2025 ᠤᠨ ᠳ᠋ᠤ ᠬᠢᠶ᠎ᠠ ᠪᠠᠭᠰᠢ ᠳᠤᠭᠤᠷᠢᠭ ᠤ᠋ᠨ ᠵᠢᠭᠤᠯᠴᠢᠯᠠᠯ ᠤ᠋ᠨ ᠶᠡᠷᠦᠩᠬᠡᠢ ᠤᠷᠤᠯᠭ᠎ᠠ 24 ᠳ᠋ᠦᠩᠰᠢᠭᠤᠷ ᠲᠥᠭᠥᠷᠢᠭ ᠲᠤ᠌ ᠬᠦᠷᠴᠡᠢ
2026-02-04 10:31:42
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠲᠦᠷᠦᠭᠦᠬᠡᠨ ᠬᠢᠶ᠎ᠠ ᠪᠠᠭ᠍ᠰᠢ ᠲᠣᠭᠣᠷᠢᠭ᠋ ᠤ᠋ᠨ ᠰᠣᠶᠣᠯ ᠪᠠ ᠵᠢᠭᠤᠯᠴᠢᠯᠠᠯ ᠤ᠋ᠨ ᠳᠤᠪᠴᠢᠶ᠎ᠠ ᠡᠴᠡ ᠣᠢᠯᠠᠭᠠᠭᠰᠠᠨ ᠶ᠋ᠢᠡᠷ᠂ 2025 ᠣᠨ ᠳ᠋ᠤ ᠲᠤᠰ ᠲᠣᠭᠣᠷᠢᠭ᠋ ᠤ᠋ᠨ ᠰᠣᠶᠣᠯ ᠵᠢᠭᠤᠯᠴᠢᠯᠠᠯ ᠤ᠋ᠨ ᠠᠵᠤ ᠦᠢᠯᠡᠰ ᠦᠷᠭᠦᠯᠵᠢᠯᠡᠨ ᠦᠷᠨᠢᠬᠦᠨ ᠬᠦᠭᠵᠢᠵᠦ᠂ ᠪᠦᠬᠦ ᠵᠢᠯ ᠳ᠋ᠤ 878 ᠲᠦᠮᠡᠨ ᠵᠢᠭᠤᠯᠴᠢᠯᠠᠭᠴᠢ ᠵᠢ ᠬᠦᠯᠢᠶᠡᠨ ᠠᠪᠴᠤ ᠵᠤᠴᠢᠯᠠᠨ᠂ ᠵᠢᠭᠤᠯᠴᠢᠯᠠᠯ ᠤ᠋ᠨ ᠶᠡᠷᠦᠩᠬᠡᠢ ᠣᠷᠣᠯᠭ᠎ᠠ ᠨᠢ 24 ᠳ᠋ᠦᠩᠰᠢᠭᠤᠷ ᠲᠥᠭᠥᠷᠢᠭ ᠲᠦ᠍ ᠬᠦᠷᠴᠦ᠂ 2020 ᠣᠨ ᠤ᠋ ᠬᠢ ᠡᠴᠡ ᠲᠤᠰ ᠲᠤᠰ 169% ᠪᠠ 118% ᠪᠡᠷ ᠨᠡᠮᠡᠭᠳᠡᠨ᠂ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ ᠤ᠋ᠨ ᠨᠥᠯᠥᠭᠡᠯᠡᠬᠦ  ᠬᠦᠴᠦᠨ ᠦᠷᠭᠦᠯᠵᠢᠯᠡᠨ ᠳᠡᠭᠡᠭᠰᠢᠯᠡᠵᠡᠢ᠃

ᠬᠢᠶ᠎ᠠ ᠪᠠᠭ᠍ᠰᠢ ᠲᠣᠭᠣᠷᠢᠭ᠋ ᠣᠢᠷ᠎ᠠ ᠵᠢᠨ ᠵᠢᠯ ᠡᠴᠡ ᠰᠣᠶᠣᠯ ᠤ᠋ᠨ ᠪᠠᠢᠭᠤᠯᠤᠯᠲᠠ ᠵᠢ ᠳᠡᠰ ᠳᠡᠪᠰᠢᠬᠦᠯᠬᠦ ᠠᠵᠢᠯᠯᠠᠭ᠎ᠠ ᠪᠠᠷ ᠬᠥᠲᠥᠯᠥᠨ ᠳᠠᠭᠠᠭᠤᠯᠵᠤ᠂ ᠵᠢᠯᠣᠭᠣᠴᠢ ᠦᠭᠡᠢ ᠨᠢᠰᠬᠡᠯ ᠤ᠋ᠨ ᠳᠤᠭᠯᠠᠯᠳᠠ᠂ ᠳᠠᠭᠤᠤ ᠬᠥᠭᠵᠢᠮ ᠤ᠋ᠨ ᠤᠷᠬᠢᠯᠤᠮᠠᠯ ᠪᠤᠯᠠᠭ ᠤ᠋ᠨ ᠦᠵᠡᠬᠦᠯᠭᠡ᠂ ᠬᠤᠸᠠᠷ ᠫᠤᠤᠵᠢᠩ ᠤ᠋ᠨ ᠦᠵᠡᠬᠦᠯᠭᠡ ᠵᠡᠷᠭᠡ ᠵᠢ ᠠᠭᠤᠰᠤᠯᠴᠠᠭᠤᠯᠤᠭᠰᠠᠨ ᠰᠤᠶᠤᠯ ᠵᠢᠭᠤᠯᠴᠢᠯᠠᠯ ᠤ᠋ᠨ ᠳᠦᠷᠦᠯ ᠳᠡᠮᠳᠡᠭ ᠢ᠋ ᠴᠤᠭᠴᠠᠯᠠᠨ᠂ ᠬᠢᠶ᠎ᠠ ᠪᠠᠭᠰᠢ ᠳᠤᠭᠤᠷᠢᠭ᠎ᠤᠨ ᠨᠢᠭᠡ ᠡᠳᠦᠷ᠎ᠤᠨ ᠵᠢᠭᠤᠯᠴᠢᠯᠠᠯ᠂ ᠬᠢᠶ᠎ᠠ ᠪᠠᠭᠰᠢ ᠳᠤᠭᠤᠷᠢᠭ ᠤ᠋ᠨ ᠰᠦᠨᠢ ᠶ᠋ᠢᠨ ᠵᠢᠭᠤᠯᠴᠢᠯᠠᠯ ᠵᠡᠷᠭᠡ ᠵᠢᠭᠤᠯᠴᠢᠯᠠᠯ ᠤ᠋ᠨ ᠵᠠᠮ ᠭᠠᠷᠭᠠᠵᠤ᠂ ᠤᠯᠠᠭᠠᠨᠮᠦ᠋ᠷᠡᠨ ᠨᠠᠭᠤᠷ ᠤ᠋ᠨ ᠳᠤᠭᠤᠷᠢᠭ᠂ ᠳᠠᠢ ᠬᠤᠸᠠ ᠵᠤᠭ᠎ᠠ ᠰᠠᠯᠡᠬᠦᠴᠡᠯ ᠤ᠋ᠨ ᠵᠡᠭᠡᠯᠢ᠂ ᠺᠠᠩ ᠵᠧᠨ ᠪᠠᠯᠭᠠᠰᠤᠨ᠎ᠤ ᠵᠢᠭᠤᠯᠴᠢᠯᠠᠯ ᠤ᠋ᠨ ᠭᠠᠵᠠᠷ ᠵᠡᠷᠭᠡ ᠯᠤᠭᠡ ᠬᠤᠯᠪᠤᠭᠠᠯᠠᠨ ᠬᠦᠳᠡᠯᠦᠯᠴᠡᠵᠦ᠂ ᠰᠤᠪᠢᠯᠠᠨ ᠵᠢᠭᠤᠯᠴᠢᠯᠠᠬᠤ᠂ ᠰᠦᠨᠢ ᠶ᠋ᠢᠨ ᠠᠵᠤ ᠠᠬᠤᠢ ᠵᠡᠷᠭᠡ ᠵᠢ ᠬᠦᠭᠵᠢᠬᠦᠯᠵᠦ᠂ ᠵᠤᠴᠢᠳ ᠤ᠋ᠨ ᠪᠠᠭᠤᠳᠠᠯ ᠤ᠋ᠨ ᠬᠦᠯᠢᠶᠡᠨ ᠠᠪᠬᠤ ᠬᠡᠮᠵᠢᠶ᠎ᠡ ᠵᠢ ᠨᠡᠮᠡᠭᠳᠡᠬᠦᠯᠦᠨ᠂ ᠦᠢᠯᠡᠴᠢᠯᠡᠭᠡ ᠪᠡᠨ ᠦᠷᠬᠦᠯᠵᠢᠯᠡᠨ ᠰᠢᠯᠢᠳᠡᠭᠵᠢᠬᠦᠯᠵᠦ᠂ ᠵᠢᠭᠤᠯᠴᠢᠯᠠᠭᠰᠠᠳ ᠲᠤ᠌ ᠶᠡᠷᠦ ᠪᠤᠰᠤ ᠶ᠋ᠢᠨ ᠵᠢᠭᠤᠯᠴᠢᠯᠠᠯ ᠤ᠋ᠨ ᠳᠦᠷᠦᠭᠳᠡᠯ ᠠᠪᠴᠢᠷᠠᠭᠰᠠᠨ ᠪᠠᠢᠨ᠎ᠠ᠃ ᠲᠤᠰ ᠲᠣᠭᠣᠷᠢᠭ᠋ 《ᠠᠵᠢᠯᠯᠠᠭ᠎ᠠ ᠪᠠᠷ ᠵᠢᠭᠤᠯᠴᠢᠯᠠᠭᠰᠠᠳ ᠢ᠋ ᠳᠠᠳᠠᠬᠤ᠂ ᠦᠢᠯᠡᠴᠢᠯᠡᠭᠡ ᠪᠡᠷ ᠵᠢᠭᠤᠯᠴᠢᠯᠠᠭᠰᠠᠳ ᠢ᠋ ᠦᠯᠡᠳᠡᠭᠡᠬᠦ》 ᠶ᠋ᠢ ᠢᠮᠠᠭᠳᠠ ᠪᠠᠷᠢᠮᠲᠠᠯᠠᠵᠤ᠂ 2025 ᠤᠨ ᠳ᠋ᠤ ᠪᠦᠬᠦ ᠤᠯᠤᠰ ᠤ᠋ᠨ ᠫᠢᠩᠫᠠᠩ ᠪᠥᠮᠪᠥᠭᠡ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠯᠤᠤᠲᠤ ᠣᠩᠭᠣᠴᠠ ᠵᠢᠨ ᠤᠷᠢᠯᠭ᠎ᠠ ᠵᠢᠨ ᠤᠷᠤᠯᠳᠤᠭᠠᠨ ᠵᠡᠷᠭᠡ ᠲᠣᠮᠣ᠌ ᠬᠡᠯᠪᠡᠷᠢ ᠵᠢᠨ ᠠᠵᠢᠯᠯᠠᠭ᠎ᠠ ᠵᠢ 300 ᠭᠠᠷᠤᠢ ᠤᠳᠠᠭ᠎ᠠ ᠦᠷᠨᠢᠬᠦᠯᠵᠡᠢ᠃ 《8·1》 ᠤ᠋ ᠬᠤᠸᠠᠷ ᠫᠤᠤᠵᠢᠩ ᠤ᠋ᠨ ᠦᠵᠡᠬᠦᠯᠭᠡ ᠶ᠋ᠢᠨ ᠨᠢᠭᠡ ᠡᠳᠦᠷ ᠤ᠋ᠨ ᠵᠢᠭᠤᠯᠴᠢᠯᠠᠭᠴᠢ ᠵᠢᠨ ᠲᠣᠭ᠎ᠠ 37 ᠲᠦᠮᠡᠨ ᠬᠥᠮᠥᠨ ᠤᠳᠠᠭ᠎ᠠ ᠳ᠋ᠤ ᠬᠦᠷᠴᠦ᠂ ᠴᠤᠤᠷᠢᠶ᠎ᠠ ᠳᠠᠪᠴᠠᠩ ᠶ᠋ᠢᠡᠷ ᠬᠦᠯᠢᠶᠡᠨ ᠦᠵᠡᠭᠰᠡᠨ ᠬᠦᠮᠦᠨ ᠤ᠋ ᠳᠤᠭ᠎ᠠ 1.6 ᠳ᠋ᠦᠩᠰᠢᠭᠤᠷ ᠲᠤ᠌ ᠬᠦᠷᠴᠡᠢ᠃

ᠣᠳᠣᠬᠠᠨ ᠳ᠋ᠤ ᠬᠢᠶ᠎ᠠ ᠪᠠᠭ᠍ᠰᠢ ᠲᠣᠭᠣᠷᠢᠭ᠋ 《ᠰᠣᠶᠣᠯ ᠵᠢᠭᠤᠯᠴᠢᠯᠠᠯ + ᠬᠤᠷᠠᠯ ᠦᠵᠡᠰᠬᠦᠯᠡᠩ + ᠪᠡᠶ᠎ᠡ ᠵᠢᠨ ᠲᠠᠮᠢᠷ》 ᠢ᠋ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ᠋ ᠪᠦᠷᠢᠯᠳᠦᠭᠦᠯᠵᠦ᠂ ᠤᠯᠠᠨ ᠲᠦᠷᠦᠯ ᠤ᠋ᠨ ᠰᠣᠶᠣᠯ ᠵᠢᠭᠤᠯᠴᠢᠯᠠᠯ ᠤ᠋ᠨ ᠢᠷᠠᠭᠤ ᠠᠯᠳᠠᠷ᠎ᠢ ᠬᠦᠷᠳᠡᠨ᠂ ᠰᠤᠶᠤᠯ  ᠵᠢᠭᠤᠯᠴᠢᠯᠠᠯ  ᠤ᠋ᠨ ᠨᠦᠯᠦᠭᠡᠯᠡᠬᠦ  ᠬᠦᠴᠦᠨ ᠶ᠋ᠢᠡᠨ ᠤᠯᠠᠮ ᠴᠢᠩᠭᠠᠳᠬᠠᠵᠤ  ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号