ᠡᠨᠡ ᠵᠢᠯ ᠥᠪᠥᠷ ᠮᠣᠩᠭᠣᠯ᠎ᠤᠨ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠦᠨ ᠵᠠᠷᠤᠯᠭ᠎ᠠ᠎ᠶᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠤ ᠦᠢᠯᠡᠰ᠎ᠦᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠬᠦᠯᠬᠦ ᠵᠡᠷᠭᠡ ᠵᠠᠩᠭᠢᠯᠠᠭ᠎ᠠ ᠵᠢᠨ ᠬᠦᠷᠢᠶᠡᠨ᠎ᠳᠦ ᠨᠡᠩ ᠢᠯᠡᠭᠦᠦ ᠤᠷᠤᠭᠤᠯᠤᠨ᠎ᠠ
2026-02-05 10:54:48
ᠵᠣᠬᠢᠶᠠᠭ᠍ᠴᠢ᠄
​ᠰᠦᠩ ᠱᠤᠸᠠᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 4 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠳᠡᠭᠡᠷ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠰᠥᠪ᠎ᠢ ᠭᠦᠢᠴᠡᠳᠬᠡᠭᠰᠡᠨ ᠪᠠᠢᠳᠠᠯ ᠪᠠ 2026 ᠣᠨ᠎ᠤ ᠲᠥᠰᠥᠪ᠎ᠦᠨ ᠲᠥᠰᠥᠯ᠎ᠦᠨ ᠲᠤᠬᠠᠢ ᠮᠡᠳᠡᠭᠦᠯᠦᠯᠲᠡ》 (ᠳᠣᠷᠣᠭ᠍ᠰᠢ 《ᠮᠡᠳᠡᠭᠦᠯᠦᠯᠲᠡ》 ᠭᠡᠵᠦ ᠲᠤᠪᠴᠢᠯᠠᠨ᠎ᠠ)  ᠶ᠋ᠢ ᠪᠢᠴᠢᠭ᠎ᠦᠨ ᠬᠡᠯᠪᠡᠷᠢ᠎ᠪᠡᠷ ᠶᠡᠬᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠪᠡ᠃

《ᠮᠡᠳᠡᠭᠦᠯᠦᠯᠲᠡ》᠎ᠳ᠋ᠤ᠌ ᠢᠯᠡᠷᠡᠭᠦᠯᠦᠭᠰᠡᠨ᠎ᠢᠶᠡᠷ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠦᠨ ᠭᠣᠣᠯᠳᠠᠯᠭ᠎ᠠ᠎ᠲᠠᠢ ᠵᠠᠷᠤᠯᠭ᠎ᠠ᠎ᠳᠤ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠠᠷᠠᠯᠲᠠ ᠡᠭᠦᠷᠭᠡ᠎ᠶᠢ ᠪᠠᠲᠦ ᠡᠵᠡᠮᠳᠡᠵᠤ᠂ ᠲᠦᠭᠰᠢᠭᠦᠷᠢ᠎ᠶᠢ ᠰᠡᠷᠭᠡᠢᠯᠡᠵᠤ ᠦᠷ᠎ᠡ ᠪᠦᠲᠦᠭᠡᠯ᠎ᠢ ᠪᠡᠬᠢᠵᠢᠭᠦᠯᠦᠭᠰᠡᠨ ᠰᠠᠭᠤᠷᠢᠨ ᠳᠡᠭᠡᠷ᠎ᠡ᠂ ᠨᠠᠩ ᠣᠯᠠᠨ ᠪᠡᠯᠡ ᠮᠥᠩᠭᠥ᠎ᠶᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ᠂ ᠰᠠᠭᠤᠷᠢ ᠲᠦᠬᠦᠭᠡᠷᠦᠮᠵᠢ᠎ᠶᠢᠨ ᠳᠤᠲᠠᠭᠤᠳᠠᠯ᠎ᠢ ᠨᠥᠬᠥᠪᠦᠷᠢᠯᠡᠬᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠬᠦ ᠵᠡᠷᠭᠡ ᠵᠠᠩᠭᠢᠯᠠᠭ᠎ᠠ᠎ᠶᠢᠨ ᠬᠦᠷᠢᠶᠡᠨ᠎ᠳᠦ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃ ᠳᠣᠣᠷᠠᠬᠢ ᠵᠢᠷᠭᠤᠭᠠᠨ ᠲᠠᠯ᠎ᠠ᠎ᠶᠢᠨ ᠠᠵᠢᠯ᠎ᠢ ᠭᠣᠣᠯᠳᠠᠯᠭ᠎ᠠ᠎ᠲᠠᠢ ᠰᠠᠢᠲᠤᠷ ᠬᠢᠨ᠎ᠡ᠄ ᠨᠢᠭᠡ᠎ᠳᠦ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠬᠦᠴᠦᠨ᠎ᠢᠶᠡᠨ ᠨᠡᠮᠡᠭᠳᠡᠭᠦᠯᠦᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ ᠬᠥᠭᠵᠢᠯᠲᠡ᠎ᠶᠢ ᠠᠬᠢᠭᠤᠯᠤᠨ᠎ᠠ; ᠬᠣᠶᠠᠷ᠎ᠲᠤ ᠠᠶᠤᠯ ᠲᠦᠭᠰᠢᠭᠦᠷᠢ᠎ᠶᠢ ᠰᠡᠷᠭᠡᠢᠯᠡᠨ ᠨᠠᠮᠳᠠᠭᠠᠬᠤ᠎ᠶᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠨ᠎ᠡ; ᠭᠤᠷᠪᠠ᠎ᠳᠤ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠨ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢ ᠪᠡᠨ ᠬᠦᠴᠦᠷᠬᠡᠭᠵᠢᠬᠦᠯᠬᠦ᠎ᠶᠢ ᠠᠬᠢᠭᠤᠯᠤᠨ᠎ᠠ; ᠳᠥᠷᠪᠡ᠎ᠳᠦ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢ ᠲᠡᠮᠵᠢᠵᠤ᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ ᠪᠡᠷ ᠬᠡᠷᠡᠭᠵᠢᠭᠦᠯᠵᠦ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠦᠨ᠎ᠡ; ᠲᠠᠪᠤ᠎ᠳᠤ ᠬᠤᠳᠠ ᠬᠥᠳᠡᠭᠡ᠎ᠶᠢᠨ ᠠᠭᠤᠰᠤᠯᠴᠠᠯ ᠪᠠ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠠᠬᠢᠭᠤᠯᠵᠤ᠂ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠦᠨ᠎ᠡ; ᠵᠢᠷᠭᠤᠭ᠎ᠠ᠎ᠳᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ᠎ᠶᠢ ᠪᠠᠭᠤᠷᠠᠭᠤᠯᠬᠤ ᠪᠣᠬᠢᠷᠲᠤᠯ᠎ᠢ ᠪᠠᠭᠠᠰᠬᠠᠬᠤ ᠨᠣᠭᠣᠭᠠᠷᠠᠭᠤᠯᠤᠯᠲᠠ᠎ᠶᠢ ᠥᠷᠭᠡᠳᠬᠡᠬᠦ᠎ᠶᠢ ᠬᠠᠮᠵᠢᠯᠴᠠᠨ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠢ ᠦᠷᠭᠦᠯᠵᠢᠯᠡᠨ ᠰᠠᠢᠵᠢᠷᠠᠭᠤᠯᠬᠤ᠎ᠳᠤ ᠬᠦᠴᠦ ᠨᠡᠮᠡᠷᠢᠯᠡᠨ᠎ᠡ᠃

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ ᠮᠥᠨ᠂ ᠡᠳ᠋᠎ᠦᠨ ᠵᠠᠰᠠᠭ᠎ᠤᠨ ᠠᠵᠢᠯ᠎ᠢ ᠰᠠᠢᠲᠤᠷ ᠬᠢᠬᠦ ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠪᠥᠭᠡᠳ ᠡᠭᠦᠷᠭᠡ ᠬᠦᠨᠳᠦ ᠶᠤᠮ᠃ 《ᠮᠡᠳᠡᠭᠦᠯᠦᠯᠲᠡ》 ᠳ᠋ᠤ ᠢᠯᠡᠷᠡᠭᠦᠯᠦᠭᠰᠡᠨ᠎ᠢᠶᠡᠷ᠂ 2026 ᠣᠨ᠎ᠤ ᠪᠥᠬᠥ ᠣᠷᠣᠨ᠎ᠤ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠦᠨ ᠣᠷᠣᠯᠭ᠎ᠠ ᠵᠢᠱ᠌ᠢᠯᠲᠡ᠎ᠪᠡᠷ 3050 ᠳ᠋ᠦᠩᠰᠢᠭᠤᠷ ᠲᠥᠭᠥᠷᠢᠭ ᠪᠠᠢᠵᠤ᠂ 2025 ᠣᠨ᠎ᠤ ᠪᠡᠶᠡᠯᠡᠭᠦᠯᠦᠭᠰᠡᠨ ᠲᠣᠭ᠎ᠠ᠎ᠡᠴᠡ 44.8 ᠳ᠋ᠦᠩᠰᠢᠭᠤᠷ ᠲᠥᠭᠥᠷᠢᠭ ᠨᠡᠮᠡᠭᠳᠡᠬᠦ ᠪᠣᠯᠣᠨ᠎ᠠ᠃ ᠪᠥᠬᠥ ᠣᠷᠣᠨ᠎ᠤ ᠡᠩ᠎ᠤᠨ ᠤᠯᠠᠨ ᠨᠡᠶ᠋ᠢᠲᠡ᠎ᠶᠢᠨ ᠲᠥᠰᠥᠪ᠎ᠤᠨ ᠵᠠᠷᠤᠯᠭ᠎ᠠ᠎ᠶᠢ 6750  ᠳ᠋ᠥᠨᠭ᠌ᠰᠢᠭᠤᠷ ᠲᠥᠭᠥᠷᠢᠭ ᠲᠣᠬᠢᠷᠠᠭᠤᠯᠵᠤ᠂ 114.6 ᠳ᠋ᠥᠨᠭ᠌ᠰᠢᠭᠤᠷ ᠲᠥᠭᠥᠷᠢᠭ ᠨᠡᠮᠡᠭᠳᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号