2 ᠰᠠᠷ᠎ᠠ᠎ᠶ᠋ᠢᠨ 4 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ
ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ
ᠭᠠᠩ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ
ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠪᠤᠭᠤᠲᠤ ᠬᠤᠳᠠ᠎ᠶ᠋ᠢᠨ
ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

2 ᠰᠠᠷ᠎ᠠ᠎ᠶ᠋ᠢᠨ 4 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠲᠡᠭᠦᠨ᠎ᠦ ᠪᠠᠢᠭ᠎ᠠ ᠪᠤᠭᠤᠲᠤ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃
ᠲᠤᠰ ᠰᠤᠨᠢᠨ᠎ᠤ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
ᠴᠧᠨ ᡁᠢ ᠴᠠᠩ᠂ ᠳ᠋ᠢᠩ
ᠱᠢᠤ ᠹᠸᠩ᠂ ᠮᠸᠩ ᠴᠢᠩ ᠸᠧᠢ᠂ ᠱᠢᠤᠢ ᠱᠢᠩ᠂ ᠸᠠᠩ ᠵᠠᠨ ᠱᠠᠨ᠂ ᠬᠣ᠌ ᠵᠢᠨ᠂ ᠱ᠌ᠢ ᠵᠦᠩ ᠴᠢᠨ᠂ ᠢᠦᠢ ᠵᠠᠨ
ᠵᠢᠶᠠᠩ ᠵᠡᠷᠭᠡ ᠲᠥᠯᠥᠭᠡᠯᠡᠭ᠌ᠴᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠣᠭᠣᠷᠢᠨ᠎ᠳᠤ᠂ ᠲᠤᠰ
ᠲᠤᠰ᠎ᠤᠨ ᠠᠵᠢᠯ᠎ᠤᠨ ᠵᠢᠡᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠲᠦᠷᠦᠭ᠌ᠳᠡᠯ᠎ᠢᠶᠡᠨ ᠶᠠᠷᠢᠵᠤ᠂
ᠰᠠᠨᠠᠭᠤᠯᠭ᠎ᠠ ᠳᠤᠷᠠᠳᠪᠠ᠃ ᠪᠦᠦ ᠭᠠᠩ ᠲᠥᠯᠥᠭᠡᠯᠡᠭ᠌ᠴᠢᠳ᠎ᠦᠨ ᠬᠡᠯᠡᠬᠦ᠌᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ
ᠪᠥᠭᠡᠳ ᠤᠯᠠᠨ᠎ᠲᠠᠶ ᠶᠠᠷᠢᠯᠴᠠᠨ ᠰᠠᠨᠠᠯ ᠵᠢᠡᠨ ᠰᠣᠯᠢᠯᠴᠠᠪᠠ᠃
ᠪᠦᠦ ᠭᠠᠩ᠂ 《ᠠᠷᠪᠠᠨ
ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠦᠪᠡᠷᠳᠡᠬᠡᠨ
ᠵᠠᠰᠠᠬᠤ ᠤᠷᠤᠨ ᠶᠡᠷᠦᠩᠬᠡᠢ ᠱᠦᠵᠢ ᠰᠢ ᠵᠢᠨ ᠫᠢᠩ᠎ᠤᠨ ᠦᠪᠦᠷ ᠮᠤᠩᠭᠤᠯ᠎ᠤᠨ ᠲᠤᠬᠠᠢ ᠰᠢᠷᠢᠰ ᠴᠢᠬᠤᠯᠠ
ᠶᠠᠷᠢᠶ᠎ᠠ ᠴᠢᠬᠤᠯᠠ ᠵᠢᠭᠠᠪᠤᠷᠢ ᠵᠢᠨ ᠵᠤᠷᠢᠭ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂
ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ ᠵᠢᠨ ᠤᠬᠠᠮᠰᠠᠷ᠎ᠢ ᠪᠠᠳᠤ ᠴᠤᠬᠴᠠᠯᠠᠬᠤ ᠪᠡᠷ ᠭᠤᠤᠯ
ᠰᠢᠵᠢᠮ ᠪᠤᠯᠭᠠᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠬᠡ ᠪᠡᠬᠢᠯᠡᠯᠳᠡ》 ᠵᠢᠨ ᠪᠡᠢᠯᠳᠤᠬᠤ ᠪᠤᠳᠤᠯᠭ᠎ᠠ ᠵᠢᠨ ᠪᠠᠢᠷᠢ ᠲᠤᠬᠳᠠᠭᠠᠯᠳᠠ ᠪᠠ ᠡᠬᠦᠷᠬᠡ
ᠬᠠᠷᠢᠭᠤᠴᠠᠯᠭ᠎ᠠ ᠵᠢ ᠪᠦᠬᠦ ᠲᠠᠯ᠎ᠠ ᠪᠡᠷ ᠨᠠᠢᠳᠠᠪᠤᠷᠢᠵᠢᠭᠤᠯᠵᠤ᠂ ᠡᠯ᠎ᠡ ᠵᠦᠢᠯ᠎ᠤᠨ ᠠᠵᠢᠯ ᠦᠢᠯᠡᠰ᠎ᠤᠨ
ᠬᠦᠭᠵᠢᠯᠳᠠ ᠰᠢᠨ᠎ᠡ ᠲᠡᠭᠳᠡᠷ ᠲᠤ᠌ ᠭᠠᠷᠴᠠᠢ᠃ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ ᠦᠩᠬᠡᠷᠡᠭᠰᠡᠨ ᠲᠠᠪᠤᠨ ᠵᠢᠯᠳ᠋ᠡᠬᠢ
ᠮᠠᠨ᠎ᠤ ᠤᠷᠤᠨ᠎ᠤ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠱᠢᠰᠲ᠋ᠧᠮ᠎ᠲᠡᠶ ᠳ᠋ᠦᠩᠨᠡᠪᠡ᠂ ᠡᠲᠡᠭᠡᠷ
ᠠᠮᠵᠢᠯᠲᠠ᠎ᠶ᠋ᠢ ᠤᠯᠵᠤ ᠴᠢᠳᠠᠭᠰᠠᠨ᠎ᠤ ᠦᠨᠳᠦᠰᠦ᠎ᠨᠢ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ
ᠨᠠᠮ᠎ᠤᠨ ᠲᠥᠪ ᠬᠣᠷᠢᠶ᠎ᠠ ᠵᠢᠨ ᠠᠶᠠᠯᠠᠯ᠎ᠢ ᠵᠢᠯᠤᠭᠤᠳᠤᠨ ᠵᠠᠯᠠᠭᠤᠷ᠎ᠢ ᠡᠵᠡᠮᠳᠡᠭᠰᠡᠨ᠎ᠳᠤ ᠪᠠᠢᠨ᠎ᠠ᠂ ᠰᠢ
ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ
ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ᠎ᠳᠤ ᠪᠠᠢᠨ᠎ᠠ᠃ ᠢᠯᠡᠳᠭᠡᠯ᠎ᠳᠦ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠠᠵᠤ
ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠲᠣᠳᠣᠷᠬᠠᠢᠯᠠᠵᠠᠢ᠂ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠢ ᠪᠦᠬᠦ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ
ᠭᠤᠤᠯᠳᠠᠯᠭ᠎ᠠ ᠲᠠᠢ ᠪᠠᠢᠷᠢᠯᠠᠭᠤᠯᠤᠯᠲᠠ ᠬᠢᠪᠡ᠃ ᠪᠤᠭᠤᠲᠤ ᠬᠤᠲᠠ ᠠᠵᠤ ᠠᠬᠤᠢ᠎ᠶ᠋ᠢᠨ ᠶᠡᠬᠡ ᠬᠤᠳᠠ
ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ ᠵᠢ
ᠲᠤᠯᠭᠠᠭᠤᠷᠢᠯᠠᠬᠤ ᠲᠤᠮᠳᠠ ᠴᠢᠬᠤᠯᠠ ᠪᠠᠢᠷᠢ ᠰᠠᠭᠤᠷᠢ᠎ᠲᠠᠶ ᠶᠤᠮ᠂ ᠴᠢᠨᠠᠷ ᠰᠠᠢᠲᠠᠢ ᠬᠥᠭ᠌ᠵᠢᠯᠲᠡ᠎ᠶ᠋ᠢᠨ
ᠬᠠᠷᠠᠯᠲᠠ᠎ᠶ᠋ᠢ ᠪᠠᠲᠤ ᠡᠵᠡᠮᠳᠡᠵᠦ᠂ ᠬᠠᠭᠤᠴᠢᠨ ᠠᠵᠤ ᠦᠢᠯᠡᠳᠪᠦᠷᠢ᠎ᠶ᠋ᠢᠨ ᠰᠠᠭᠤᠷᠢᠨ᠎ᠤ ᠪᠣᠬᠢᠷᠲᠤᠯ
ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ
ᠰᠠᠢ᠌ᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃ ᠠᠵᠤ ᠠᠬᠤᠢ᠎ᠶ᠋ᠢᠨ
ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠲᠠᠯ᠎ᠠ᠎ᠪᠠᠷ ᠭᠤᠤᠯ ᠡᠭᠦᠷᠭᠡ ᠵᠢ ᠡᠭᠦᠷᠭᠡᠯᠡᠬᠦ᠌ ᠬᠡᠷᠡᠭ᠌ᠲᠡᠢ᠃
ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠲᠣᠨᠣᠭᠯᠠᠯ ᠦᠶ᠋ᠯᠡᠳᠬᠦ᠌᠂ ᠬᠣᠪᠣᠷ ᠱᠢᠷᠣᠶ ᠵᠡᠷᠭᠡ ᠬᠦᠷᠢᠶ᠎ᠡ
ᠴᠠᠷᠠᠭ᠎ᠠ᠎ᠳᠤ ᠨᠢᠭᠡ ᠪᠦᠯᠦᠭ ᠴᠢᠬᠤᠯᠠ ᠶᠡᠬᠡ ᠲᠥᠷᠥᠯ ᠵᠦᠶ᠋ᠯ᠎ᠢ ᠤᠬᠠᠭᠠᠯᠠᠨ ᠲᠦᠯᠦᠪᠯᠡᠵᠦ᠍᠂ ᠪᠦᠲᠦᠮᠵᠢᠲᠡᠶ
ᠪᠠᠯᠠ ᠣᠷᠣᠭᠤᠯᠤᠯᠲᠠ᠎ᠶ᠋ᠢ ᠦᠨᠡᠨ ᠬᠦ᠌ ᠥᠷᠭᠡᠳᠭᠡᠬᠦ ᠬᠡᠷᠡᠭᠲᠡᠢ;《ᠬᠣᠶᠠᠷ
ᠰᠢᠨᠡᠳᠬᠡᠬᠦ》 ᠲᠤᠬᠠᠢ ᠲᠥᠷᠥ᠎ᠶ᠋ᠢᠨ ᠪᠣᠳᠣᠯᠭ᠎ᠠ᠎ᠶ᠋ᠢ ᠭᠦᠶ᠋ᠴᠡᠳ
ᠰᠠᠢᠲᠤᠷ ᠬᠡᠷᠡᠭ᠌ᠯᠡᠵᠦ᠍᠂ ᠬᠦᠸᠸᠯᠦ᠂ ᠴᠠᠬᠢᠯᠭᠠᠨ ᠮᠠᠱᠢᠨ ᠵᠡᠷᠭᠡ ᠠᠵᠤ ᠦᠶ᠋ᠯᠡᠳᠪᠦᠷᠢ᠎ᠶ᠋ᠢᠨ ᠲᠤᠨᠤᠭ
ᠲᠥᠬᠥᠭᠡᠷᠦᠮᠵᠢ᠎ᠶ᠋ᠢ ᠱᠢᠨᠡᠳᠬᠡᠬᠦ᠎ᠶ᠋ᠢ ᠠᠬᠢᠭᠤᠯᠵᠤ᠂ ᠮᠠᠱᠢᠨ ᠲᠡᠷᠭᠡ᠂ ᠭᠡᠷ᠎ᠦᠨ ᠴᠠᠬᠢᠯᠭᠠᠨ ᠬᠡᠷᠡᠭ᠌ᠰᠡᠯ
ᠵᠡᠷᠭᠡ ᠬᠡᠷᠡᠭ᠌ᠯᠡᠭᠡᠨ᠎ᠦ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠦᠷᠭᠦᠯᠵᠢᠯᠡᠨ ᠥᠷᠨᠢᠭᠦᠯᠵᠦ᠍᠂
ᠬᠡᠷᠡᠭ᠌ᠯᠡᠭᠡ ᠵᠢᠨ ᠠᠵᠤ ᠠᠬᠤᠶ᠎ᠳᠤ ᠦᠵᠡᠭᠦᠯᠬᠦ᠌ ᠳᠠᠢᠴᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ
ᠬᠡᠷᠡᠭ᠌ᠲᠡᠶ; ᠮᠠᠨᠳᠤᠯ ᠬᠢᠯᠢ ᠵᠢᠨ ᠪᠣᠭᠣᠮᠲᠠ᠎ᠶ᠋ᠢᠨ ᠦᠢᠯᠡᠳᠦᠯ
ᠴᠢᠳᠠᠪᠬᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠤᠳᠤᠬᠰᠢᠬᠰᠠᠨ ᠡᠳ᠋ᠱᠢᠭᠦᠯᠦᠨ ᠪᠤᠯᠪᠠᠰᠤᠷᠠᠭᠤᠯᠬᠤ ᠠᠵᠤ ᠦᠶ᠋ᠯᠡᠰ᠎ᠢ ᠬᠥᠭ᠌ᠵᠢᠭᠦᠯᠦᠨ᠂
ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠬᠤ ᠬᠡᠷᠡᠭᠲᠡᠢ᠃ ᠠᠵᠤ ᠦᠶ᠋ᠯᠡᠰ᠎ᠦᠨ
ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠲᠠᠯ᠎ᠠ᠎ᠪᠠᠷ ᠵᠢᠱ᠌ᠢᠶ᠎ᠡ ᠦᠵᠡᠭᠦᠯᠬᠦ᠌ ᠬᠡᠷᠡᠭ᠌ᠲᠡᠶ᠃ 《ᠬᠣᠪᠣᠷ ᠱᠢᠷᠣᠶ᠎ᠶ᠋ᠢᠨ ᠬᠣᠶᠠᠷ ᠰᠠᠭᠤᠷᠢᠨ》 ᠢ᠋
ᠰᠠᠢᠲᠤᠷ ᠪᠦᠲᠦᠬᠡᠨ ᠪᠠᠢᠭᠤᠯᠵᠤ᠂
ᠬᠥᠩᠭᠡᠨ ᠳᠤᠮᠳᠠ ᠬᠦᠨᠳᠦ ᠬᠣᠪᠣᠷ ᠱᠢᠷᠣᠶ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ ᠵᠢ ᠪᠠᠢᠭᠤᠯᠬᠤ ᠠᠵᠢᠯ᠎ᠢ
ᠰᠠᠢᠲᠤᠷ ᠬᠢᠬᠦ ᠬᠡᠷᠡᠭᠲᠡᠢ; ᠲᠡᠷᠢᠭᠦᠨ᠎ᠦ ᠮᠠᠲ᠋ᠧᠷᠢᠶᠠᠯ᠎ᠤᠨ ᠠᠵᠤ
ᠦᠶ᠋ᠯᠡᠰ᠎ᠢ ᠪᠤᠵᠠᠭᠠᠢᠷᠠᠭᠤᠯᠤᠨ᠂ ᠥᠩᠭᠡᠲᠦ ᠲᠡᠮᠦᠷᠯᠢᠭ᠎ᠢ ᠨᠠᠷᠢᠯᠢᠭ ᠡᠳ᠋ᠱᠢᠭᠦᠯᠬᠦ᠌ ᠲᠦᠪᠰᠢᠨ᠎ᠢ
ᠳᠡᠭᠡᠭ᠌ᠰᠢᠯᠡᠭᠦᠯᠵᠦ᠍᠂ ᠳᠡᠭᠡᠳᠦ ᠲᠠᠰ᠎ᠤᠨ ᠲᠣᠨᠣᠭᠯᠠᠯ ᠦᠶ᠋ᠯᠡᠳᠬᠦ᠌ ᠠᠵᠤ ᠦᠶ᠋ᠯᠡᠰ᠎ᠢ
ᠬᠦᠴᠦᠷᠬᠡᠭ᠌ᠵᠢᠭᠦᠯᠦᠨ᠂ ᠠᠵᠤ ᠦᠶ᠋ᠯᠡᠰ᠎ᠦᠨ ᠭᠤᠤᠯᠯᠠᠬᠤ ᠥᠷᠢᠰᠥᠯᠳᠦᠬᠦ᠌ ᠬᠦᠴᠦᠨ᠎ᠢ ᠲᠠᠰᠤᠷᠠᠯᠲᠠ ᠤᠢ᠍ᠭᠡᠢ
ᠳᠡᠭᠡᠭ᠌ᠰᠢᠯᠡᠭᠦᠯᠬᠦ ᠬᠡᠷᠡᠭᠲᠡᠢ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ
ᠡᠭᠦᠳᠬᠦ᠌᠎ᠪᠡᠷ ᠬᠥᠳᠡᠯᠭᠡᠭᠦᠷ ᠪᠣᠯᠭᠠᠬᠤ ᠲᠠᠯ᠎ᠠ᠎ᠪᠠᠷ ᠬᠣᠱᠢᠭᠤᠴᠢ ᠪᠣᠯᠬᠤ ᠬᠡᠷᠡᠭ᠌ᠲᠡᠢ᠃ ᠱᠢᠨᠵᠢᠯᠡᠬᠦ᠌
ᠤᠬᠠᠭᠠᠨ᠎ᠤ ᠰᠤᠳᠤᠯᠭᠠᠨ᠎ᠤ ᠵᠠᠷᠤᠳᠠᠯ ᠤ᠋ᠨ ᠣᠷᠣᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ
ᠴᠢᠩᠭᠠᠷᠠᠭᠤᠯᠵᠤ᠂ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠱᠢᠨᠵᠢᠯᠡᠬᠦ᠌ ᠤᠬᠠᠭᠠᠨ ᠲᠧᠭᠨᠢᠭ
ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠤᠮᠳᠠ ᠭᠤᠤᠯ ᠴᠣᠭ᠍ᠴᠠ᠎ᠶ᠋ᠢᠨ ᠦᠶ᠋ᠯᠡᠳᠦᠯ᠎ᠢ ᠪᠠᠳᠠᠷᠠᠭᠤᠯᠤᠨ᠂
ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠩᠭᠢᠯᠠᠭ᠎ᠠ᠎ᠶ᠋ᠢᠨ
ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠥᠷᠨᠢᠭᠦᠯᠦᠨ᠂ ᠲᠤᠬᠠᠶ᠎ᠶ᠋ᠢᠨ ᠭᠠᠵᠠᠷ ᠣᠷᠣᠨ᠎ᠤ
ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ
ᠬᠥᠭ᠌ᠵᠢᠭᠦᠯᠬᠦ ᠬᠡᠷᠡᠭᠲᠡᠢ᠃ ᠬᠥᠭ᠌ᠵᠢᠯᠲᠡ ᠪᠠ ᠠᠮᠤᠷ ᠲᠦᠪᠱᠢᠨ᠎ᠢ ᠰᠠᠢᠲᠤᠷ ᠨᠢᠭᠡᠳᠦᠯᠲᠡᠶ
ᠲᠥᠯᠥᠪᠵᠢᠭᠦᠯᠵᠦ᠍᠂ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭᠯᠡᠯ᠎ᠤᠨ ᠪᠤᠯᠤᠳ ᠬᠠᠪᠲᠠᠰᠤᠨ
ᠮᠠᠲ᠋ᠧᠷᠢᠶᠠᠯ᠎ᠤᠨ ᠦᠶ᠋ᠯᠡᠳᠪᠦᠷᠢ᠎ᠶ᠋ᠢᠨ ᠳᠡᠯᠪᠡᠷᠡᠯᠲᠡ᠎ᠶ᠋ᠢᠨ ᠡᠨᠳᠡᠯ᠎ᠡᠴᠡ ᠭᠦᠨᠵᠡᠭᠡᠶ ᠰᠤᠷᠭᠠᠮᠵᠢ
ᠠᠪᠴᠤ᠌᠂ ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ ᠳ᠋ᠡᠬᠢ ᠠᠶᠤᠯ ᠲᠦᠭ᠌ᠰᠢᠭᠦᠷᠢ ᠵᠢᠨ ᠬᠡᠮ
ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠭᠦᠨᠵᠡᠭᠡᠶ ᠥᠷᠨᠢᠭᠦᠯᠵᠦ᠍᠂ ᠡᠳ᠋᠎ᠦᠨ
ᠵᠠᠰᠠᠭ ᠮᠥᠩᠭᠥᠨ ᠭᠦᠶ᠋ᠯᠭᠡᠭᠡᠨ ᠵᠡᠷᠭᠡ ᠡᠯ᠎ᠡ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠨᠢᠭᠡᠳᠦᠯᠲᠡᠶ
ᠲᠥᠯᠥᠪᠵᠢᠭᠦᠯᠦᠨ ᠠᠷᠢᠯᠭᠠᠵᠤ᠂ ᠱᠢᠰᠲ᠋ᠧᠮ᠎ᠦᠨ ᠴᠢᠨᠠᠷᠲᠠᠶ ᠠᠶᠤᠯ ᠲᠦᠭ᠌ᠰᠢᠭᠦᠷᠢ ᠡᠭᠦᠰᠭᠦ ᠥᠬᠡᠶ ᠪᠠᠢᠬᠤ
ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ ᠭᠡᠪᠡ᠃