋ᠯᠡᠰ᠎ᠦᠨ ᠬᠡᠯᠬᠢᠶ᠎ᠡ ᠥᠬᠡᠶ ᠪᠠᠢᠭ᠍ᠰᠠᠨ᠎ᠠᠴᠠ᠎ᠪᠠᠨ ᠪᠠᠢᠬᠤ ᠪᠣᠯᠤᠭ᠍ᠰᠠᠨ ᠱᠢᠪᠲᠤᠯᠤᠯᠲᠠ᠎ᠶ᠋ᠢ ᠪᠡᠶᠡᠯᠡᠭᠦᠯᠪᠡ᠂ ᠱᠢᠨ᠎ᠡ ᠡᠨᠧᠷᠭᠢ᠎ᠶ᠋ᠢᠨ ᠲᠣᠨᠣᠭ ᠳᠦᠬᠦᠭᠡᠷᠦᠮᠵᠢ ᠦᠶ᠋ᠯᠡᠳᠬᠦ᠌ ᠠᠵᠤ ᠠᠬᠤᠢᠯᠠᠯ ᠪᠣᠯᠬᠤ ᠬᠠᠶ᠎ᠲᠠᠶ ᠱᠢᠨ᠎ᠡ ᠡᠨᠧᠷᠭᠢ ᠵᠢᠨ ᠺᠤᠮᠫᠠᠨᠢ ᠱᠢᠩ ᠾᠧ᠎ᠳᠦ ᠨᠤᠲᠤᠭ᠍ᠰᠢᠵᠤ᠂ 1GW᠎ᠤ᠋ᠨ ᠬᠡᠷᠡᠯᠴᠢ ᠴᠡᠨᠡᠭ᠎ᠦᠨ ᠰᠡᠯᠪᠢᠭ ᠲᠤᠨᠤᠭ ᠪᠤᠯᠤᠨ ᠲᠤᠯᠤᠭᠠᠰᠤ᠎ᠶ᠋ᠢᠨ ᠲᠥᠷᠥᠯ ᠵᠦᠶ᠋ᠯ᠎ᠨᠢ ᠱᠢᠩ ᠾᠧ᠎ᠶ᠋ᠢᠨ ᠪᠤᠬᠢᠷᠳᠤᠯ ᠦᠭᠡᠢ ᠴᠠᠬᠢᠯᠭᠠᠨ 《ᠭᠠᠷᠭᠠᠬᠤ ᠭᠠᠵᠠᠷ》 ᠡᠴᠡ ᠲᠣᠨᠣᠭ ᠳᠦᠬᠦᠭᠡᠷᠦᠮᠵᠢ ᠦᠶ᠋ᠯᠡᠳᠬᠦ᠌ 《ᠣᠷᠣᠯᠴᠠᠭ᠍ᠴᠢ》 ᠪᠤᠯᠬᠤ ᠠᠯᠬᠤᠮ᠎ᠢ ᠯᠠᠪᠳᠠᠭᠤᠨ ᠪᠡᠶᠡᠯᠡᠭᠦᠯᠵᠡᠢ᠃
ᠱᠢᠩ ᠾᠧ ᠱᠢᠶᠠᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠵᠣᠣ ᠹᠸᠢ᠄ 《ᠪᠢᠳᠡ 〈ᠲᠠᠷᠬᠠᠮᠠᠯ ᠮᠠᠶᠢᠭ᠎ᠤᠨ ᠪᠠᠢᠷᠢᠯᠠᠭᠤᠯᠤᠯᠲᠠ᠂ ᠪᠥᠬᠥ᠌ ᠣᠷᠣᠨ ᠪᠦᠰᠡᠴᠢᠯᠡᠭ᠌ᠰᠡᠨ ᠪᠦᠷᠬᠦᠴᠡ〉 ᠶ᠋ᠢᠨ ᠠᠷᠭ᠎ᠠ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠤ ᠰᠤᠯᠠ ᠪᠠᠢᠭ᠎ᠠ ᠭᠠᠵᠠᠷ ᠱᠢᠷᠣᠶ᠎ᠶ᠋ᠢ ᠨᠠᠷᠢᠯᠢᠭ ᠣᠨᠣᠴᠠᠲᠠᠶᠠᠱᠢᠭ᠍ᠯᠠᠬᠤᠪᠠᠷ ᠳᠠᠮᠵᠢᠭᠤᠯᠤᠨ᠂ ᠡᠷᠳᠡᠨᠢ ᠪᠠᠯᠭᠠᠰᠤ᠂ ᠦᠨᠳᠦᠰᠦᠲᠡᠨ᠎ᠦ ᠪᠦᠯᠬᠦᠮᠳᠡᠯ ᠱᠢᠶᠠᠩ᠂ ᠶᠡᠬᠡ ᠬᠦᠷᠢᠶ᠎ᠡ ᠱᠢᠶᠠᠩ ᠵᠢᠴᠢ ᠰᠠᠢᠠᠠᠤᠰᠤ ᠪᠠᠯᠭᠠᠰᠤᠨ᠎ᠳᠤ ᠲᠣᠰᠭᠣᠨ᠎ᠤ ᠱᠠᠲᠤᠨ᠎ᠤ ᠬᠡᠷᠡᠯᠴᠢ ᠴᠡᠨᠡᠭ᠎ᠦᠨ ᠴᠠᠬᠢᠯᠭᠠᠨ ᠥᠷᠲᠡᠭᠡ ᠪᠥᠲᠥᠭᠡᠨ ᠪᠠᠢᠭᠤᠯᠬᠤ᠎ᠶ᠋ᠢ ᠳᠥᠯᠭᠢᠨ ᠠᠬᠢᠭᠤᠯᠤᠨ᠎ᠠ᠃ ᠲᠥᠷᠥᠯ ᠵᠦᠶ᠋ᠯ᠎ᠦᠨ ᠬᠤᠪᠢᠰᠤᠮᠠᠯ ᠬᠦᠶᠦᠳᠡᠯ ᠤ᠋ᠨ ᠪᠠᠭ᠍ᠲᠠᠭᠠᠮᠵᠢ 26.12MW ᠲᠦ᠍ ᠬᠦᠷᠴᠦ᠍᠂ ᠲᠣᠭ᠍ᠲᠠᠮᠠᠯ ᠭᠦᠶᠦᠳᠡᠯ᠎ᠦᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ 31.62808MWp ᠪᠠᠢᠵᠤ᠂ ᠣᠳᠣᠬᠠᠨ᠎ᠳᠤ ᠪᠣᠶ ᠪᠥᠬᠥᠶ ᠴᠠᠬᠢᠯᠭᠠᠨ ᠥᠷᠲᠡᠭᠡ ᠴᠥᠮ ᠪᠠᠷᠢᠯᠭ᠎ᠠ ᠳᠠᠭᠤᠰᠴᠤ᠌ ᠠᠱᠢᠭ᠍ᠯᠠᠯᠲᠠ᠎ᠳᠤ ᠣᠷᠣᠵᠡᠢ》 ᠬᠡᠵᠤ ᠰᠤᠷᠪᠤᠯᠵᠢᠯᠠᠭᠴᠢ᠎ᠳᠤ ᠲᠠᠨᠢᠯᠴᠠᠭᠤᠯᠤᠬᠰᠠᠨ ᠪᠠᠢᠨ᠎ᠠ᠃
2025 ᠣᠨ᠎ᠤ 4 ᠰᠠᠷ᠎ᠠ᠎ᠳᠤ᠂ ᠬᠡᠪ ᠳᠠᠭᠤᠷᠢᠶᠠᠯ᠎ᠤᠨ ᠠᠴᠢ ᠬᠣᠯᠪᠣᠭ᠍ᠳᠠᠯ ᠪᠦᠬᠦᠢ ᠲᠦᠷᠦᠯ ᠵᠦᠢᠯ ᠪᠤᠯᠬᠤ ᠱᠢᠩ ᠾᠧ ᠱᠢᠶᠠᠨ᠎ᠤ ᠲᠡᠮᠦᠷ᠎ᠦᠨ ᠬᠠᠢᠯᠤᠰᠢ᠎ᠶ᠋ᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠦᠷᠦᠯ ᠵᠦᠢᠯ︵ᠨᠢᠭᠡᠳᠦᠭᠡᠷ ᠬᠤᠭᠤᠴᠠᠭ᠎ᠠ︶᠎ᠤ᠋ᠨ ᠪᠠᠷᠢᠯᠭ᠎ᠠ ᠡᠬᠢᠯᠡᠪᠡ᠃ ᠲᠤᠰ ᠲᠦᠷᠦᠯ ᠵᠤᠢᠯ ᠢ᠋ ᠱᠠᠩᠬᠠᠢ᠎ᠶ᠋ᠢᠨ ᠴᠠᠬᠢᠯᠭᠠᠨ ᠬᠦᠴᠦᠨ᠎ᠦ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠭᠤᠷᠪᠠᠳᠤᠭᠠᠷ ᠳᠡᠰ᠎ᠤᠨ ᠬᠤᠪᠢᠶᠠᠷᠢ ᠺᠣᠮᠫᠠᠨᠢ ᠪᠣᠯᠬᠤ ᠥᠪᠥᠷ ᠮᠣᠩᠭᠣᠯ᠎ᠤᠨ ᠤᠯᠠᠭᠠᠨᠴᠠᠪ᠎ᠤᠨ ᠹᠸᠩ ᠶᠤᠸᠠᠨ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ ᠪᠦᠲᠦᠭᠡᠨ ᠪᠠᠢᠭᠤᠯᠵᠠᠢ᠃ ᠲᠣᠰ ᠲᠥᠷᠥᠯ ᠵᠦᠶ᠋ᠯᠤᠯᠠᠭᠠᠨᠴᠠᠪ ᠬᠣᠲᠠ᠎ᠶ᠋ᠢᠨ ᠠᠩᠬᠠᠳᠠᠭ᠍ᠴᠢ ᠪᠤᠬᠢᠷᠳᠤᠯ ᠦᠭᠡᠢ ᠴᠠᠬᠢᠯᠭᠠᠨ ᠬᠡᠷᠡᠭ᠌ᠯᠡᠬᠦ᠌ ᠬᠠᠷᠢᠴᠠᠯ ᠨᠢ 60%᠎ᠳ᠋ᠤ ᠬᠦᠷᠦᠭ᠌ᠰᠡᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠪᠣᠯᠤᠭ᠍ᠰᠠᠨ᠎ᠤ ᠬᠤᠪᠢ᠎ᠳᠤ ᠰᠠᠨ ᠮᠧᠶ ᠪᠣᠬᠢᠷᠲᠤᠯ ᠥᠬᠡᠶ ᠬᠥᠭ᠌ᠵᠢᠯᠲᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠂ ᠤᠯᠠᠭᠠᠨᠴᠠᠪ ᠬᠣᠲᠠ᠎ᠶ᠋ᠢᠨ ᠵᠢᠶᠧ ᠶᠣᠣ ᠠᠵᠤ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ ᠲᠡᠮᠦᠷ᠎ᠦᠨ ᠬᠠᠢᠯᠤᠰᠢ᠎ᠶ᠋ᠢᠨ ᠲᠥᠷᠥᠯ ᠵᠦᠶ᠋ᠯ᠎ᠳᠦ ᠪᠣᠬᠢᠷᠲᠤᠯ ᠥᠬᠡᠶ ᠴᠠᠬᠢᠯᠭᠠᠨ ᠬᠦᠴᠦᠨ᠎ᠦ ᠲᠤᠯᠭᠠᠭᠤᠷᠢᠯᠠᠯ ᠬᠠᠩᠭᠠᠵᠤ᠂ ᠤᠯᠠᠮᠵᠢᠯᠠᠯᠲᠤ ᠠᠵᠤ ᠦᠶ᠋ᠯᠡᠰ᠎ᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ᠂ ᠤᠶᠤᠨᠴᠢᠯᠠᠭ᠍ᠰᠠᠨ ᠬᠡᠯᠪᠡᠷᠢ ᠲᠡᠢᠰᠢ ᠬᠤᠪᠢᠷᠠᠭᠤᠯᠬᠤ᠎ᠶ᠋ᠢ ᠠᠬᠢᠭᠤᠯᠬᠤ ᠪᠡᠷ ᠵᠤᠷᠢᠭᠰᠠᠨ ᠪᠠᠢᠨ᠎ᠠ᠃ ᠪᠠᠰᠠ 500 ᠬᠥᠮᠦᠨ᠎ᠦ ᠠᠵᠢᠯ ᠣᠯᠭᠣᠯᠲᠠ᠎ᠶ᠋ᠢ ᠱᠢᠭᠤᠳ ᠳᠠᠢᠴᠢᠯᠠᠵᠤ᠂ ᠵᠢᠯ᠎ᠳᠦ 1.7 ᠳ᠋ᠦᠩᠱᠢᠭᠤᠷ ᠲᠥᠭᠥᠷᠢᠭ᠎ᠦᠨ ᠭᠠᠢᠯᠢ ᠲᠤᠱᠢᠶᠠᠵᠤ᠂ ᠱᠢᠶᠠᠨ᠎ᠤ ᠬᠡᠪᠴᠢᠶᠡᠨ᠎ᠦ ᠠᠵᠤ ᠠᠬᠤᠶ᠎ᠳᠤ ᠠᠮᠢᠵᠢᠷᠠᠯ᠎ᠤᠨ ᠬᠦᠴᠦᠨ ᠨᠡᠮᠡᠷᠢᠯᠡᠪᠡ᠃
ᠡᠷᠳᠡᠨᠢ ᠪᠠᠯᠭᠠᠰᠤᠨ ᠤ᠋ ᠬᠠᠶ ᠸᠸ ᠽᠢ ᠲᠣᠰᠭᠣᠨ᠎ᠳᠤ ᠦᠷᠭᠦᠯᠵᠢᠯᠡᠨ ᠲᠡᠯᠭᠡᠭᠳᠡᠭᠰᠡᠨ ᠬᠡᠷᠡᠯᠴᠢ ᠴᠡᠨᠡᠭ᠎ᠦᠨ ᠬᠠᠪᠲᠠᠰᠤ ᠨᠡᠷᠡᠨ᠎ᠦ ᠬᠡᠷᠡᠯ᠎ᠢ ᠴᠠᠬᠢᠯᠭᠠᠨ ᠬᠦᠴᠦᠨ ᠪᠣᠯᠭᠠᠨ ᠬᠤᠪᠢᠷᠠᠭᠤᠯᠵᠤ᠂ ᠪᠠᠰᠠ ᠲᠣᠰᠭᠣᠨ᠎ᠤ ᠬᠠᠮᠲᠤ᠎ᠶ᠋ᠢᠨ ᠠᠵᠤ ᠠᠬᠤᠢ ᠵᠢ ᠲᠣᠭ᠍ᠲᠠᠭᠤᠨ ᠣᠷᠣᠯᠭ᠎ᠠ ᠲᠠᠢ ᠪᠤᠯᠭᠠᠵᠠᠢ᠃ 《ᠥᠩᠭᠡᠷᠡᠭ᠌ᠰᠡᠨ᠎ᠳᠦ ᠲᠩᠷᠢ᠎ᠶ᠋ᠢᠨ ᠴᠢᠷᠠᠢ᠎ᠶ᠋ᠢ ᠬᠠᠷᠠᠵᠤ ᠣᠷᠣᠯᠭ᠎ᠠ ᠪᠠᠲᠤᠯᠠᠭ᠎ᠠ ᠦᠭᠡᠢ ᠪᠠᠢᠭᠰᠠᠨ᠂ ᠤᠳᠤ 〈ᠭᠡᠷᠡᠯ ᠢ ᠵᠢᠭᠡᠯᠡᠵᠦ᠍ ᠠᠯᠲᠠ ᠬᠤᠪᠢᠷᠠᠭᠤᠯᠤᠨ〉᠂ ᠨᠡᠷᠡᠨ᠎ᠦ ᠭᠡᠷᠡᠯ ᠦᠨᠡᠬᠡᠷ ᠳᠠᠩᠰᠠᠨ᠎ᠳᠤ ᠣᠷᠣᠬᠤ 〈ᠱᠢᠵᠢᠷ ᠠᠯᠲᠠ〉 ᠪᠣᠯᠵᠠᠢ︾ᠭᠡᠵᠦ᠍ ᠬᠠᠶ ᠸᠸ ᠽᠢ ᠲᠣᠰᠭᠣᠨ᠎ᠤ ᠨᠠᠮ᠎ᠤᠨ ᠡᠭᠦᠷ᠎ᠦᠨ ᠱᠦᠵᠢ ᠵᠠᠩ ᠹᠸᠢ ᠰᠡᠳᠭᠢᠯ ᠳᠣᠭ᠍ᠳᠣᠯᠤᠨ ᠶᠠᠷᠢᠨ᠎ᠠ᠃
2019 ᠣᠨ᠎ᠠᠴᠠ ᠡᠬᠢᠯᠡᠨ᠂ ᠱᠢᠩ ᠾᠧ ᠱᠢᠶᠠᠨ 3 ᠳ᠋ᠦᠩᠱᠢᠭᠤᠷ ᠭᠠᠷᠤᠶ ᠲᠥᠭᠥᠷᠢᠭ᠎ᠤᠨ ᠪᠠᠯᠠ ᠣᠷᠣᠭᠤᠯᠵᠤ᠂ ᠶᠡᠷᠦᠩᠬᠡᠶ ᠬᠡᠪᠴᠢᠶ᠎ᠡ᠎ᠨᠢ 50.902 ᠮᠸᠭᠠᠸᠠᠲ᠎ᠤᠨ ᠬᠡᠷᠡᠯᠴᠢ ᠴᠡᠨᠡᠭ᠎ᠢᠶᠡᠷ ᠬᠠᠪᠰᠤᠷᠤᠨ ᠲᠡᠳᠬᠦᠬᠦ᠌ ᠲᠥᠷᠥᠯ ᠵᠦᠶ᠋ᠯ᠎ᠢ ᠪᠦᠲᠦᠭᠡᠨ ᠪᠠᠢᠭᠤᠯᠵᠤ᠂ ᠪᠥᠬᠥ᠌ ᠱᠢᠶᠠᠨ᠎ᠤ 9 ᠱᠢᠶᠠᠩ ᠪᠠᠯᠭᠠᠰᠤ 87 ᠶᠠᠳᠠᠭᠤ᠎ᠠᠴᠠ ᠠᠩᠭᠢᠵᠢᠷᠠᠭᠤᠯᠬᠤ ᠲᠣᠰᠭᠣᠨ᠎ᠢ ᠬᠠᠮᠤᠷᠴᠤ᠌᠂ 6749 ᠶᠠᠳᠠᠭᠤ᠎ᠠᠴᠠ ᠠᠩᠭᠢᠵᠢᠷᠠᠭ᠍ᠰᠠᠨ ᠡᠷᠦᠬᠡ᠎ᠳᠦ ᠠᠱᠢᠭ ᠬᠦᠷᠲᠡᠭᠡᠪᠡ᠃ ᠲᠥᠷᠥᠯ ᠵᠦᠶ᠋ᠯ ᠨᠢ ᠵᠢᠯ ᠳ᠋ᠤ 8600 ᠲᠦᠮᠡᠨ ᠺᠢᠯᠦᠸᠠᠲ ᠴᠠᠭ ᠭᠠᠷᠤᠢ ᠴᠠᠬᠢᠯᠭᠠᠨ ᠭᠠᠷᠭᠠᠵᠤ᠂ 4700 ᠲᠦᠮᠡᠨ ᠲᠥᠭᠥᠷᠢᠭ᠎ᠦᠨ ᠠᠱᠢᠭ ᠣᠷᠣᠯᠭ᠎ᠠ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠲᠣᠰᠭᠣᠨ ᠨᠢᠭᠡᠪᠦᠷᠢ᠎ᠶ᠋ᠢᠨ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ᠎ᠶ᠋ᠢ ᠵᠢᠯ ᠳᠤᠮᠳᠠᠴᠢ᠎ᠪᠠᠷ 50 ᠭᠠᠷᠤᠶ ᠲᠦᠮᠡᠨ ᠲᠥᠭᠥᠷᠢᠭ ᠨᠡᠮᠡᠭ᠌ᠳᠡᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠭᠰᠡᠨ ᠪᠠᠢᠨ᠎ᠠ᠃ ᠡᠭᠦᠨ᠎ᠦ ᠬᠠᠮᠲᠤ᠂ ᠱᠢᠩ ᠾᠧ ᠱᠢᠶᠠᠨ ᠪᠤᠬᠢᠷᠳᠤᠯ ᠦᠭᠡᠢ ᠴᠠᠬᠢᠯᠭᠠᠨ᠎ᠤ᠋ ᠱᠢᠩᠭᠡᠭᠡᠨ ᠬᠡᠷᠡᠭᠯᠡᠬᠦ ᠱᠢᠰᠲ᠋ᠧᠮ᠎ᠢ ᠵᠡᠷᠭᠡ᠎ᠪᠡᠷ ᠲᠡᠭᠦᠯᠳᠡᠷᠵᠢᠭᠦᠯᠵᠦ᠍᠂ 《ᠴᠠᠬᠢᠯᠭᠠᠨ ᠭᠠᠷᠭᠠᠬᠤ ᠴᠠᠬᠢᠯᠭᠠᠨ ᠬᠡᠷᠡᠭ᠌ᠯᠡᠬᠦ᠌᠎ᠶ᠋ᠢ ᠬᠠᠷᠢᠯᠴᠠᠨ ᠠᠬᠢᠭᠤᠯᠵᠤ᠂ ᠳᠣᠲᠣᠨ᠎ᠠ ᠭᠠᠳᠠᠨ᠎ᠠ ᠬᠣᠯᠪᠣᠭᠠᠯᠠᠨ ᠬᠥᠳᠡᠯᠦᠯᠴᠡᠬᠦ᠌》 ᠵᠢ ᠪᠡᠶᠡᠯᠡᠭᠦᠯᠪᠡ᠃ ᠲᠣᠰ ᠭᠠᠵᠠᠷ᠎ᠤᠨ ᠪᠣᠬᠢᠷᠲᠤᠯ ᠥᠬᠡᠶ ᠴᠠᠬᠢᠯᠭᠠᠨ ᠲᠡᠮᠦᠷ᠎ᠦᠨ ᠬᠠᠢᠯᠤᠰᠢ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ ᠤ᠋ᠨ ᠴᠠᠬᠢᠯᠭᠠᠨ ᠤ᠋ ᠬᠠᠡᠭᠭᠠᠯᠭ᠎ᠠ ᠵᠢ ᠤᠷᠢᠳ᠎ᠢᠶᠠᠷ ᠬᠠᠩᠭᠠᠵᠤ᠂ ᠤᠯᠠᠮᠵᠢᠯᠠᠯᠲᠤ ᠠᠵᠢᠯ ᠲᠥᠷᠥᠯ᠎ᠦᠨ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ ᠡᠨᠧᠷᠭᠢ ᠬᠡᠷᠡᠭ᠌ᠯᠡᠬᠦ᠌ ᠬᠡᠷᠡᠭ᠌ᠴᠡᠭᠡ᠎ᠶ᠋ᠢ ᠪᠠᠲᠤᠯᠠᠵᠤ᠂ ᠰᠠᠯᠬᠢᠨ ᠬᠦᠴᠦᠨ ᠬᠡᠷᠡᠯᠴᠢ ᠴᠡᠨᠡᠭ ᠵᠢᠡᠷ ᠭᠠᠷᠭᠠᠭᠰᠠᠨ ᠴᠠᠬᠢᠯᠭᠠᠨ ᠢ᠋ ᠲᠤᠬᠠᠶ᠎ᠶ᠋ᠢᠨ ᠭᠠᠵᠠᠷ᠎ᠲᠤᠨᠢ ᠱᠢᠩᠭᠡᠭᠡᠵᠦ᠍᠂ ᠥᠨᠳᠥᠷ ᠪᠦᠲᠦᠮᠵᠢᠲᠡᠶ ᠬᠤᠪᠢᠷᠠᠭᠤᠯᠤᠭᠰᠠᠨ ᠪᠠᠢᠨ᠎ᠠ᠃ ᠦᠯᠡᠬᠦᠦ ᠪᠤᠭᠢᠷᠳᠤᠯ ᠦᠭᠡᠢ ᠴᠠᠬᠢᠯᠭᠠᠨ᠎ᠢ ᠣᠷᠣᠨ ᠪᠦᠰᠡ᠎ᠶ᠋ᠢᠨ ᠴᠠᠬᠢᠯᠭᠠᠨ ᠲᠣᠣᠷ ᠲᠤ᠌ ᠲᠦᠱᠢᠭ᠌ᠯᠡᠨ ᠭᠠᠳᠠᠭ᠍ᠰᠢ ᠬᠦᠷᠭᠡᠵᠦ᠍᠂ ᠠᠷᠤ ᠭᠠᠵᠠᠷ ᠤᠨ 《ᠰᠠᠯᠬᠢᠨ ᠬᠦᠴᠦᠨ ᠨᠠᠷᠠᠨᠦ ᠡᠨ᠋ᠸᠷᠬᠢ》 ᠢ᠋ᠢ ᠣᠷᠣᠨ ᠪᠦᠰᠡ ᠠᠯᠤᠰᠯᠠᠭ᠍ᠰᠠᠨ ᠡᠨᠧᠷᠭᠢ᠎ᠶ᠋ᠢᠨ ᠪᠠᠲᠤᠯᠠᠭ᠎ᠠ᠎ᠶ᠋ᠢᠨ ᠴᠢᠳᠠᠪᠤᠷᠢ ᠪᠣᠯᠭᠠᠨ ᠬᠤᠪᠢᠷᠠᠭᠤᠯᠵᠤ᠂ ᠪᠤᠬᠢᠷᠳᠤᠯ ᠦᠭᠡᠢ ᠴᠠᠬᠢᠯᠭᠠᠨ ᠢ ᠦᠢᠯᠡᠳᠪᠦᠷᠢᠯᠡᠬᠦ᠌᠂ ᠱᠢᠩᠭᠡᠭᠡᠬᠦ᠌᠂ ᠭᠠᠳᠠᠭ᠍ᠰᠢ ᠬᠦᠷᠭᠡᠬᠦ᠌ ᠪᠦᠷᠢᠨ ᠪᠦᠲᠦᠨ ᠪᠢᠲᠡᠭᠦᠦ ᠴᠠᠭᠠᠷᠢᠭ ᠢ ᠪᠦᠷᠢᠯᠳᠦᠭᠦᠯᠵᠡᠢ᠃