2 ᠰᠠᠷ᠎ᠠ᠎ᠶ᠋ᠢᠨ 3 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠳᠤᠭᠤᠢᠯᠠᠩ ᠬᠤᠪᠢᠶᠠᠭ᠍ᠰᠠᠨ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠲᠡᠭᠡᠳ᠎ᠦᠨ ᠭᠡᠱᠢᠭᠦᠳ᠎ᠲᠡᠶ ᠬᠠᠮᠲᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

2 ᠰᠠᠷ᠎ᠠ᠎ᠶ᠋ᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠲᠡᠭᠡᠳ᠎ᠦᠨ ᠭᠡᠱᠢᠭᠦᠳ᠎ᠲᠡᠶ ᠬᠠᠮᠲᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃
ᠲᠤᠰ ᠰᠣᠨᠢᠨ᠎ᠤ ᠰᠤᠷᠪᠤᠯᠵᠢᠯᠠᠭ᠍ᠴᠢ ᠮᠦᠩᠭᠡᠴᠢᠯᠠᠭᠤ ᠰᠡᠭᠦᠳᠡᠷᠯᠡᠪᠡ
ᠬᠢᠨᠠᠨ ᠵᠥᠪᠯᠡᠬᠦ᠌ ᠲᠤᠬᠠᠢ᠎ᠶ᠋ᠢᠨ ᠲᠠᠯᠠᠪᠠᠢ᠎ᠳᠤ᠂ ᠭᠡᠱᠢᠭᠦᠳ ᠢᠳᠡᠪᠬᠢᠲᠡᠢ᠎ᠪᠡᠷ ᠦᠭᠡ ᠬᠡᠯᠡᠵᠦ᠂ ᠬᠣᠶᠠᠷ ᠮᠡᠳᠡᠭᠦᠯᠦᠯᠲᠡ᠎ᠶ᠋ᠢ ᠳᠡᠭᠡᠳᠦ ᠬᠡᠮᠵᠢᠢ᠎ᠡ᠎ᠪᠡᠷ ᠦᠨᠡᠯᠡᠪᠡ᠃ ᠤᠯᠠᠨ᠎ᠢᠶᠠᠷ᠎ᠢᠶᠠᠨ᠂ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠪᠦᠬᠦ ᠠᠭᠤᠯᠭ᠎ᠠ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠴᠠ ᠥᠨᠳᠥᠷ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠮᠵᠢ ᠪᠣᠳᠠᠲᠠᠢ ᠪᠠᠢᠵᠤ᠂ ᠡᠨᠡ ᠵᠢᠯ᠎ᠦᠨ ᠠᠵᠢᠯ᠎ᠤᠨ ᠲᠤᠬᠠᠢ ᠲᠤᠬᠢᠷᠠᠭᠤᠯᠤᠯᠳᠠ ᠵᠢᠨ ᠬᠠᠷᠠᠯᠲᠠ ᠨᠢ ᠲᠣᠳᠣᠷᠬᠠᠢ᠂ ᠠᠷᠭ᠎ᠠ ᠬᠡᠮᠵᠢᠢ᠎ᠡ ᠨᠢ ᠪᠦᠳᠦᠮᠵᠢᠳᠡᠢ ᠪᠠᠢᠵᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠤᠭᠰᠠᠨ ᠰᠠᠢ᠌ᠨ ᠮᠡᠳᠡᠭᠦᠯᠦᠯᠲᠡ ᠪᠣᠯᠵᠠᠢ; ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠣᠭ᠎ᠠ ᠪᠠᠷᠢᠮᠲᠠ ᠨᠢ ᠨᠠᠷᠢᠨ ᠪᠣᠳᠠᠲᠠᠢ᠂ ᠦᠷ᠎ᠡ ᠪᠦᠲᠦᠭᠡᠯ ᠨᠢ ᠪᠠᠶᠠᠯᠢᠭ ᠪᠠᠢᠵᠤ᠂ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠣᠯᠤᠭ᠍ᠰᠠᠨ ᠢᠳᠡᠪᠬᠢᠲᠡᠢ ᠦᠷ᠎ᠡ ᠪᠦᠲᠦᠮᠵᠢ᠎ᠶ᠋ᠢ ᠲᠤᠰᠭᠠᠪᠠ ᠭᠡᠵᠦ ᠰᠠᠨᠠᠯ ᠨᠢᠭᠡᠲᠡᠢ ᠦᠵᠡᠵᠡᠭᠡᠪᠡ᠃ ᠤᠯᠠᠨ᠎ᠢᠶᠠᠷ᠎ᠢᠶᠠᠨ᠂ ᠴᠢᠨᠠᠭ᠍ᠰᠢᠳᠠ ᠭᠦᠨᠵᠡᠭᠡᠢ ᠪᠠᠢᠴᠠᠭᠠᠨ ᠰᠤᠳᠤᠯᠵᠤ᠂ ᠪᠣᠳᠠᠲᠠᠢ᠎ᠶ᠋ᠢ ᠡᠷᠬᠢᠮᠯᠡᠭᠰᠡᠨ ᠲᠤᠱᠢᠶᠠᠯ᠎ᠬᠠᠷᠢᠭᠤᠴᠠᠯᠭ᠎ᠠ ᠪᠡᠨ ᠭᠦᠢᠴᠡᠳᠭᠡᠭ᠌ᠰᠡᠨ ᠦᠷ᠎ᠡ ᠪᠦᠲᠦᠮᠵᠢ᠎ᠪᠡᠷ ᠤᠯᠤᠰ ᠲᠦᠷᠦ᠍᠎ᠶ᠋ᠢᠨ ᠵᠥᠪᠯᠡᠯᠭᠡᠨ᠎ᠦ ᠡᠭᠦᠷᠭᠡᠯᠡᠯ᠎ᠢ ᠢᠯᠡᠷᠡᠭᠦᠯᠵᠦ᠍᠂ ᠠᠷᠠᠳ᠎ᠤᠨ ᠲᠥᠯᠥᠭᠡ ᠭᠡᠬᠦ᠌ ᠤᠭ ᠰᠠᠨᠠᠭ᠎ᠠ᠎ᠪᠠᠨ ᠦᠢᠯᠡᠳᠦᠯᠭᠡᠵᠢᠭᠦᠯᠦᠨ᠎ᠡ ᠭᠡᠵᠦ᠍ ᠢᠯᠡᠳᠭᠡᠵᠡᠭᠡᠪᠡ᠃
ᠣᠯᠠᠨ᠎ᠤ ᠬᠡᠯᠡᠬᠦ᠌᠎ᠶ᠋ᠢ ᠰᠣᠨᠣᠰᠤᠭ᠍ᠰᠠᠨ᠎ᠤ ᠳᠠᠷᠠᠭ᠎ᠠ ᠵᠠᠩ ᠶᠠᠨ ᠺᠦᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠦᠵᠡᠯ ᠰᠠᠨᠠᠭ᠎ᠠ ᠪᠣᠯᠤᠨ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠦᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ 《ᠲᠦᠷᠪᠡ᠎ᠶ᠋ᠢ ᠨᠢᠭ᠍ᠲᠠᠷᠠᠭᠤᠯᠬᠤ》 ᠦᠢᠯᠡᠳᠦᠯ᠎ᠢ ᠭᠦᠢᠴᠡᠳ ᠪᠠᠳᠠᠷᠠᠭᠤᠯᠤᠨ᠂ ᠵᠥᠪᠯᠡᠬᠦ᠌ ᠲᠠᠪᠴᠠᠩ᠎ᠢ ᠢᠳᠡᠪᠬᠢᠲᠡᠢ ᠪᠠᠢᠭᠤᠯᠵᠤ᠂ ᠪᠦᠯᠬᠦᠮᠳᠡᠯ ᠨᠥᠬᠥᠷᠯᠡᠯ᠎ᠦᠨ ᠬᠠᠮᠤᠷᠬᠤ ᠬᠡᠪᠴᠢᠢ᠎ᠡ᠎ᠶ᠋ᠢ ᠥᠷᠭᠡᠳᠭᠡᠨ᠂ ᠬᠠᠮᠤᠭ᠎ᠤᠨ ᠶᠡᠬᠡ ᠢᠵᠢᠯᠢ ᠲᠥᠪ᠎ᠲᠦ ᠲᠣᠭᠣᠷᠢᠭ᠎ᠢ ᠵᠢᠷᠤᠬᠯᠠᠵᠤ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠬᠥᠭ᠌ᠵᠢᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠂ ᠡᠷᠡᠯᠬᠡᠭ᠌ᠯᠡᠨ ᠤᠷᠤᠭ᠍ᠰᠢᠯᠠᠬᠤ ᠬᠠᠮᠲᠤᠷᠠᠯ ᠬᠦᠴᠦᠨ᠎ᠢ ᠬᠤᠷᠠᠮᠳᠦᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ ᠵᠢ ᠪᠡᠶᠡᠯᠡᠬᠦᠯᠬᠦ᠎ᠳᠦ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠡᠢ᠃