ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ ᠳᠤᠭᠤᠢᠯᠠᠩ ᠬᠤᠪᠢᠶᠠᠵᠦ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ᠎ᠢ ᠬᠢᠨᠠᠨ ᠵᠦᠪᠯᠡᠪᠡ
2026-02-05 10:46:52
ᠵᠣᠬᠢᠶᠠᠭ᠍ᠴᠢ᠄
​ ᠸᠠᠩ ᠬᠤᠤ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 4 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠣᠷᠣᠯᠴᠠᠵᠤ ᠪᠠᠢᠭ᠎ᠠ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ ᠳᠤᠭᠤᠢᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠥᠪᠯᠡᠪᠡ᠃

ᠲᠤᠬᠠᠢ᠎ᠶᠢᠨ ᠲᠠᠯᠠᠪᠠᠢ ᠳ᠋ᠦ ᠬᠦᠷ ᠬᠦᠭᠵᠢᠶᠡᠨ ᠵᠢᠡᠷ ᠪᠢᠯᠬᠠᠵᠤ᠂ ᠲᠥᠯᠥᠭᠡᠯᠡᠭᠴᠢᠳ ᠢᠯᠡᠳᠬᠡᠯ᠎ᠦᠨ ᠠᠭᠤᠯᠭ᠎ᠠ ᠪᠣᠯᠣᠨ ᠲᠤᠰ ᠲᠤᠰ᠎ᠤᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠬᠢᠨᠠᠨ ᠵᠥᠪᠯᠡᠵᠦ᠂ ᠢᠳᠡᠪᠬᠢᠲᠡᠢ ᠦᠭᠡ ᠬᠡᠯᠡᠵᠤ᠂ ᠲᠠᠨᠢᠯᠲᠠ᠎ᠪᠠᠨ ᠶᠠᠷᠢᠯᠴᠠᠵᠤ᠂ ᠣᠢᠯᠠᠭᠠᠯᠲᠠ᠎ᠪᠠᠨ ᠶᠠᠷᠢᠵᠤ᠂ ᠠᠷᠭ᠎ᠠ ᠤᠬᠠᠭᠠᠨ ᠲᠡᠪᠰᠢᠭᠦᠯᠪᠡ᠃ ᠲᠥᠯᠥᠭᠡᠯᠡᠭᠴᠢᠳ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠦᠨ ᠵᠣᠭᠰᠣᠴᠠ ᠥᠨᠳᠥᠷ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ 《ᠠᠷᠪᠠᠨ ᠳᠥᠷᠪᠡᠳᠦᠭᠡᠷ ᠲᠠᠪᠤᠨ ᠵᠢᠯ》  ᠦ᠋ᠨ ᠬᠤᠭᠤᠴᠠᠭᠠᠨ᠎ᠳᠠᠬᠢ ᠬᠥᠭᠵᠢᠯᠲᠡ᠎ᠶᠢᠨ ᠠᠮᠵᠢᠯᠲᠠ ᠪᠦᠲᠦᠮᠵᠢ ᠪᠣᠯᠣᠨ 2025 ᠣᠨ᠎ᠤ ᠠᠵᠢᠯ᠎ᠢ ᠡᠷᠭᠢᠴᠡᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠭᠣᠣᠯ ᠬᠠᠷᠠᠯᠲᠠ ᠪᠣᠯᠣᠨ 2026 ᠣᠨ᠎ᠤ ᠭᠣᠣᠯᠳᠠᠯᠭ᠎ᠠ᠎ᠲᠠᠢ ᠠᠵᠢᠯ᠎ᠢ ᠳᠤᠷᠠᠳᠤᠨ ᠭᠠᠷᠭᠠᠵᠤ᠂ ᠤᠯᠤᠰ ᠲᠥᠷᠥ᠎ᠶᠢᠨ ᠵᠣᠭᠰᠣᠴᠠ ᠥᠨᠳᠥᠷ᠂ ᠰᠡᠳᠬᠢᠮᠵᠢ ᠬᠠᠷᠠᠯᠲᠠ ᠨᠢ ᠲᠣᠳᠣᠷᠬᠠᠢ᠂ ᠲᠦᠯᠦᠪᠵᠢᠭᠦᠯᠭᠡ ᠠᠷᠭ᠎ᠠ ᠪᠣᠳᠣᠯᠭ᠎ᠠ ᠨᠢ ᠪᠣᠳᠠᠲᠠᠢ ᠪᠠᠢᠵᠤ᠂ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠤᠭᠰᠠᠨ᠂ ᠬᠥᠮᠥᠰ᠎ᠢ ᠤᠷᠮᠠᠰᠢᠭᠤᠯᠤᠨ ᠤᠷᠤᠭᠰᠢᠯᠠᠭᠤᠯᠤᠭᠰᠠᠨ᠂ ᠬᠥᠮᠥᠰ᠎ᠦᠨ ᠰᠡᠳᠬᠢᠯ ᠎ᠢ ᠳᠤᠯᠠᠭᠠᠴᠠᠭᠤᠯᠤᠭᠰᠠᠨ ᠰᠠᠢᠨ ᠢᠯᠡᠳᠬᠡᠯ ᠪᠤᠯᠵᠠᠢ ᠭᠡᠵᠤ ᠰᠠᠨᠠᠯ ᠨᠢᠭᠡᠲᠡᠢ ᠦᠵᠡᠵᠡᠭᠡᠪᠡ᠃

ᠲᠥᠯᠥᠭᠡᠯᠡᠭᠴᠢᠳ᠂ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠢᠶᠠᠷ᠎ᠢᠶᠠᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠶᠡᠷᠦᠩᠬᠡᠢ ᠱᠦᠵᠢ᠎ᠰᠢ᠎ᠶᠢᠨ ᠫᠢᠩ᠎ᠤᠨ ᠥᠪᠥᠷ ᠮᠣᠩᠭᠣᠯ ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂《ᠬᠣᠶᠠᠷ ᠬᠠᠯᠬᠠᠪᠴᠢ》᠂《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠭᠦ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠦᠷ ᠬᠠᠮᠠᠭᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠢ᠋ ᠠᠮᠵᠢᠯᠲᠠ᠎ᠲᠠᠢ ᠲᠡᠭᠦᠰᠬᠡᠵᠦ᠂ ᠡᠯ᠎ᠡ ᠵᠦᠢᠯ᠎ᠦᠨ ᠦᠢᠯᠡᠰ᠎ᠦᠨ ᠬᠥᠭᠵᠢᠯᠲᠡ ᠰᠢᠨ᠎ᠡ ᠳᠡᠭᠲᠡᠷ᠎ᠲᠦ ᠠᠬᠢᠵᠠᠢ ᠭᠡᠵᠤ ᠢᠯᠡᠳᠬᠡᠵᠡᠭᠡᠪᠡ᠃

《ᠲᠤᠬᠠᠢ᠎ᠶ᠋ᠢᠨ ᠲᠠᠯᠠᠪᠠᠢ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭᠠᠳ ᠮᠠᠰᠢ ᠤᠷᠮᠠᠱᠢᠨ ᠵᠣᠷᠢᠭ᠍ᠵᠢᠯ᠎ᠠ》 ᠭᠡᠵᠤ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠲᠣᠭ᠎ᠠ ᠪᠦᠷᠢᠳᠭᠡᠯ᠎ᠦᠨ ᠲᠣᠪᠴᠢᠶᠠᠨ᠎ᠤ ᠳᠠᠷᠤᠭ᠎ᠠ ᠤ᠌ᠤ ᠶᠦᠩ ᠵᠧᠨ᠄《ᠪᠢ ᠲᠣᠭ᠎ᠠ ᠪᠦᠷᠢᠳᠭᠡᠯ᠎ᠦᠨ  ᠭᠣᠣᠯ ᠠᠵᠢᠯ᠎ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠣᠨᠣᠴᠠᠲᠠᠢ ᠲᠣᠭ᠎ᠠ ᠪᠠᠷᠢᠮᠲᠠ᠎ᠪᠠᠷ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠲᠤᠰᠭᠠᠵᠤ᠂ ᠲᠣᠭ᠎ᠠ ᠪᠦᠷᠢᠳᠭᠡᠯ᠎ᠦᠨ ᠦᠢᠯᠡᠴᠢᠯᠡᠭᠡᠨ᠎ᠦ ᠦᠷ᠎ᠡ ᠪᠦᠲᠦᠮᠵᠢ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠬᠡᠯᠡᠪᠡ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ 《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠳᠠᠬᠢ ᠭᠤᠤᠯ ᠬᠠᠷᠠᠯᠲᠠ ᠪᠠ 2026 ᠣᠨ᠎ᠤ ᠭᠤᠤᠯᠳᠠᠯᠭ᠎ᠠ᠎ᠲᠠᠶ ᠠᠵᠢᠯ᠎ᠤᠨ ᠳᠤᠮᠳᠠ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ᠎ᠢ ᠱᠢᠯᠢᠳᠡᠭ᠌ᠵᠢᠭᠦᠯᠬᠦ᠌ ᠬᠡᠷᠡᠭ᠌ᠲᠡᠶ ᠭᠡᠵᠦ ᠲᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠬᠣᠱᠢᠭᠤᠨ ᠳᠠᠷᠤᠭ᠎ᠠ ᠨᠠᠷᠠᠰᠤ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠣᠲᠣ ᠦᠶ᠎ᠡ᠎ᠶ᠋ᠢᠨ ᠮᠠᠯ ᠠᠵᠤ ᠠᠬᠤᠶ᠎ᠲᠠᠷᠢᠶᠠᠯᠠᠩ᠎ᠤᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠬᠦ᠌ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠮᠤ ᠪᠤᠳᠠᠭᠠᠨ᠎ᠤ ᠤᠨᠠᠯᠲᠠ᠎ᠶ᠋ᠢ ᠲᠣᠭ᠍ᠲᠠᠪᠤᠷᠢᠵᠢᠭᠤᠯᠬᠤ ᠤᠨᠠᠯᠲᠠ᠎ᠶ᠋ᠢ ᠨᠡᠮᠡᠭ᠌ᠳᠡᠭᠦᠯᠬᠦ᠌᠂ ᠬᠠᠩᠭᠠᠯᠭ᠎ᠠ᠎ᠶ᠋ᠢ ᠪᠠᠲᠤᠯᠠᠬᠤ ᠲᠠᠯ᠎ᠠ᠎ᠪᠠᠷ ᠱᠢᠪᠲᠤᠯᠤᠯᠲᠠ ᠭᠠᠷᠭᠠᠬᠤ᠎ᠪᠠᠷ ᠴᠢᠷᠮᠠᠢᠵᠤ᠂ ᠮᠠᠯ ᠠᠵᠤ ᠠᠬᠤᠶ᠎ᠲᠠᠷᠢᠶᠠᠯᠠᠩ᠎ᠤᠨ ᠬᠥᠭ᠌ᠵᠢᠯᠲᠡ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠪᠠᠢᠳᠠᠯ᠎ᠢ ᠡᠭᠦᠳᠦᠨ᠎ᠡ  ᠭᠡᠪᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠬᠦ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠮᠥᠨ ᠪᠣᠯᠬᠣᠷ ᠡᠨᠡ ᠵᠢᠯ᠎ᠦᠨ ᠠᠵᠢᠯ᠎ᠢ ᠰᠠᠢᠲᠤᠷ ᠬᠢᠬᠦ᠌ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠪᠥᠭᠡᠳ ᠴᠢᠬᠤᠯᠠ ᠶᠡᠬᠡ ᠬᠠᠷᠢᠭᠤᠴᠠᠯᠭ᠎ᠠ᠎ᠪᠤᠯᠬᠤ ᠶᠤᠮ᠃ ᠤᠯᠠᠨ᠎ᠢᠶᠠᠷ᠎ᠢᠶᠠᠨ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠴᠢ ᠵᠣᠷᠢᠭ᠎ᠪᠠᠳᠠᠷᠠᠨᠭᠭᠤᠢ᠂ ᠬᠦᠴᠦᠨ ᠴᠢᠳᠠᠯ ᠲᠡᠭᠦᠯᠳᠡᠷ᠂ ᠴᠥᠬᠥᠷᠡᠰᠢ ᠦᠭᠡᠢ ᠴᠢᠷᠮᠠᠢᠨ ᠠᠵᠢᠯᠯᠠᠵᠤ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号