2 ᠰᠠᠷ᠎ᠠ᠎ᠶ᠋ᠢᠨ 4 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠳᠡᠭᠡᠷ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠵᠢᠴᠢ 2026 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠢ ᠮᠡᠳᠡᠭᠦᠯᠦᠯᠲᠡ》 ᠵᠢ ᠪᠢᠴᠢᠭ᠎ᠦᠨ ᠬᠡᠯᠪᠡᠷᠢ᠎ᠪᠡᠷ ᠶᠡᠬᠡ ᠬᠤᠷᠠᠯ᠎ᠳᠤ ᠬᠢᠨᠠᠨ ᠵᠥᠪᠯᠡᠭᠦᠯᠬᠦ᠌᠎ᠪᠡᠷ ᠳᠡᠪᠱᠢᠭᠦᠯᠪᠡ᠃
ᠮᠡᠳᠡᠭᠦᠯᠦᠯᠲᠡ ᠳᠡᠭᠡᠷ᠎ᠡ᠂ ᠠᠯᠢ ᠤᠯᠠᠨ ᠨᠠᠷᠢᠨ ᠪᠣᠳᠠᠲᠠᠢ ᠲᠣᠭ᠎ᠠ ᠪᠠᠷᠢᠮᠲᠠ᠂ ᠠᠯᠢ ᠤᠯᠠᠨ ᠰᠡᠳᠭᠢᠯ᠎ᠢ ᠲᠤᠯᠠᠭᠠᠴᠠᠭᠤᠯᠤᠭᠰᠠᠨ ᠪᠣᠳᠠᠲᠤ ᠶᠠᠪᠤᠳᠠᠯ ᠨᠢ ᠬᠠᠯᠠᠭᠤᠨ ᠳᠤᠯᠠᠭᠠᠬᠠᠨ᠂ ᠶᠠᠰᠤ ᠴᠢᠨᠠᠷᠲᠠᠶ᠂ ᠴᠢᠨᠠᠷ ᠰᠠᠢᠲᠠᠢ ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠵᠡᠢ᠃
ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠮᠥᠨ᠂ ᠮᠠᠨ᠎ᠤ ᠣᠷᠣᠨ ᠦᠷᠭᠦᠯᠵᠢᠯᠡᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠵᠦᠶ᠋ᠯ᠎ᠦᠨ ᠠᠵᠢᠯ ᠲᠣᠪᠣᠢᠮ᠎ᠠ ᠦᠷ᠎ᠡ ᠪᠦᠲᠦᠮᠵᠢ ᠤᠯᠪᠠ᠃ ᠮᠡᠳᠡᠭᠦᠯᠦᠯᠲᠡ᠎ᠳᠦ ᠢᠯᠡᠷᠡᠭᠦᠯᠦᠭ᠌ᠰᠡᠨ᠎ᠢᠶᠡᠷ᠂ 2025 ᠣᠨ᠎ᠳᠤ ᠮᠠᠨ᠎ᠤ ᠣᠷᠣᠨ᠎ᠤ ᠬᠣᠲᠠ ᠪᠠᠯᠭᠠᠰᠤᠨ᠎ᠤ ᠱᠢᠨ᠎ᠡ᠎ᠪᠡᠷ ᠠᠵᠢᠯ ᠣᠯᠭᠣᠬᠤ ᠠᠵᠢᠯ ᠣᠨ᠎ᠤ ᠡᠭᠦᠷᠭᠡ᠎ᠪᠠᠨ ᠤᠷᠢᠳᠴᠢᠯᠠᠨ ᠪᠡᠶᠡᠯᠡᠭᠦᠯᠵᠦ᠍᠂ ᠬᠣᠲᠠ ᠪᠠᠯᠭᠠᠰᠤᠨ᠎ᠤ ᠪᠠᠢᠴᠠᠭᠠᠯᠳᠠ ᠵᠢᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 5 ᠵᠢᠯ᠎ᠦᠨ ᠲᠤᠷᠱᠢᠬᠢ ᠬᠠᠮᠤᠭ᠎ᠤᠨ ᠳᠤᠤᠷ᠎ᠠ ᠲᠦᠪᠱᠢᠨ᠎ᠳᠦ ᠬᠦᠷᠲᠡᠯ᠎ᠡ ᠪᠠᠭᠤᠷᠠᠭᠤᠯᠵᠤ᠂ ᠪᠥᠬᠥ᠌ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 4 ᠲᠦᠮᠡᠨ ᠲᠥᠭᠥᠷᠢᠭ᠎ᠢ ᠳᠠᠪᠠᠵᠤ᠂ ᠪᠥᠬᠥ᠌ ᠤᠯᠤᠰ᠎ᠤᠨ ᠶᠢᠰᠦᠳᠦᠭᠡᠷ᠎ᠲᠦ ᠣᠷᠣᠪᠠ᠃ ᠠᠵᠢᠯ ᠣᠯᠭᠣᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ᠎ᠶ᠋ᠢ ᠴᠢᠩᠭᠠᠳᠭᠠᠵᠤ᠂ ᠠᠵᠢᠯ᠎ᠤᠨ ᠪᠠᠢᠷᠢ᠎ᠶ᠋ᠢᠨ ᠳᠠᠯᠳᠠ ᠬᠦᠴᠦᠨ᠎ᠢ ᠠᠭᠤᠳᠠᠯᠤᠨ ᠪᠠᠭ᠍ᠲᠠᠭᠠᠮᠵᠢ᠎ᠶ᠋ᠢ ᠥᠷᠭᠡᠳᠭᠡᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠠᠵᠢᠯ᠎ᠤᠨ ᠪᠠᠢᠷᠢ᠎ᠶ᠋ᠢ ᠲᠥᠪᠯᠡᠷᠡᠭᠦᠯᠦᠨ ᠨᠡᠢᠲᠡᠯᠡᠬᠦ᠌ ᠲᠣᠭ᠍ᠲᠠᠴᠠ᠎ᠶ᠋ᠢ ᠪᠠᠢᠭᠤᠯᠵᠤ᠂ ᠨᠡᠢᠲᠡ 144 ᠲᠦᠮᠡᠨ ᠤᠳᠠᠭ᠎ᠠ ᠵᠢᠨ ᠠᠵᠢᠯ᠎ᠤᠨ ᠪᠠᠢᠷᠢ ᠵᠢ ᠨᠡᠢᠲᠡᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ 6 ᠲᠦᠮᠡᠨ ᠠᠵᠢᠯ᠎ᠤᠨ ᠪᠠᠢᠷᠢ᠎ᠵᠢ ᠬᠠᠩᠭᠠᠪᠠ᠃
ᠭᠤᠤᠯᠳᠠᠯᠭ᠎ᠠ᠎ᠲᠠᠶ ᠬᠦᠮᠦᠰ᠎ᠤᠨ ᠠᠵᠢᠯ ᠣᠯᠭᠣᠯᠲᠠ᠎ᠶ᠋ᠢ ᠲᠣᠭ᠍ᠲᠠᠭᠤᠨ᠎ᠤ ᠲᠤᠮᠳᠠ ᠨᠡᠮᠡᠯᠲᠡ ᠲᠠᠢ ᠪᠤᠯᠭᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠨ ᠰᠤᠷᠤᠭ᠍ᠴᠢᠳ᠎ᠤᠨ ᠠᠵᠢᠯ ᠣᠯᠭᠣᠯᠲᠠ᠎ᠶ᠋ᠢᠨ ᠬᠠᠨᠳᠤᠰᠢ᠎ᠶ᠋ᠢ ᠨᠠᠢᠳᠠᠪᠤᠷᠢᠵᠢᠭᠤᠯᠬᠤ ᠨᠣᠷᠮ᠎ᠠ᠎ᠶ᠋ᠢ ᠲᠣᠭ᠍ᠲᠠᠭᠤᠨ ᠳᠡᠭᠡᠭ᠌ᠰᠢᠯᠡᠭᠦᠯᠵᠦ᠍᠂ ᠮᠠᠯᠴᠢᠨ ᠲᠠᠷᠢᠶᠠᠴᠢᠨ᠎ᠢ ᠨᠡᠢᠲᠡ 260.9 ᠲᠦᠮᠡᠨ ᠬᠦᠮᠦᠨ ᠤᠳᠠᠭ᠎ᠠ ᠵᠢ ᠰᠢᠯᠵᠢᠭᠦᠯᠦᠨ ᠠᠵᠢᠯ ᠣᠯᠭᠣᠪᠠ᠃ ᠪᠥᠬᠥ᠌ ᠤᠯᠤᠰ᠎ᠲᠤ ᠬᠥᠯᠥᠰᠥᠨ ᠲᠠᠷᠢᠶᠠᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠲᠦᠷᠢᠮ᠎ᠢ ᠡᠩ ᠲᠡᠷᠢᠭᠦᠨ᠎ᠳᠦ ᠨᠡᠢᠲᠡᠯᠡᠵᠦ᠍᠂ 9.86 ᠲᠦᠮᠡᠨ ᠬᠥᠮᠦᠨ᠎ᠳᠦ 11.65 ᠳ᠋ᠦᠩᠱᠢᠭᠤᠷ ᠲᠥᠭᠥᠷᠢᠭ᠎ᠦᠨ ᠴᠠᠯᠢᠩ ᠬᠦᠯᠦᠰᠦ᠎ᠵᠢ ᠨᠢ ᠨᠡᠬᠡᠮᠵᠢᠯᠡᠨ ᠠᠪᠴᠤ ᠦᠭᠴᠡᠢ᠃
ᠣᠨᠴᠠᠭᠠᠢ ᠬᠥᠮᠦᠰ᠎ᠦᠨ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠠᠨ᠎ᠤ ᠣᠷᠣᠨ ᠦᠨᠳᠦᠰᠦᠨ ᠵᠦᠢᠯ᠎ᠢ ᠪᠠᠲᠤᠯᠠᠬᠤ 《ᠪᠠᠲᠤᠯᠠᠭ᠎ᠠ᠎ᠶ᠋ᠢᠨ ᠲᠣᠣᠷ》 ᠢ᠋ ᠦᠷᠭᠦᠯᠵᠢᠯᠡᠨ ᠨᠢᠭ᠍ᠲᠠ ᠪᠦᠬᠡᠳ ᠪᠠᠲᠤ ᠰᠦᠯᠵᠢᠵᠦ᠍᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠨᠡᠩ ᠪᠠᠲᠤ ᠪᠡᠬᠢ ᠪᠣᠯᠭᠠᠪᠠ᠃ 2025 ᠣᠨ᠎ᠳᠤ ᠮᠠᠨ᠎ᠤ ᠣᠷᠣᠨ ᠨᠡᠢᠭᠡᠮ᠎ᠦᠨ ᠪᠠᠲᠤᠯᠠᠭ᠎ᠠ᠎ᠶ᠋ᠢᠨ ᠥᠭᠡᠷᠡᠴᠢᠯᠡᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠬᠡᠪᠴᠢᠶ᠎ᠡ᠎ᠶ᠋ᠢ ᠥᠷᠭᠡᠳᠭᠡᠬᠦ᠌ ᠲᠤᠰᠭᠠᠶ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠪᠡ᠃ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠡᠳ᠋᠎ᠦᠨ ᠵᠠᠰᠠᠭ᠎ᠤᠨ ᠨᠥᠬᠥᠪᠥᠷᠢ ᠦᠭᠬᠦ ᠪᠠᠷᠢᠮᠵᠢᠶ᠎ᠠ᠎ᠶ᠋ᠢ 30 ᠲᠥᠭᠥᠷᠢᠭ ᠳᠡᠭᠡᠭ᠌ᠰᠢᠯᠡᠭᠦᠯᠵᠦ᠍᠂ ᠬᠥᠮᠦᠨ / ᠵᠢᠯ ᠪᠦᠷᠢ ᠳ᠋ᠤ 700 ᠲᠥᠭᠥᠷᠢᠭ᠎ᠡᠴᠡ ᠳᠤᠤᠷ᠎ᠠ ᠪᠠᠢᠯᠭᠠᠬᠤ ᠥᠬᠡᠶ ᠪᠣᠯᠭᠠᠪᠠ᠃ ᠱᠠᠲᠤ ᠬᠤᠪᠢᠶᠠᠨ ᠲᠥᠷᠥᠯ ᠬᠤᠪᠢᠶᠠᠭᠰᠠᠨ ᠨᠡᠢᠭᠡᠮ᠎ᠦᠨ ᠠᠪᠤᠷᠠᠨ ᠲᠤᠰᠠᠯᠠᠬᠤ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠬᠦ ᠪᠠᠷᠢᠮᠵᠢᠶ᠎ᠠ᠎ᠶ᠋ᠢ ᠰᠠᠷ᠎ᠠ ᠪᠦᠷᠢ 815 ᠲᠥᠭᠥᠷᠢᠭ ᠪᠠ 615 ᠲᠥᠭᠥᠷᠢᠭ ᠪᠣᠯᠭᠠᠨ ᠳᠡᠭᠡᠭ᠌ᠰᠢᠯᠡᠭᠦᠯᠵᠦ᠍᠂ ᠬᠣᠲᠠ ᠬᠥᠳᠡᠭᠡ᠎ᠶ᠋ᠢᠨ 161.7 ᠲᠦᠮᠡᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ 10.4 ᠲᠦᠮᠡᠨ ᠣᠨᠴᠠ ᠬᠦᠴᠢᠷᠳᠡᠯᠲᠡᠶ ᠬᠥᠮᠦᠨ᠎ᠢ ᠪᠠᠲᠤᠯᠠᠪᠠ᠃ ᠬᠦᠴᠢᠷᠳᠡᠯᠲᠡᠶ ᠬᠡᠦᠬᠡᠳ᠎ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠥᠨᠥᠴᠢᠨ ᠬᠡᠦᠬᠡᠳ᠎ᠢ ᠲᠥᠪᠯᠡᠷᠡᠬᠦᠯᠦᠨ ᠠᠰᠠᠷᠠᠬᠤ ᠪᠠ ᠲᠠᠷᠠᠬᠠᠶ ᠪᠤᠳᠠᠷᠬᠠᠢ ᠪᠡᠷ ᠠᠰᠠᠷᠠᠨ ᠬᠥᠮᠦᠵᠢᠭᠦᠯᠬᠦ᠌ ᠳ᠋ᠤ ᠦᠭᠬᠦ ᠳᠤᠮᠳᠠᠴᠢ ᠪᠠᠲᠤᠯᠠᠭ᠎ᠠ᠎ᠶ᠋ᠢᠨ ᠪᠠᠷᠢᠮᠵᠢᠶ᠎ᠠ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃ ᠠᠵᠤ ᠠᠬᠤᠶ᠎ᠨᠢ ᠬᠦᠴᠢᠷᠳᠡᠯᠲᠡᠶ ᠨᠠᠰᠤᠲᠠᠢᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠨᠥᠬᠥᠪᠥᠷᠢ᠎ᠶ᠋ᠢ 2.67 ᠳ᠋ᠦᠩᠱᠢᠭᠤᠷ ᠲᠥᠭᠥᠷᠢᠭ ᠲᠠᠷᠬᠠᠭᠠᠵᠤ᠂ 49.2 ᠲᠦᠮᠡᠨ ᠨᠠᠰᠤᠲᠠᠢᠴᠤᠳ᠎ᠲᠤ ᠠᠱᠢᠭ ᠬᠦᠷᠲᠡᠭᠡᠪᠡ᠃ ᠵᠡᠮᠳᠡᠭ᠌ᠴᠦᠳ᠎ᠦᠨ 《ᠬᠣᠶᠠᠷ ᠵᠦᠶ᠋ᠯ᠎ᠦᠨ ᠨᠥᠬᠥᠪᠥᠷᠢ》 ᠶ᠋ᠢᠨ ᠪᠠᠯᠠ ᠮᠥᠩᠭᠥ᠎ᠶ᠋ᠢ 11.1 ᠳ᠋ᠦᠩᠱᠢᠭᠤᠷ ᠲᠥᠭᠥᠷᠢᠭ ᠲᠠᠷᠬᠠᠭᠠᠪᠠ᠃
《ᠦᠲᠡᠭᠦᠰ ᠪᠠ ᠨᠢᠯᠬᠠᠰ》᠎ᠢ᠋ ᠬᠠᠷᠠᠭᠠᠯᠵᠠᠨ ᠠᠰᠠᠷᠠᠬᠤ᠎ᠡᠴᠡ ᠠᠪᠤᠭᠠᠳ ᠰᠣᠶᠣᠯ ᠪᠡᠶ᠎ᠡ᠎ᠶ᠋ᠢᠨ ᠲᠠᠮᠢᠷ᠎ᠤᠨ ᠠᠮᠢᠳᠤᠷᠠᠯ᠎ᠤᠨ ᠲᠠᠯ᠎ᠠ ᠪᠡᠷ ᠬᠢ ᠬᠠᠩᠭᠠᠯᠭ᠎ᠠ ᠵᠢ ᠪᠠᠶᠠᠯᠢᠬᠵᠢᠭᠤᠯᠤᠬᠰᠠᠨ ᠬᠦᠷᠲᠡᠯ᠎ᠡ᠂ ᠰᠤᠷᠭᠠᠨ ᠬᠥᠮᠦᠵᠢᠯ ᠡᠮ ᠡᠮᠨᠡᠯᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ ᠰᠢᠯᠢᠳᠡᠭᠵᠢᠭᠦᠯᠬᠦ᠎ᠡᠴᠡ ᠠᠪᠤᠭᠠᠳ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠳᠦᠭᠦᠮ ᠲᠦᠷᠬᠡᠨ ᠦᠨᠳᠦᠷ ᠪᠦᠲᠦᠮᠵᠢ᠎ᠲᠠᠢ ᠪᠤᠯᠭᠠᠬᠰᠠᠨ ᠬᠦᠷᠲᠡᠯ᠎ᠡ᠂ ᠮᠠᠨ᠎ᠤ ᠣᠷᠣᠨ ᠪᠦᠬᠦ᠌ ᠲᠠᠯ᠎ᠠ᠎ᠪᠠᠷ ᠬᠦᠴᠦᠯᠡᠵᠦ᠍᠂ ᠤᠯᠠᠨ ᠲᠠᠯ᠎ᠠ᠎ᠡᠴᠡ ᠠᠬᠢᠭᠤᠯᠵᠤ᠂ ᠬᠣᠯᠪᠣᠭ᠍ᠳᠠᠯ ᠪᠦᠬᠦᠢ ᠬᠦᠷᠢᠶᠡᠨ᠎ᠳᠦ ᠲᠠᠰᠤᠷᠠᠯᠳᠠ ᠦᠬᠡᠢ ᠬᠢᠯᠠᠰ ᠴᠡᠭ ᠢᠯᠡᠷᠡᠪᠡ᠃