ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠬᠢᠯᠡᠪᠡ
2026-02-05 09:32:27
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠸᠠᠩ ᠸᠸᠢ ᠵᠦᠩ ᠬᠤᠷᠠᠯ ᠢ᠋ ᠡᠷᠬᠢᠯᠡᠵᠤ  ᠪᠤᠤ ᠭᠠᠩ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ ᠬᠢᠵᠠᠢ


2 ᠰᠠᠷ᠎ᠠ᠎ᠶ᠋ᠢᠨ 4᠎ᠤ᠋ ᠦᠳᠡ᠎ᠶ᠋ᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠬᠥᠬᠡᠬᠣᠲᠠ᠎ᠳᠤ ᠡᠬᠢᠯᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠸᠠᠩ ᠸᠧᠢ ᠵᠦᠩ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠠᠩ ᠱᠤᠤ ᠴᠦᠨ᠂ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠯᠢ ᠢᠦᠢ ᠭᠠᠩ᠂ ᠢᠦᠢ ᠯᠢ ᠱᠢᠨ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠵᠠᠢ᠃


QQ截图20251217111712.png


2 ᠰᠠᠷ᠎ᠠ᠎ᠶ᠋ᠢᠨ 4᠎ᠤ᠋ ᠦᠳᠡ᠎ᠶ᠋ᠢᠨ ᠡᠮᠦᠨ᠎ᠡ᠂ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠸᠠᠩ ᠸᠧᠢ ᠵᠦᠩ ᠬᠤᠷᠠᠯ᠎ᠢ ᠡᠷᠬᠢᠯᠡᠪᠡ᠃

ᠰᠤᠷᠪᠤᠯᠵᠢᠯᠠᠬᠴᠢ  ᠮᠠ ᠵᠢᠶᠠᠨ ᠪᠢᠩ  ᠰᠡᠬᠦᠳᠡᠷᠯᠡᠪᠡ


QQ截图20250224163902.png


2 ᠰᠠᠷ᠎ᠠ᠎ᠶ᠋ᠢᠨ 4 ᠎ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠶᠡᠬᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠠ᠃

ᠰᠤᠷᠪᠤᠯᠵᠢᠯᠠᠬᠴᠢ  ᠬᠠᠨ ᠴᠢᠩ ᠯᠢ  ᠰᠡᠬᠦᠳᠡᠷᠯᠡᠪᠡ


QQ截图20260126170102.png


2 ᠰᠠᠷ᠎ᠠ᠎ᠶ᠋ᠢᠨ 4᠎ᠤ᠋ ᠦᠳᠡ᠎ᠶ᠋ᠢᠨ ᠡᠮᠦᠨᠡᠬᠢ 9 ᠴᠠᠬ ᠲᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠬᠥᠬᠡᠬᠣᠲᠠ᠎ᠳᠤ ᠡᠬᠢᠯᠡᠪᠡ᠃

ᠰᠤᠷᠪᠤᠯᠵᠢᠯᠠᠬᠴᠢ  ᠸᠠᠩ ᠯᠸᠢ  ᠰᠡᠬᠦᠳᠡᠷᠯᠡᠪᠡ


ᠪᠦᠦ ᠭᠠᠩ᠂ ᠵᠠᠩ ᠶᠠᠨ ᠺᠦᠨ᠂ ᠱ᠌ᠢ ᠭᠤᠸᠠᠩ ᠬᠤᠢ᠂ ᠯᠢᠦ ᠱᠤᠸᠠᠩ᠂ ᠬᠤᠸᠠᠩ ᡁᠢ ᠴᠢᠶᠠᠩ᠂ ᠬᠦᠤᠳᠠᠭᠤᠯᠠ᠂ ᠪᠦᠦ ᠱᠢᠶᠠᠨ ᠬᠤᠸᠠ᠂ ᠢᠦᠢ ᠬᠤᠢ ᠸᠸᠨ᠂ ᠴᠧᠨ ᡁᠢ ᠴᠠᠩ᠂ ᠯᠢ ᠳ᠋ᠦᠩ ᠱᠢᠤᠢ᠂ ᠯᠢᠦ ᠴᠦᠨ ᠵᠢᠶᠠᠩ᠂ ᠴᠢ᠊ ᠪᠠᠳᠤ᠂ ᠵᠧᠩ ᠭᠤᠸᠠᠩ ᠵᠤᠤ᠂ ᠶᠤᠤ ᠶᠦᠩ ᠪᠥᠸᠧ᠂ ᠲᠠᠢᠴᠢᠨ᠂ ᠰᠦᠨ ᠵᠢᠶᠦ᠋ᠨ ᠴᠢᠩ᠂ ᠲᠠᠩ ᠢ᠂ ᠯᠦᠸᠧ ᡁᠢ ᠬ᠍ᠣ᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠢ ᠴᠧᠩ᠂ ᠶᠠᠩ ᠵᠢᠶᠸ᠂ ᠶᠠᠩ ᠭᠦᠸᠧ ᠠᠨ᠂ ᠶᠠᠩ ᠽᠦᠩ ᠷᠧᠨ᠂ ᠯᠢ ᠶᠦᠩ ᠵᠢᠶᠦ᠋ᠨ᠂ ᠭᠦᠸᠧ ᠵᠢᠶᠦ᠋ᠨ᠂ ᠵᠠᠩ ᠵᠢᠶᠦ᠋ᠨ᠂ ᠴᠧᠨ ᠯᠦ᠍ ᠱᠧᠩ᠎ᠨᠡᠷ ᠲᠡᠷᠢᠭᠦᠯᠡᠭ᠌ᠴᠢᠳ ᠤ᠋ᠨ ᠲᠠᠢᠰᠠᠨ ᠳ᠋ᠤ ᠰᠠᠭᠠᠳᠠᠪᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠣᠲᠣ 530 ᠬᠥᠮᠦᠨ ᠪᠣᠶ᠂ ᠲᠤᠰ ᠤᠳᠠᠭ᠎ᠠ ᠵᠢᠨ ᠪᠦᠬᠦᠳᠠ ᠬᠤᠷᠠᠯ ᠳ᠋ᠤ 508 ᠲᠦᠯᠦᠭᠡᠯᠡᠭᠴᠢ᠎ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠦᠳᠡ᠎ᠶ᠋ᠢᠨ ᠡᠮᠦᠨᠡᠬᠢ 9 ᠴᠠᠭ᠎ᠲᠤ᠂ ᠸᠠᠩ ᠸᠧᠶ ᠵᠥᠩ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠬᠢᠯᠡᠯ᠎ᠠ ᠭᠡᠵᠤ ᠲᠤᠨᠭᠬᠠᠬᠯᠠᠪᠠ᠃ ᠪᠦᠭᠦᠳᠡᠭᠡᠷ᠎ᠢᠶᠡᠨ ᠪᠣᠰᠴᠤ᠌ ᠵᠣᠭ᠍ᠰᠣᠨ ᠤᠯᠤᠰ᠎ᠤᠨ ᠰᠦᠯᠳᠡ ᠳᠠᠭᠤᠤ᠎ᠶ᠋ᠢ ᠳᠠᠭᠤᠯᠠᠵᠠᠭᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠶᠡᠬᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠠ᠃

ᠪᠦᠦ ᠭᠠᠩ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠪᠦᠬᠦ ᠲᠠᠯ᠎ᠠ ᠪᠡᠷ ᠨᠠᠢᠳᠠᠪᠤᠷᠢᠵᠢᠭᠤᠯᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠤᠯᠭᠠᠭᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠡᠷᠡᠰ ᠭᠤᠢᠪᠢᠰᠢ ᠦᠭᠡᠢ ᠵᠠᠮᠨᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠨᠠᠷᠢᠨ ᠬᠢᠨᠠᠮᠠᠭᠠᠶ ᠬᠠᠮᠠᠭᠠᠯᠠᠵᠤ᠂ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠶᠡᠬᠡ ᠪᠡᠷ ᠳᠡᠭᠡᠭ᠌ᠰᠢᠯᠠᠵᠤ᠂ ᠤᠯᠤᠰ᠎ᠤᠨ ᠶᠡᠬᠡ ᠲᠠᠯ᠎ᠠ᠎ᠳᠤ ᠦᠶ᠋ᠯᠡᠴᠢᠯᠡᠬᠦ᠌ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ ᠴᠢᠨᠠᠷ ᠰᠠᠢᠲᠠᠢ ᠬᠥᠭ᠌ᠵᠢᠯᠲᠡ ᠯᠠᠪᠳᠠᠭᠤᠨ᠎ᠢᠶᠠᠷ ᠠᠬᠢᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠤᠯᠠᠮ ᠨᠢᠭᠡ ᠠᠯᠬᠤᠮ ᠪᠡᠬᠢᠵᠢᠭᠦᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠲᠠᠰᠤᠷᠠᠯᠲᠠ ᠥᠬᠡᠶ ᠨᠡᠮᠡᠭ᠌ᠳᠡᠵᠤ᠂ ᠦᠨᠳᠦᠰᠦᠲᠡᠨ᠎ᠦ ᠪᠦᠯᠬᠦᠮᠳᠡᠯ᠎ᠦᠨ ᠪᠠᠢᠳᠠᠯ ᠦᠷᠭᠦᠯᠵᠢᠯᠡᠨ ᠪᠡᠬᠢᠵᠢᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ ᠱᠢᠨ᠎ᠡ ᠳᠡᠭ᠌ᠲᠡᠷ᠎ᠲᠦ ᠭᠠᠷᠪᠠ᠃ 2025 ᠣᠨ᠎ᠳᠤ᠂ ᠥᠪᠥᠷ ᠮᠣᠩᠭᠣᠯ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠨᠠᠢᠳᠠᠪᠤᠷᠢᠵᠢᠭᠤᠯᠵᠤ᠂ ᠠᠵᠤ ᠠᠬᠤᠶ᠎ᠶ᠋ᠢᠨ ᠲᠣᠭ᠍ᠲᠠᠭᠤᠨ ᠡᠷᠭᠢᠯᠲᠡ᠎ᠶ᠋ᠢ ᠪᠠᠲᠤᠯᠠᠵᠤ᠂ ᠠᠵᠤ ᠦᠶ᠋ᠯᠡᠰ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠍᠂ ᠠᠮᠢ ᠠᠬᠤᠶ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠶ᠋ᠢ ᠰᠠᠢᠲᠤᠷ ᠠᠳᠭᠤᠵᠤ᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠶ᠋ᠯ᠎ᠦᠨ ᠠᠵᠢᠯ ᠱᠢᠨ᠎ᠡ ᠦᠷ᠎ᠡ ᠪᠦᠲᠦᠮᠵᠢ ᠤᠯᠪᠠ᠃ ᠡᠳᠡᠭᠡᠷ ᠠᠮᠵᠢᠯᠲᠠ ᠪᠦᠲᠦᠮᠵᠢ᠎ᠶ᠋ᠢ ᠣᠯᠤᠭ᠍ᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ ᠳ᠋ᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠵᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳ᠋ᠤ ᠪᠤᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠲᠤ ᠴᠢᠩᠭ᠎ᠠ ᠤᠳᠤᠷᠢᠳᠤᠯᠭ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠬᠦᠴᠦᠲᠡᠢ ᠳᠡᠮᠵᠢᠯᠭᠡ ᠦᠵᠡᠭᠦᠯᠦᠭ᠌ᠰᠡᠨ ᠳ᠋ᠤ ᠪᠤᠢ ᠭᠡᠪᠡ᠃

ᠪᠦᠦ ᠭᠠᠩ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠵᠦ᠂ ᠱᠢᠨ᠎ᠡ ᠵᠠᠮ ᠢ᠋ ᠲᠦᠷᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠰᠠᠨᠠᠭᠤᠯᠭ᠎ᠠ》 ᠶ᠋ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ (ᠲᠥᠰᠦᠯ)》 ᠶ᠋ᠢ ᠨᠠᠢᠷᠠᠭᠤᠯᠤᠨ ᠵᠣᠬᠢᠶᠠᠵᠤ᠂ 《ᠬᠣᠶᠠᠷ᠎ᠢ ᠲᠤᠭᠳᠠᠭᠤᠨ ᠪᠠᠢᠯᠭᠠᠬᠤ》᠂ 《ᠬᠣᠶᠠᠷ ᠲᠠᠯ᠎ᠠ ᠪᠡᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ》 ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠ ᠱᠢᠨ᠎ᠡ ᠠᠵᠠ ᠲᠣᠬᠢᠶᠠᠯ᠎ᠢ ᠠᠮᠵᠢᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠴᠢᠷᠮᠠᠢᠬᠤ ᠭᠡᠷᠡᠭᠳᠠᠢ ᠭᠡᠪᠡ᠃

ᠪᠦᠦ ᠭᠠᠩ᠂ ᠡᠨᠡ ᠵᠢᠯ᠎ᠦᠨ ᠠᠵᠢᠯ᠎ᠢ ᠰᠠᠢᠲᠤᠷ ᠬᠢᠬᠦ ᠳ᠋ᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ ᠵᠢᠴᠢ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ᠎ᠶ᠋ᠢᠨ ᠬᠥᠭ᠌ᠵᠢᠯᠲᠡ ᠪᠠ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠡᠮᠡᠴᠡᠯ᠎ᠦᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠤ᠂ ᠦᠷᠬᠦᠯᠵᠢᠯᠡᠨ ᠬᠡᠷᠡᠭ᠌ᠴᠡᠭᠡ᠎ᠶ᠋ᠢ ᠬᠥᠭ᠌ᠵᠢᠭᠡᠵᠤ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠵᠤ᠂ ᠨᠡᠮᠡᠭᠳᠡᠯ ᠢ᠋ ᠰᠢᠯᠢᠳᠡᠭᠵᠢᠬᠦᠯᠵᠤ᠂ ᠨᠦᠭᠡᠴᠡ ᠵᠢ ᠠᠮᠢᠳᠤᠯᠢᠭᠵᠢᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠯᠤᠭᠡ ᠭᠦᠨᠵᠡᠭᠡᠢ ᠵᠣᠯᠭᠠᠭᠤᠯᠵᠤ᠂ ᠭᠣᠣᠯᠳᠠᠯᠭ᠎ᠠ᠎ᠲᠠᠶ ᠬᠦᠷᠢᠶᠡᠨ ᠳ᠋ᠡᠬᠢ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶ᠋ᠢ ᠬᠦᠴᠤᠯᠠᠨ ᠲᠣᠭ᠍ᠲᠠᠪᠤᠷᠢᠵᠢᠭᠤᠯᠵᠤ᠂ ᠠᠵᠤ ᠠᠬᠤᠢᠯᠠᠯ᠎ᠢ ᠬᠦᠴᠤᠯᠠᠨ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠬᠦᠴᠤᠯᠠᠨ ᠲᠣᠭ᠍ᠲᠠᠪᠤᠷᠢᠵᠢᠭᠤᠯᠵᠤ᠂ ᠵᠢᠱ᠌ᠢᠯᠲᠡ᠎ᠶ᠋ᠢ ᠬᠦᠴᠤᠯᠠᠨ ᠲᠣᠭ᠍ᠲᠠᠪᠤᠷᠢᠵᠢᠭᠤᠯᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠨᠭᠭᠤᠢ ᠪᠠ ᠲᠣᠭ᠍ᠲᠠᠭᠤᠨ ᠪᠠᠢᠳᠠᠯ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠤᠨ᠎ᠠ ᠭᠡᠪᠡ᠃

ᠪᠦᠦ ᠭᠠᠩ ᠢᠯᠡᠳᠭᠡᠯ᠎ᠳᠡᠭᠡᠨ 2026 ᠣᠨ᠎ᠤ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ᠎ᠶ᠋ᠢ ᠳᠤᠷᠠᠳᠪᠠ᠄ ᠣᠷᠣᠨ ᠨᠤᠲᠤᠭ᠎ᠤᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ᠎ᠢ 5% ᠣᠷᠴᠢᠮ ᠨᠡᠮᠡᠭ᠌ᠳᠡᠭᠦᠯᠵᠦ᠍᠂ ᠪᠣᠳᠠᠲᠠᠢ ᠠᠵᠢᠯ᠎ᠤᠨ ᠳᠤᠮᠳᠠ᠎ᠪᠠᠨ ᠨᠡᠩ ᠰᠠᠢ᠌ᠨ ᠦᠷ᠎ᠡ ᠳ᠋ᠦᠩ ᠤᠯᠬᠤ᠎ᠪᠠᠷ ᠴᠢᠷᠮᠠᠢᠨ᠎ᠠ; ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠢ 6.5% ᠣᠷᠴᠢᠮ ᠨᠡᠮᠡᠭ᠌ᠳᠡᠭᠦᠯᠦᠨ᠎ᠡ; ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢ 8% ᠣᠷᠴᠢᠮ ᠨᠡᠮᠡᠭ᠌ᠳᠡᠭᠦᠯᠦᠨ᠎ᠡ; ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ᠎ᠶ᠋ᠢ 1.5% ᠣᠷᠴᠢᠮ ᠨᠡᠮᠡᠭ᠌ᠳᠡᠭᠦᠯᠦᠨ᠎ᠡ; ᠬᠣᠲᠠ ᠪᠠᠯᠭᠠᠰᠤ᠎ᠶ᠋ᠢᠨ ᠪᠠᠢᠴᠠᠭᠠᠯᠳᠠ ᠵᠢᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 5.7% ᠣᠷᠴᠢᠮ᠎ᠳᠤ ᠪᠠᠢᠯᠭᠠᠵᠤ᠂ ᠬᠣᠲᠠ ᠪᠠᠯᠭᠠᠰᠤ᠎ᠶ᠋ᠢᠨ 18 ᠲᠦᠮᠡ᠎ᠡᠴᠡ ᠳᠡᠭᠡᠭ᠌ᠰᠢ ᠬᠦᠮᠦᠨ ᠳ᠋ᠦ ᠱᠢᠨ᠎ᠡ᠎ᠪᠡᠷ ᠠᠵᠢᠯ ᠣᠯᠭᠤᠨ᠎ᠠ; ᠨᠡᠢᠭᠡᠮ᠎ᠦᠨ ᠬᠡᠷᠡᠭ᠌ᠯᠡᠭᠡᠨ᠎ᠦ ᠵᠦᠢᠯ᠎ᠢ ᠵᠢᠵᠢᠭ᠌ᠯᠡᠨ ᠪᠤᠷᠤᠯᠠᠭᠤᠯᠤᠬᠰᠠᠨ ᠵᠤᠭᠤᠰ᠎ᠤᠨ ᠶᠡᠷᠦᠩᠬᠡᠢ ᠲᠣᠭ᠎ᠠ᠎ᠶ᠋ᠢ 4% ᠣᠷᠴᠢᠮ ᠨᠡᠮᠡᠭ᠌ᠳᠡᠭᠦᠯᠦᠨ᠎ᠡ; ᠭᠠᠳᠠᠭᠠᠳᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠥᠷᠲᠡᠭ᠎ᠢ 5% ᠣᠷᠴᠢᠮ ᠨᠡᠮᠡᠭ᠌ᠳᠡᠭᠦᠯᠦᠨ᠎ᠡ; ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ ᠬᠠᠩᠰᠢ᠎ᠶ᠋ᠢᠨ ᠥᠰᠥᠯᠲᠡ᠎ᠶ᠋ᠢᠨ ᠬᠡᠮᠵᠢᠶ᠎ᠡ᠎ᠶ᠋ᠢ 2% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠢ᠎ᠶ᠋ᠢᠨ ᠨᠡᠮᠡᠭ᠌ᠳᠡᠯ᠎ᠲᠡᠶ ᠠᠳᠠᠯᠢ ᠠᠯᠬᠤᠮ᠎ᠲᠠᠶ ᠪᠠᠢᠯᠭᠠᠨ᠎ᠠ; ᠠᠮᠤ ᠪᠤᠳᠠᠭᠠᠨ᠎ᠤ ᠤᠨᠠᠯᠲᠠ ᠵᠢ 840 ᠳ᠋ᠦᠩᠱᠢᠭᠤᠷ ᠵᠢᠩ᠎ᠢ ᠳᠠᠪᠠᠭᠤᠯᠤᠨ᠎ᠠ; ᠤᠯᠤᠰ᠎ᠡᠴᠡ ᠪᠠᠭᠤᠯᠭᠠᠭ᠍ᠰᠠᠨ ᠨᠡᠭᠦᠷᠡᠰᠦᠲᠥ᠋ᠷᠥᠭ᠌ᠴᠢ᠎ᠵᠢᠨ ᠭᠠᠳᠠᠭ᠍ᠰᠢᠯᠠᠭᠤᠯᠤᠯᠲᠠ᠎ᠵᠢ ᠪᠠᠭᠤᠷᠠᠭᠤᠯᠬᠤ ᠪᠠ ᠪᠤᠬᠢᠷ ᠪᠤᠳᠠᠰ᠎ᠤᠨ ᠭᠠᠳᠠᠭᠰᠢᠯᠠᠭᠤᠯᠤᠯᠳᠠ ᠵᠢ ᠪᠠᠭᠠᠰᠬᠠᠬᠤ ᠡᠭᠦᠷᠭᠡ᠎ᠶ᠋ᠢ ᠪᠡᠶᠡᠯᠡᠭᠦᠯᠦᠨ᠎ᠡ᠃

ᠪᠦᠦ ᠭᠠᠩ᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠵᠤ᠂ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠭᠣᠣᠯ ᠱᠢᠵᠢᠮ᠎ᠦᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ ᠪᠠᠢᠭᠤᠯᠤᠯ ᠲᠣᠭ᠍ᠲᠠᠴᠠ᠎ᠶ᠋ᠢ ᠪᠦᠷᠢᠨᠱᠢᠬᠦᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ ᠬᠡᠷᠡᠭ᠌ᠲᠡᠢ᠃ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠣᠯᠭᠣᠭ᠍ᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ᠎ᠶ᠋ᠢ ᠪᠠᠷᠢᠮᠲᠠᠯᠠᠨ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠶᠡᠬᠡ᠎ᠪᠡᠷ ᠬᠥᠭ᠌ᠵᠢᠭᠦᠯᠦᠨ᠂ ᠮᠠᠯ ᠠᠵᠤ ᠠᠬᠤᠶ ᠲᠠᠷᠢᠶᠠᠯᠠᠩ᠎ᠤᠨ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠥᠨᠳᠥᠷ ᠪᠠᠷᠢᠮᠵᠢᠶ᠎ᠠ᠎ᠪᠠᠷ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠵᠤ᠂ 《ᠬᠣᠶᠠᠷ ᠬᠠᠯᠬᠠᠪᠴᠢ》᠂ 《 ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠰᠠᠢᠲᠤᠷ ᠪᠥᠲᠥᠭᠡᠨ ᠪᠠᠢᠭᠤᠯᠬᠤ ᠬᠡᠷᠡᠭ᠌ᠲᠡᠶ᠃ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢ ᠪᠤᠵᠠᠭᠠᠢᠷᠠᠭᠤᠯᠬᠤ᠎ᠳᠤ ᠰᠠᠭᠤᠷᠢᠯᠠᠵᠤ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠠᠢᠭᠤᠯᠬᠤ ᠬᠡᠷᠡᠭ᠌ᠲᠡᠢ; ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠶᠡᠬᠡ᠎ᠪᠡᠷ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌ ᠬᠡᠷᠡᠭ᠌ᠲᠡᠢ; ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠨᠡᠩ ᠴᠢᠬᠤᠯᠠᠴᠢᠯᠠᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ ᠬᠡᠷᠡᠭᠲᠡᠢ; ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ ᠬᠡᠷᠡᠭᠲᠡᠢ; ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠵᠣᠬᠢᠴᠠᠩᠭᠤᠢ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ ᠬᠡᠷᠡᠭᠲᠡᠢ; ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠢᠭᠤᠯᠬᠤ ᠬᠡᠷᠡᠭᠲᠡᠢ; ᠠᠷᠠᠳ᠎ᠤᠨ ᠠᠮᠢᠳᠤᠷᠠᠯ᠎ᠢᠶᠠᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠶ᠋ᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠠᠵᠢᠯ᠎ᠤᠨ ᠪᠦᠳᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠬᠠᠤᠯᠢ᠎ᠪᠠᠷ ᠵᠠᠰᠠᠬᠤ᠂ ᠦᠨᠡᠨᠴᠢ ᠢᠲᠡᠭᠡᠮᠵᠢᠲᠡᠢ᠂ ᠥᠨᠳᠥᠷ ᠪᠦᠲᠦᠮᠵᠢᠲᠡᠢ᠂ ᠠᠷᠢᠭᠤᠨ ᠴᠢᠬᠡᠴᠢ᠂ ᠦᠢᠯᠡᠴᠢᠯᠡᠬᠦ᠌ ᠬᠡᠯᠪᠡᠷᠢ᠎ᠶ᠋ᠢᠨ ᠵᠠᠰᠠᠭ᠎ᠤᠨ ᠣᠷᠳᠣᠨ᠎ᠢ ᠪᠠᠢᠭᠤᠯᠬᠤ ᠬᠡᠷᠡᠭ᠌ᠲᠡᠢ ᠭᠡᠪᠡ᠃

ᠪᠦᠦ ᠭᠠᠩ᠂ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ ᠬᠡᠵᠠᠢ᠃

ᠬᠤᠷᠠᠯ᠎ᠤᠨ ᠵᠥᠪᠯᠡᠬᠦ᠌ ᠵᠦᠶ᠋ᠯ᠎ᠢ ᠦᠨᠳᠦᠰᠦᠯᠡᠨ᠂ ᠶᠡᠬᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠭᠦᠢᠴᠡᠳᠭᠡᠭᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠪᠠ 2026 ᠣᠨ᠎ᠤ ᠲᠥᠰᠦᠪ᠎ᠦᠨ ᠲᠥᠰᠦᠯ᠎ᠦᠨ ᠮᠡᠳᠡᠭᠦᠯᠦᠯᠲᠡ᠎ᠶ᠋ᠢ ᠬᠢᠨᠠᠨ ᠪᠠᠢᠴᠠᠭᠠᠵᠠᠶ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠠᠩ ᠱᠤᠤ ᠴᠦᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠰᠣᠩᠭᠣᠭᠤᠯᠢ᠎ᠶ᠋ᠢᠨ ᠠᠷᠭ᠎ᠠ (ᠲᠥᠰᠦᠯ) ᠶ᠋ᠢᠨ ᠲᠤᠬᠠᠶ ᠲᠣᠳᠣᠷᠬᠠᠢᠯᠠᠯᠲᠠ ᠬᠢᠪᠠ᠃

ᠬᠠᠤᠯᠢ᠎ᠳᠤ ᠲᠣᠭ᠍ᠲᠠᠭᠠᠭ᠍ᠰᠠᠨ ᠰᠤᠯᠠ ᠣᠷᠣᠯᠴᠠᠬᠤ ᠬᠦᠮᠦᠰ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠵᠢᠨ ᠬᠣᠷᠢᠨ ᠳᠥᠷᠪᠡᠳᠦᠭᠡᠷ ᠬᠤᠷᠠᠯ᠎ᠡᠴᠡ ᠲᠣᠭ᠍ᠲᠠᠭᠠᠭ᠍ᠰᠠᠨ ᠰᠤᠯᠠ ᠣᠷᠣᠯᠴᠠᠬᠤ ᠬᠦᠮᠦᠰ ᠪᠤᠯᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠵᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠶᠡᠬᠡ ᠬᠤᠷᠠᠯ᠎ᠳᠤ ᠰᠤᠯᠠ ᠣᠷᠣᠯᠴᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号