ᠷᠠᠱᠢᠶᠠᠨ ᠪᠣᠭᠣᠮᠲᠠ 54 ᠲᠣᠨ ᠠᠭᠠᠭ᠎ᠤᠨ ᠠᠯᠳᠧᠭᠢᠳ᠋ ᠎ᠢ ᠭᠠᠳᠠᠭᠠᠳᠤ᠎ᠳᠤ ᠭᠠᠷᠭᠠᠪᠠ
2026-02-04 10:28:32
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠮᠠᠨᠵᠤᠤᠷ ᠪᠣᠭᠣᠮᠲᠠ᠎ᠶ᠋ᠢᠨ ᠬᠠᠷᠢᠶᠠᠨ᠎ᠳᠡᠬᠢ ᠷᠠᠱᠢᠶᠠᠨ ᠪᠣᠭᠣᠮᠲᠠ ᠵᠢᠨ ᠴᠢᠩᠭ᠎ᠠ ᠬᠢᠨᠠᠮᠠᠭᠠᠢ ᠬᠠᠮᠢᠶᠠᠷᠤᠯᠳᠠ ᠲᠤᠤᠷ᠎ᠠ᠂ ᠣᠢᠷ᠎ᠠ᠎ᠳᠤ ᠬᠢᠩᠭᠠᠨ ᠠᠢᠮᠠᠭ᠎ᠤᠨ ᠱᠢᠨ ᠱᠧᠩ ᠳ᠋ᠡ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ 54 ᠲᠣᠨ ᠠᠭᠠᠭ᠎ᠤᠨ ᠠᠯᠳᠧᠭᠢᠳ᠋ ᠎ᠢ ᠳ᠋ᠠᠯᠢᠶᠠᠨ ᠭᠠᠷᠠᠮ ᠵᠢᠡᠷ ᠪᠤᠭᠤᠮᠳᠠ᠎ᠳᠤ ᠮᠡᠳᠡᠬᠦᠯᠤᠨ ᠭᠠᠳᠠᠭᠠᠳᠤ᠎ᠳᠤ ᠭᠠᠷᠭᠠᠬᠰᠠᠨ ᠪᠠᠢᠨ᠎ᠠ᠃

ᠠᠭᠠᠭ᠎ᠤᠨ ᠠᠯᠳᠧᠭᠢᠳ᠋᠎ᠨᠢ ᠣᠷᠭᠠᠨᠢᠭ ᠨᠢᠭᠡᠳᠪᠦᠷᠢ ᠪᠣᠯᠤᠭ᠍ᠰᠠᠨ᠎ᠤ ᠬᠤᠪᠢ᠎ᠳᠤ᠂ ᠥᠩᠭᠡ ᠥᠬᠡᠶ ᠲᠣᠰᠣᠯᠢᠭ ᠱᠢᠩᠭᠡᠨ ᠪᠡᠶᠡᠲᠦ ᠪᠠᠢᠵᠤ᠂ ᠹᠧᠨ᠋ᠽᠸᠨ᠋ᠳᠤ ᠮᠧᠲ᠋ᠢᠯ ᠠᠯᠳᠧᠭᠢᠳ᠋ ᠱᠢᠭ ᠣᠨᠴᠠᠭᠠᠶ ᠦᠨᠦᠷ᠎ᠲᠡᠶ᠂ ᠭᠤᠤᠯᠳᠠᠭᠤ ᠠᠵᠤ ᠦᠶ᠋ᠯᠡᠳᠪᠦᠷᠢ᠎ᠶ᠋ᠢᠨ ᠠᠭᠤᠰᠭᠠᠭ᠍ᠴᠢ ᠪᠣᠯᠭᠠᠵᠤ ᠪᠠᠢᠨ᠎ᠠ᠂ ᠡᠬᠦᠨ᠎ᠳᠤ ᠠᠶᠤᠯ ᠲᠦᠭ᠌ᠰᠢᠭᠦᠷᠢ ᠲᠠᠢ ᠪᠠᠢᠬᠤ ᠣᠨᠴᠠᠯᠢᠭ᠎ᠠᠴᠠ ᠪᠣᠯᠵᠣ ᠠᠶᠤᠯᠲᠠᠶ ᠬᠢᠮᠢ᠎ᠶ᠋ᠢᠨ ᠪᠣᠳᠠᠰ᠎ᠤᠨ ᠨᠡᠷᠡᠰ᠎ᠲᠦ ᠵᠢᠭ᠍ᠰᠠᠭᠠᠭ᠍ᠳᠠᠵᠠᠶ᠃ ᠠᠶᠤᠯᠲᠠᠶ ᠪᠣᠳᠠᠰ᠎ᠢ ᠭᠠᠳᠠᠭᠠᠳᠤ᠎ᠳᠤ ᠭᠠᠷᠭᠠᠬᠤ᠎ᠶ᠋ᠢ ᠬᠢᠨᠠᠨ ᠬᠠᠮᠢᠶᠠᠷᠬᠤ ᠱᠠᠭᠠᠷᠳᠠᠯᠭ᠎ᠠ ᠥᠨᠳᠥᠷ᠂ ᠬᠦᠢᠴᠡᠳᠭᠡᠬᠦ ᠶᠠᠪᠤᠴᠠ ᠨᠠᠷᠢᠨ ᠪᠤᠳᠤᠯᠢᠶᠠᠨᠲᠠᠶ ᠪᠠᠢᠬᠤ ᠣᠨᠴᠠᠭᠠᠶ ᠴᠢᠨᠠᠷ᠎ᠲᠤ ᠴᠢᠭ᠌ᠯᠡᠭᠦᠯᠦᠨ᠂ ᠷᠠᠱᠢᠶᠠᠨ ᠪᠣᠭᠣᠮᠲᠠ 《ᠠᠮᠤᠷ ᠲᠦᠪᠱᠢᠨ ᠬᠢᠭᠡᠳ ᠦᠷ᠎ᠡ ᠪᠦᠲᠦᠮᠵᠢ᠎ᠶ᠋ᠢ ᠬᠠᠮᠲᠤ᠎ᠳᠤᠨᠢ ᠬᠠᠷᠠᠭᠠᠯᠵᠠᠬᠤ》 ᠭᠤᠤᠯ ᠵᠠᠷᠴᠢᠮ᠎ᠢ ᠪᠠᠷᠢᠮᠲᠠᠯᠠᠵᠤ᠂ ᠲᠤᠰᠭᠠᠶ ᠦᠶ᠋ᠯᠡᠴᠢᠯᠡᠭᠡᠨ᠎ᠦ ᠲᠣᠭ᠍ᠲᠠᠴᠠ᠎ᠶ᠋ᠢ ᠲᠡᠷᠡ ᠳᠠᠷᠤᠶ᠎ᠳᠤᠨᠢ ᠡᠬᠢᠯᠡᠭᠦᠯᠵᠦ᠍᠂ ᠠᠵᠤ ᠠᠬᠤᠢᠯᠠᠯ᠎ᠤᠨ ᠭᠠᠳᠠᠭᠠᠳᠤ᠎ᠳᠤ ᠭᠠᠷᠭᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠶ ᠵᠣᠯᠭᠠᠭᠤᠯᠵᠠᠢ᠃ 《ᠨᠢᠭᠡ ᠦᠶ᠋ᠯᠡᠳᠬᠦᠨ ᠨᠢᠭᠡ ᠲᠡᠮᠳᠡᠭᠯᠡᠯ》᠎ᠤ᠋ᠨ ᠵᠠᠭ᠍ᠪᠤᠷ᠎ᠢᠶᠠᠷ ᠳᠠᠮᠵᠢᠭᠤᠯᠤᠨ ᠠᠭᠠᠭ᠎ᠤᠨ ᠠᠯᠳᠧᠭᠢᠳ᠋᠎ᠦᠨ ᠲᠤᠰᠭᠠᠶ ᠬᠠᠷᠢᠶᠠᠯᠠᠭ᠍ᠳᠠᠬᠤ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠳᠠᠩᠰᠠ ᠡᠪᠬᠡᠮᠡᠯ᠎ᠢ ᠪᠠᠢᠭᠤᠯᠵᠤ᠂ ᠭᠤᠤᠯᠳᠠᠯᠭ᠎ᠠ᠎ᠲᠠᠶ ᠭᠣᠭ᠍ᠴᠣᠭ᠎ᠠ᠎ᠶ᠋ᠢ ᠲᠣᠳᠣᠷᠬᠠᠶ ᠬᠢᠨᠠᠨ ᠬᠠᠮᠢᠶᠠᠷᠤᠬᠰᠠᠨ ᠪᠠᠢᠨ᠎ᠠ᠃ ᠡᠭᠦᠨ᠎ᠦ ᠬᠠᠮᠲᠤ᠂ ᠪᠣᠭᠣᠮᠲᠠ᠎ᠶ᠋ᠢᠨ ᠠᠵᠢᠯᠲᠠᠳ᠎ᠢ ᠵᠣᠬᠢᠶᠠᠨ ᠪᠠᠢᠭᠤᠯᠤᠨ ᠬᠡᠷᠡᠭ᠎ᠦᠨ ᠵᠢᠱ᠌ᠢᠶ᠎ᠡ᠎ᠶ᠋ᠢ ᠰᠤᠳᠤᠯᠤᠨ ᠰᠤᠷᠤᠯᠴᠠᠬᠤ ᠠᠵᠢᠯ᠎ᠢ ᠥᠷᠨᠢᠭᠦᠯᠵᠦ᠍᠂ ᠦᠶ᠋ᠯᠡᠳᠬᠦᠨ᠎ᠦ ᠹᠢᠽᠢᠺ ᠬᠢᠮᠢ᠎ᠶ᠋ᠢᠨ ᠱᠢᠨᠵᠢ ᠴᠢᠨᠠᠷ᠎ᠢ ᠭᠦᠨᠵᠡᠭᠡᠶ ᠡᠵᠡᠮᠱᠢᠨ᠂ ᠠᠵᠤ ᠠᠬᠤᠢᠯᠠᠯ᠎ᠳᠤ ᠠᠶᠤᠯ ᠲᠦᠭ᠌ᠰᠢᠭᠦᠷᠢ᠎ᠶ᠋ᠢᠨ ᠥᠪᠡᠷᠮᠢᠴᠡ ᠴᠢᠨᠠᠷ᠎ᠢ ᠲᠥᠷᠥᠯ ᠬᠤᠪᠢᠶᠠᠨ ᠬᠢᠨᠠᠨ ᠲᠣᠭ᠍ᠲᠠᠭᠠᠬᠤ᠂ ᠭᠠᠳᠠᠭᠠᠳᠤ᠎ᠳᠤ ᠭᠠᠷᠭᠠᠬᠤ᠎ᠪᠠᠷ ᠭᠤᠶᠤᠴᠢᠯᠠᠨ ᠮᠡᠳᠡᠭᠦᠯᠬᠦ᠌᠂ ᠠᠶᠤᠯᠲᠤ ᠪᠣᠳᠠᠰ᠎ᠢ ᠲᠡᠭᠡᠭᠡᠪᠦᠷᠢᠯᠡᠬᠦ᠌ ᠵᠡᠷᠭᠡ ᠪᠥᠬᠥ᠌ ᠬᠡᠯᠬᠢᠶᠡᠨ᠎ᠦ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠣᠨᠣᠪᠴᠢᠲᠠᠶ ᠲᠠᠢᠯᠪᠤᠷᠢᠯᠠᠨ ᠥᠭ᠌ᠪᠡ᠃

ᠪᠠᠷᠠᠭᠠᠨ᠎ᠤ ᠣᠩᠭᠣᠴᠠ ᠪᠠᠴᠢᠮ ᠪᠠᠢᠬᠤ ᠪᠣᠳᠠᠲᠠᠶ ᠬᠡᠷᠡᠭ᠌ᠴᠡᠭᠡ᠎ᠶ᠋ᠢ ᠪᠣᠳᠣᠯᠬᠢᠯᠠᠨ᠂ ᠷᠠᠱᠢᠶᠠᠨ ᠪᠣᠭᠣᠮᠲᠠ ᠪᠣᠭᠣᠮᠲᠠ᠎ᠪᠠᠷ ᠥᠩᠭᠡᠷᠡᠬᠦ᠌ ᠶᠠᠪᠤᠴᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠢ ᠤᠷᠢᠳᠴᠢᠯᠠᠨ ᠵᠢᠯᠣᠭᠣᠳᠴᠤ᠌ ᠪᠠᠢᠭᠠᠳ ᠠᠶᠤᠯᠲᠠᠶ ᠪᠣᠳᠠᠰ᠎ᠤᠨ ᠥᠯᠢᠭᠡᠷ ᠠᠪᠴᠤ᠌ ᠪᠡᠯᠡᠳᠭᠡᠬᠦ᠌ ᠠᠵᠢᠯ᠎ᠢ ᠪᠡᠶᠡᠯᠡᠭᠦᠯᠵᠦ᠍᠂ ᠠᠮᠤᠷ ᠲᠦᠪᠱᠢᠨ᠎ᠦ ᠲᠣᠭ᠎ᠠ ᠪᠠᠷᠢᠮᠲᠠ᠎ᠶ᠋ᠢᠨ ᠬᠠᠭᠤᠳᠠᠰᠤ ᠵᠡᠷᠭᠡ ᠵᠠᠩᠭᠢᠯᠠᠭ᠎ᠠ ᠎ᠶ᠋ᠢᠨ ᠮᠠᠲ᠋ᠧᠷᠢᠶᠠᠯ ᠎ᠢ ᠤᠷᠢᠳ᠎ᠢᠶᠠᠷ ᠬᠢᠨᠠᠨ ᠬᠠᠷᠭᠤᠭᠤᠯᠵᠤ᠂ ᠥᠯᠢᠭᠡᠷ ᠠᠪᠴᠤ᠌ ᠪᠠᠢᠴᠠᠭᠠᠬᠤ᠂ ᠲᠤᠷᠱᠢᠯᠲᠠ᠎ᠶ᠋ᠢᠨ ᠲᠠᠰᠤᠭ᠎ᠤᠨ ᠪᠠᠢᠴᠠᠭᠠᠨ ᠬᠡᠮᠵᠢᠬᠦ᠌ ᠵᠡᠷᠭᠡ ᠭᠣᠭ᠍ᠴᠣᠭ᠎ᠠ᠎ᠶ᠋ᠢ ᠥᠨᠳᠥᠷ ᠪᠦᠲᠦᠮᠵᠢᠲᠡᠶ᠎ᠪᠡᠷ ᠵᠣᠯᠭᠠᠭᠤᠯᠵᠤ᠂ ᠪᠠᠢᠴᠠᠭᠠᠬᠤ ᠴᠠᠭ᠎ᠢ ᠶᠡᠬᠡ᠎ᠪᠡᠷ ᠪᠣᠭᠣᠨᠢᠰᠭᠠᠵᠤ᠂ ᠡᠳ᠋ ᠪᠠᠷᠠᠭ᠎ᠠ ᠵᠢᠨ ᠤᠷᠤᠭ᠍ᠰᠢᠲᠠᠶ ᠵᠥᠭᠡᠭᠡᠪᠦᠷᠢᠯᠡᠬᠦ᠌᠎ᠶ᠋ᠢ ᠦᠨᠡᠨ ᠬᠦ᠌ ᠪᠠᠲᠤᠯᠠᠵᠤ᠂ ᠠᠵᠤ ᠠᠬᠤᠢᠯᠠᠯ᠎ᠤᠨ ᠪᠠᠴᠢᠮ ᠪᠠᠢᠳᠠᠯ᠎ᠢ ᠦᠨᠡᠨ ᠬᠦ᠌ ᠱᠢᠶ᠋ᠳᠪᠦᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号