— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠥᠬᠥ᠌ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ
ᠡᠨᠡ ᠵᠢᠯ᠎ᠦᠨ ᠬᠣᠶᠠᠷ ᠬᠤᠷᠠᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ ᠬᠤᠷᠠᠯᠳᠤᠭ᠍ᠰᠠᠨ ᠦᠪᠡᠳᠡᠭ᠌ᠰᠢ ᠬᠤᠷᠠᠯ ᠪᠣᠯᠤᠨ᠎ᠠ᠂ ᠮᠠᠨ᠎ᠤ ᠣᠷᠣᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠥᠷᠭᠡᠨ ᠤᠯᠠᠨ ᠺᠠᠳ᠋ᠷ ᠤᠯᠠᠨ ᠲᠦᠮᠡᠨ ᠰᠦᠯᠵᠢᠶ᠎ᠡ᠂ ᠭᠠᠷ ᠤᠲᠠᠰᠤ᠂ ᠰᠣᠨᠢᠨ ᠰᠡᠳᠬᠦᠯ᠂ ᠲᠧᠯᠸᠢᠰ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠶᠡᠬᠡ ᠬᠤᠷᠠᠯ᠎ᠤᠨ ᠦᠪᠡᠳᠡᠭ᠌ᠰᠢ ᠪᠠᠢᠳᠠᠯ᠎ᠢ ᠢᠳᠡᠪᠬᠢᠲᠡᠢ ᠬᠦᠯᠢᠶᠡᠨ ᠠᠪᠴᠤ᠌ ᠰᠣᠨᠣᠰᠤᠨ ᠦᠵᠡᠵᠦ᠍᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠪᠠ᠃ ᠤᠯᠠᠨ᠎ᠢᠶᠠᠷ᠎ᠢᠶᠠᠨ᠂ ᠥᠪᠡᠷ᠎ᠦᠨ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠡᠷᠡᠮᠡᠬᠡᠢᠯᠡᠨ ᠤᠷᠤᠭ᠍ᠰᠢᠯᠠᠵᠤ᠂ ᠪᠦᠯᠬᠦᠮᠳᠡᠨ ᠲᠡᠮᠡᠴᠡᠵᠦ᠍᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠱᠢᠨ᠎ᠡ ᠠᠶᠠᠨ᠎ᠳᠠᠭᠠᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃
ᠦᠪᠡᠳᠡᠭ᠌ᠰᠢ ᠬᠤᠷᠠᠯ ᠡᠴᠡ ᠱᠢᠨ᠎ᠡ ᠵᠢᠷᠤᠭ ᠲᠦᠰᠦᠪ᠎ᠢ ᠵᠢᠷᠤᠭ᠍ᠯᠠᠵᠦ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠨ ᠱᠢᠨ᠎ᠡ ᠪᠠᠢᠳᠠᠯ᠎ᠢ ᠡᠬᠦᠳᠦᠨ᠎ᠡ
《ᠪᠥᠬᠥ᠌ ᠱᠢᠶᠠᠨ᠎ᠤ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ 2021 ᠣᠨ᠎ᠳᠤ 246 ᠲᠦᠮᠡᠨ ᠺᠢᠯᠦᠸᠠᠲ ᠪᠠᠢᠭ᠍ᠰᠠᠨ᠎ᠡᠴᠡ᠎ᠪᠠᠨ ᠲᠦᠷᠭᠡᠨ ᠳᠡᠭᠡᠭ᠌ᠰᠢᠯᠡᠭᠡᠳ 2025 ᠣᠨ᠎ᠳᠤ 337 ᠲᠦᠮᠡᠨ ᠺᠢᠯᠦᠸᠠᠲ ᠪᠣᠯᠵᠣ᠂ ᠪᠠᠷᠤᠭ ᠵᠠᠭᠤᠨ ᠲᠦᠮᠡᠨ ᠺᠢᠯᠦᠸᠠᠲ ᠱᠢᠨ᠎ᠡ᠎ᠪᠡᠷ ᠨᠡᠮᠡᠭ᠌ᠳᠡᠵᠦ᠍᠂ ᠨᠡᠮᠡᠭ᠌ᠳᠡᠯ᠎ᠦᠨ ᠬᠡᠮᠵᠢᠶ᠎ᠡ᠎ᠨᠢ 36.9% ᠳ᠋ᠤ ᠬᠦᠷᠴᠡᠶ》᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠦᠴᠦᠸᠠᠨ ᠱᠢᠶᠠᠨ᠎ᠤ ᠣᠯᠤᠭ᠍ᠰᠠᠨ ᠠᠮᠵᠢᠯᠲᠠ ᠪᠦᠲᠦᠮᠵᠢ᠎ᠶ᠋ᠢ ᠶᠠᠷᠢᠬᠤ᠎ᠳᠤ᠂ ᠲᠣᠰ ᠱᠢᠶᠠᠨ᠎ᠤ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠡᠷᠬᠢᠯᠡᠭ᠌ᠴᠢ ᠯᠢᠶᠠᠩ ᠱᠠᠩ ᠷᠧᠨ ᠮᠠᠰᠢ ᠣᠮᠣᠭ᠍ᠰᠢᠵᠤ ᠪᠠᠢᠯ᠎ᠠ᠃ ᠲᠡᠷᠡ᠂ ᠦᠴᠦᠸᠠᠨ ᠱᠢᠶᠠᠨ 105 ᠲᠦᠮᠡᠨ ᠺᠢᠯᠦᠸᠠᠲ᠎ᠤᠨ ᠲᠤᠤᠷ ᠲᠦ᠍ ᠤᠷᠤᠭᠤᠯᠤᠭᠰᠠᠨ ᠰᠠᠯᠬᠢᠨ ᠬᠦᠴᠦᠨ᠎ᠦ ᠴᠠᠬᠢᠯᠭᠠᠨ᠎ᠤ ᠲᠦᠷᠦᠯ ᠵᠦᠢᠯ᠂ 30 ᠲᠦᠮᠡᠨ ᠺᠢᠯᠦᠸᠠᠲ᠎ᠤᠨ ᠱᠢᠨ᠎ᠡ ᠬᠡᠯᠪᠡᠷᠢ᠎ᠶ᠋ᠢᠨ ᠪᠡᠶ᠎ᠡ᠎ᠪᠡᠨ ᠳᠠᠭᠠᠭᠠᠭ᠍ᠰᠠᠨ ᠡᠨᠧᠷᠭᠢ ᠨᠦᠬᠡᠴᠡᠯᠡᠬᠦ ᠲᠦᠷᠦᠯ ᠵᠦᠢᠯ᠎ᠢᠶᠡᠷ ᠭᠠᠷᠳᠠᠴᠠ ᠪᠣᠯᠭᠠᠵᠤ᠂ 《ᠪᠣᠬᠢᠷᠲᠤᠯ ᠦᠭᠡᠢ ᠴᠠᠬᠢᠯᠭᠠᠨ +》 ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠪᠦᠬᠦ᠌ ᠬᠦᠴᠦᠨ᠎ᠢᠶᠡᠷ ᠠᠬᠢᠭᠤᠯᠵᠤ᠂ ᠴᠡᠪᠡᠷ ᠡᠨᠧᠷᠭᠢ᠎ᠶ᠋ᠢ ᠲᠤᠬᠠᠢ᠎ᠶ᠋ᠢᠨ ᠭᠠᠵᠠᠷ᠎ᠲᠤᠨᠢ ᠱᠢᠩᠭᠡᠭᠡᠨ ᠠᠪᠬᠤ᠂ ᠠᠵᠤ ᠦᠢᠯᠡᠰ᠎ᠦᠨ ᠠᠪᠴᠠᠯᠳᠤᠯ᠂ ᠦᠷᠳᠡᠭ ᠨᠡᠮᠡᠭ᠌ᠳᠡᠯ᠎ᠦᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠵᠤ᠂ ᠲᠡᠭᠦᠨ᠎ᠢ ᠠᠯᠢ ᠲᠦᠷᠭᠡᠨ᠎ᠢᠶᠡᠷ ᠬᠤᠰᠢᠭᠤ ᠱᠢᠶᠠᠨᠦ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠨᠡᠷ᠎ᠡ ᠨᠢᠳᠡᠷ᠎ᠲᠡᠬᠡᠨ ᠨᠡᠢᠴᠡᠭ᠌ᠰᠡᠨ ᠭᠣᠣᠯᠯᠠᠭ᠍ᠴᠢ ᠠᠵᠤ ᠦᠢᠯᠡᠰ ᠪᠣᠯᠭᠠᠨ᠎ᠠ ᠭᠡᠵᠦ᠍ ᠢᠯᠡᠳᠭᠡᠪᠡ᠃
《2025 ᠣᠨ᠎ᠳᠤ᠂ ᠦᠡᠡᠡᠶ ᠬᠣᠲᠠ᠎ᠶ᠋ᠢᠨ ᠭᠠᠳᠠᠭᠠᠳᠤ ᠠᠷᠠᠯᠵᠢᠶ᠎ᠠ ᠬᠥᠮᠦᠰ᠎ᠦᠨ ᠠᠩᠬᠠᠷᠤᠯ᠎ᠢ ᠲᠠᠲᠠᠭ᠍ᠰᠠᠨ ᠬᠢᠷᠢ ᠪᠦᠲᠦᠮᠵᠢ᠎ᠶ᠋ᠢᠨ ᠬᠠᠭᠤᠳᠠᠰᠤ᠎ᠶ᠋ᠢ ᠲᠤᠱᠢᠶᠠᠵᠤ᠂ ᠪᠥᠬᠥ᠌ ᠵᠢᠯ᠎ᠳᠦ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠶ ᠥᠷᠲᠡᠭ 19.84 ᠳ᠋ᠦᠩᠱᠢᠭᠤᠷ ᠲᠥᠭᠥᠷᠢᠭ᠎ᠲᠦ ᠬᠦᠷᠴᠦ᠍᠂ 2024ᠤᠨᠤᠬᠢᠡᠴᠡ 60.06% ᠪᠠᠷ ᠨᠡᠮᠡᠭ᠌ᠳᠡᠪᠡ᠂ ᠡᠨᠡ ᠬᠦ᠌ ᠭᠢᠯᠠᠯᠵᠠᠮ᠎ᠠ ᠠᠮᠵᠢᠯᠲᠠ ᠪᠦᠲᠦᠮᠵᠢ᠎ᠶ᠋ᠢ ᠬᠢᠯᠪᠠᠷ ᠪᠤᠰᠤ ᠪᠡᠷ ᠣᠯᠤᠭ᠍ᠰᠠᠨ ᠶᠤᠮ》᠃ ᠦᠡᠡᠡᠢ ᠪᠣᠭᠣᠮᠲᠠ᠎ᠶ᠋ᠢᠨ ᠳᠠᠷᠤᠭ᠎ᠠ ᠷᠧᠨ ᠴᠧᠨ᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠪᠠᠢᠷᠢᠯᠠᠭᠤᠯᠤᠯᠲᠠ ᠲᠤᠬᠢᠷᠠᠭᠤᠯᠤᠯᠳᠠ ᠬᠢᠵᠦ᠍᠂ ᠦᠡᠡᠡᠢ ᠬᠤᠳᠠ᠎ᠶ᠋ᠢᠨ ᠬᠢᠨ ᠬᠢᠯᠢ ᠠᠯᠤᠰᠯᠠᠭ᠍ᠰᠠᠨ ᠠᠷᠠᠯᠵᠢᠶᠠᠨ᠎ᠤ ᠳᠥᠭᠥᠮᠵᠢᠯᠳᠡ ᠵᠢᠨ ᠥᠭᠡᠷᠡᠴᠢᠯᠡᠯᠲᠡ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂《ᠪᠣᠭᠣᠮᠲᠠ ᠪᠣᠯᠤᠨ ᠠᠵᠤ ᠠᠬᠤᠢᠯᠠᠯ ᠵᠠᠢ ᠦᠭᠡᠢ ᠪᠠᠢᠬᠤ》 ᠦᠢᠯᠡᠴᠢᠯᠡᠭᠡᠨ᠎ᠦ ᠲᠦᠷᠦᠯ ᠲᠡᠮᠳᠡᠭ᠎ᠢ ᠲᠡᠭᠦᠯᠳᠡᠷᠵᠢᠭᠦᠯᠵᠦ᠍᠂ ᠨᠡᠩ ᠤᠯᠠᠨ ᠣᠷᠣᠨ ᠨᠤᠲᠤᠭ᠎ᠤᠨ ᠠᠵᠤ ᠠᠬᠤᠢᠯᠠᠯ᠎ᠤᠨ 《ᠭᠠᠳᠠᠭ᠍ᠰᠢ ᠭᠠᠷᠬᠤ》 ᠵᠢ ᠠᠬᠢᠭᠤᠯᠵᠤ᠂ ᠨᠡᠩ ᠱᠢᠯᠢᠳᠡᠭ ᠦᠢᠯᠡᠴᠢᠯᠡᠭᠡ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠡᠭᠦᠷᠭᠡᠯᠡᠯ᠎ᠢᠶᠡᠷ ᠣᠷᠣᠨ ᠨᠤᠲᠤᠭ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠪᠡ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠮᠠᠯ ᠠᠵᠤ ᠠᠬᠤᠶ ᠲᠠᠷᠢᠶᠠᠯᠠᠩ᠎ᠤᠨ ᠬᠡᠯᠪᠡᠷᠢ᠎ᠶᠢ ᠬᠤᠪᠢᠷᠠᠭᠤᠯᠤᠨ ᠬᠥᠭ᠌ᠵᠢᠭᠦᠯᠬᠦ᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ》 ᠶ᠋ᠢ 2026 ᠣᠨ᠎ᠤ ᠭᠤᠤᠯᠳᠠᠯᠭ᠎ᠠ᠎ᠲᠠᠶ ᠠᠵᠢᠯ᠎ᠳᠤ ᠣᠷᠣᠭᠤᠯᠤᠭᠰᠠᠨ ᠨᠢ ᠲᠦᠩᠯᠢᠶᠣᠤ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠵᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠪᠦᠦ ᠨᠠᠴᠢᠨᠳ᠋ᠤ ᠮᠥᠷᠥᠨ ᠳᠡᠭᠡᠷᠡᠬᠢ ᠬᠠᠷᠢᠭᠤᠴᠠᠯᠭ᠎ᠠ ᠬᠦᠨᠳᠦ ᠭᠡᠳᠡᠭ᠎ᠢ ᠭᠦᠨᠵᠡᠭᠡᠶ ᠮᠡᠳᠡᠷᠡᠭᠦᠯᠪᠡ᠃ ᠲᠡᠷᠡ᠂ ᠲᠦᠩᠯᠢᠶᠣᠤ ᠬᠣᠲᠠ ᠠᠮᠤ ᠪᠤᠳᠠᠭᠠᠨ᠎ᠤ ᠠᠮᠤᠷ ᠲᠦᠪᠱᠢᠨ᠎ᠢ ᠢᠮᠠᠭ᠍ᠲᠠ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠲᠡᠷᠢᠭᠦᠨ ᠪᠠᠢᠷᠢᠨ᠎ᠳᠤ ᠲᠠᠯᠪᠢᠵᠤ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ《ᠲᠦᠩᠯᠢᠶᠣᠤ᠎ᠶ᠋ᠢᠨ ᠵᠠᠭ᠍ᠪᠤᠷ》 ᠢ᠋ ᠤᠷᠤᠯᠠᠭᠤᠯᠤᠨ ᠲᠡᠭᠦᠯᠳᠡᠷᠵᠢᠭᠦᠯᠵᠦ᠍᠂ ᠡᠬᠢ ᠪᠠᠶᠠᠯᠢᠭ᠎ᠤᠨ ᠡᠯᠧᠮᠧᠨ᠋ᠲ᠎ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ᠎ᠶ᠋ᠢ ᠴᠢᠩᠭᠠᠳᠭᠠᠵᠤ᠂ ᠮᠢᠨᠭᠭ᠎ᠠ ᠲᠦᠮᠡᠨ ᠮᠥ᠍ ᠵᠢᠱ᠌ᠢᠶ᠎ᠡ ᠦᠵᠡᠭᠦᠯᠬᠦ᠌ ᠣᠷᠣᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠠᠬᠢᠭᠤᠯᠵᠤ᠂ ᠪᠥᠬᠥ᠌ ᠣᠷᠣᠨ᠎ᠤ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ ᠪᠠ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠶᠡᠬᠡ ᠲᠠᠯ᠎ᠠ᠎ᠳᠤ ᠨᠠᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠡᠴᠡ ᠲᠣᠳᠣᠷᠬᠠᠶ ᠲᠣᠭ᠍ᠲᠠᠭᠠᠭ᠍ᠰᠠᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠪᠠᠢᠷᠢᠯᠠᠭᠤᠯᠤᠯᠲᠠ ᠨᠢ ᠬᠥᠯᠥᠨ ᠪᠣᠢᠷ᠎ᠤᠨ ᠬᠢᠨᠠᠯᠲᠠ ᠬᠠᠮᠢᠶᠠᠷᠤᠯᠲᠠ᠎ᠶ᠋ᠢᠨ ᠡᠮᠦᠨ᠎ᠡ ᠹᠷᠣᠨᠲ᠎ᠲᠤ ᠥᠷᠭᠡᠨ ᠳᠡᠯᠭᠡᠷ ᠲᠤᠰᠭᠠᠯ ᠭᠠᠷᠪᠠ᠃ ᠬᠥᠯᠥᠨ ᠪᠣᠢᠷ ᠬᠣᠲᠠ᠎ᠶ᠋ᠢᠨ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠦ ᠲᠥᠪ᠎ᠦᠨ ᠡᠷᠬᠢᠯᠡᠭ᠌ᠴᠢ᠎ᠶ᠋ᠢᠨ ᠬᠠᠶ ᠢᠦᠶ᠂ ᠪᠢᠳᠠ 《 ᠡᠬᠢ ᠡᠭᠦᠰᠦᠯ ᠢ ᠨᠢ ᠮᠦᠷᠳᠡᠬᠦ ᠪᠦᠬᠦ ᠶᠠᠪᠤᠴᠠ ᠪᠠᠷ ᠨᠢ ᠪᠢᠲᠡᠭᠦᠮᠵᠢᠯᠡᠬᠦ᠎ᠵᠢ ᠪᠠᠲᠤ ᠴᠣᠭ᠍ᠴᠠᠯᠠᠬᠤ》 ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠪᠥᠬᠥ᠌ ᠬᠡᠯᠬᠢᠶ᠎ᠡ᠎ᠪᠡᠷ ᠨᠢ ᠪᠠᠢᠴᠠᠭᠠᠨ ᠬᠡᠮᠵᠢᠵᠦ᠍ ᠡᠬᠢ ᠡᠭᠦᠰᠦᠯ ᠢ ᠨᠢ ᠮᠦᠷᠳᠡᠬᠦ ᠲᠣᠭ᠍ᠲᠡᠴᠡ᠎ᠶ᠋ᠢ ᠭᠦᠨᠵᠡᠭᠡᠢᠷᠡᠭᠦᠯᠵᠦ᠍᠂ ᠤᠨᠤᠴᠠᠲᠠᠢ ᠬᠢᠨᠠᠨ ᠬᠡᠮᠵᠢᠬᠦ ᠪᠡᠷ 《ᠬᠥᠯᠥᠨ ᠪᠣᠢᠷ᠎ᠤᠨ ᠱᠢᠷ᠎ᠠ ᠪᠤᠷᠴᠠᠭ》 ᠵᠡᠷᠭᠡ ᠭᠠᠵᠠᠷ ᠵᠦᠢ᠎ᠵᠢᠨ ᠢᠯᠡᠷᠬᠡᠢᠯᠡᠯᠳᠤ ᠪᠦᠲᠦᠭᠡᠭ᠌ᠳᠡᠬᠦᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ ᠳ᠋ᠤ ᠬᠦᠴᠦᠨ ᠤᠯᠭᠤᠵᠤ᠂ ᠬᠥᠯᠥᠨ ᠪᠣᠢᠷ᠎ᠤᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠠᠵᠤ ᠦᠶ᠋ᠯᠡᠰ᠎ᠦᠨ ᠡᠷᠡᠭᠦᠯ᠎ᠢᠶᠡᠷ ᠬᠥᠭ᠌ᠵᠢᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ ᠭᠡᠵᠦ ᠢᠯᠡᠳᠭᠡᠪᠡ᠃
ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍ ᠱᠢᠨ᠎ᠡ ᠠᠶᠠᠨ᠎ᠢᠶᠠᠨ ᠡᠬᠢᠯᠡᠭᠦᠯᠦᠨ᠎ᠡ
《ᠨᠢᠳᠤᠨᠤᠨ ᠮᠠᠨ᠎ᠤ ᠵᠢᠱ᠌ᠢᠶ᠎ᠡ ᠦᠵᠡᠭᠦᠯᠬᠦ᠌ ᠣᠷᠣᠨ᠎ᠤ ᠠᠮᠤ ᠪᠤᠳᠠᠭᠠᠨ᠎ᠤ ᠶᠡᠷᠦᠩᠬᠡᠶ ᠤᠨᠠᠯᠲᠠ 0.38 ᠳ᠋ᠦᠩᠱᠢᠭᠤᠷ ᠵᠢᠩ᠎ᠢ ᠳᠠᠪᠠᠵᠤ᠂ ᠮᠥ᠍ ᠲᠤᠮᠳᠠᠴᠢ ᠵᠢᠨ ᠤᠨᠠᠯᠲᠠ 1144.64 ᠺᠢᠯᠣᠭ᠌ᠷᠠᠮ᠎ᠳᠤ ᠬᠦᠷᠴᠦ᠍᠂ ᠥᠨᠳᠥᠷ ᠤᠨᠠᠯᠲᠠ᠎ᠶ᠋ᠢᠨ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠪᠡ᠃ ᠲᠠᠷᠠᠭᠠᠴᠢ ᠶ᠋ᠢᠨ ᠠᠯᠬᠤᠮ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠢᠱ᠌ᠢᠶ᠎ᠡ ᠦᠵᠡᠭᠦᠯᠬᠦ᠌ ᠣᠷᠣᠨ ᠦᠷᠭᠦᠯᠵᠢᠯᠡᠨ ᠭᠤᠤᠯ ᠡᠭᠦᠷᠭᠡ᠎ᠪᠡᠨ ᠲᠣᠭ᠍ᠲᠠᠭᠠᠵᠤ᠂ ᠡᠬᠢ ᠪᠠᠶᠠᠯᠢᠭ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠦᠴᠦᠨ ᠣᠯᠭᠣᠬᠤ᠂ ᠠᠵᠤ ᠦᠶ᠋ᠯᠡᠰ᠎ᠢᠶᠡᠷ ᠬᠡᠯᠬᠢᠶ᠎ᠡ᠎ᠶ᠋ᠢ ᠨᠥᠬᠥᠪᠥᠷᠢᠯᠡᠬᠦ᠌᠂ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠳᠡᠭᠡᠷ᠎ᠡ ᠦᠷᠭᠦᠯᠵᠢᠯᠡᠨ ᠬᠦᠴᠦᠯᠡᠵᠦ᠍᠂ ᠮᠠᠯ ᠠᠵᠤ ᠠᠬᠤᠶ ᠲᠠᠷᠢᠶᠠᠯᠠᠩ᠎ᠤᠨ ᠬᠥᠭ᠌ᠵᠢᠯᠲᠡ᠎ᠶ᠋ᠢ ᠳᠠᠬᠢᠨ ᠱᠢᠨ᠎ᠡ ᠳᠡᠭ᠌ᠲᠡᠷ᠎ᠲᠦ ᠭᠠᠷᠭᠠᠬᠤ᠎ᠶ᠋ᠢ ᠠᠬᠢᠭᠤᠯᠵᠤ᠂ ᠠᠵᠤ ᠦᠶ᠋ᠯᠡᠰ ᠬᠥᠭ᠌ᠵᠢᠨ ᠪᠠᠳᠠᠷᠠᠭ᠍ᠰᠠᠨ ᠬᠥᠳᠡᠯᠭᠡᠬᠦ᠌ ᠴᠢᠳᠠᠪᠤᠷᠢ᠎ᠶ᠋ᠢ ᠨᠠᠩ ᠡᠷᠴᠢᠮᠲᠡᠶ ᠪᠣᠯᠭᠠᠵᠤ᠂ ᠡᠶ᠎ᠡ ᠵᠤᠬᠢᠴᠠᠨᠭᠭᠤᠢ ᠦᠵᠡᠰᠭᠦᠯᠡᠨᠭᠲᠦ ᠰᠠᠢᠬᠠᠨ ᠬᠥᠳᠡᠭᠡ ᠲᠣᠰᠭᠣᠨ᠎ᠤ ᠵᠢᠷᠤᠭ ᠲᠥᠰᠦᠪ᠎ᠢ ᠨᠠᠩ ᠭᠣᠢᠳᠠ ᠰᠠᠢᠬᠠᠨ ᠪᠣᠯᠭᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠠᠶᠠᠨ᠎ᠳᠤ ᠡᠯᠪᠡᠭ ᠬᠤᠷᠢᠶᠠᠯᠲᠠ᠎ᠶᠢᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠨ᠎ᠡ》 ᠭᠡᠵᠦ ᠠᠯᠠᠱᠠ ᠠᠢᠮᠠᠭ᠎ᠤᠨ ᠬᠤᠶᠠᠷᠬᠤᠳᠳᠤᠭᠠᠮᠢ ᠠᠬᠤᠢ᠎ᠶ᠋ᠢᠨ ᠨᠡᠭᠦᠳᠡᠯ ᠠᠷᠠᠳ᠎ᠤᠨ ᠵᠢᠱ᠌ᠢᠢ᠎ᠡ ᠦᠵᠡᠭᠦᠯᠬᠦ᠌ ᠲᠤᠭᠤᠷᠢᠭ᠎ᠤᠨ ᠲᠠᠷᠢᠶᠠᠯᠠᠩ ᠮᠠᠯ ᠠᠵᠤ ᠠᠬᠤᠢ ᠤᠢ ᠱᠢᠭᠤᠢ ᠤᠰᠤᠨ᠎ᠤ ᠲᠣᠪᠴᠢᠶᠠᠨ᠎ᠤ ᠳᠡᠳ᠋ ᠳᠠᠷᠤᠭ᠎ᠠ ᠸᠠᠩ ᠬᠠᠢ ᠶᠠᠨ ᠬᠡᠯᠡᠪᠡ᠃
ᠱᠢᠯᠢᠩᠬᠣᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠦ᠋ ᠰᠢᠩ᠄ 《2026 ᠣᠨ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠡᠬᠢᠯᠡᠯᠲᠡ᠎ᠶ᠋ᠢᠨ ᠵᠢᠯ ᠪᠣᠯᠤᠭ᠍ᠰᠠᠨ᠎ᠤ ᠬᠤᠪᠢ᠎ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ᠎ᠶᠢᠨ 〈1571〉 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ ᠡᠨᠧᠷᠭᠢ᠎ᠶ᠋ᠢᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠭᠦᠨᠵᠡᠭᠡᠢᠷᠡᠭᠦᠯᠵᠦ᠍᠂ ᠲᠣᠨᠣᠭ᠍ᠯᠠᠯ ᠦᠢᠯᠡᠳᠬᠦ᠌ ᠪᠦᠬᠦ᠌ ᠬᠡᠯᠬᠢᠶᠡᠨ᠎ᠦ ᠲᠡᠰ ᠳᠡᠪᠱᠢᠬᠦ᠌᠎ᠶ᠋ᠢ ᠴᠢᠩᠭᠠᠳᠭᠠᠵᠤ᠂ ᠨᠡᠩ ᠤᠯᠠᠨ ᠱᠢᠯᠢᠳᠡᠭ ᠠᠵᠤ ᠦᠢᠯᠡᠰ᠎ᠦᠨ ᠪᠦᠯᠦᠭ᠌ᠵᠢᠯ᠎ᠢ ᠪᠣᠢᠵᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠡᠵᠦ᠍᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠰᠠᠭᠤᠷᠢ᠎ᠶ᠋ᠢ ᠪᠡᠬᠢᠵᠢᠭᠦᠯᠦᠨ᠎ᠡ᠃ ᠡᠭᠦᠨ᠎ᠦ ᠬᠠᠮᠲᠤ᠂ ᠠᠷᠠᠯᠵᠢᠶ᠎ᠠ ᠬᠤᠳᠠᠯᠳᠤᠭᠠᠨ᠎ᠤ ᠭᠦᠶ᠋ᠯᠭᠡᠭᠡᠨ᠎ᠦ ᠬᠦᠷᠢᠶᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ ᠢ ᠨᠡᠮᠡᠭ᠌ᠳᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭ᠎ᠠ ᠳᠡᠯᠭᠡᠭᠦᠷ᠎ᠢ ᠥᠭᠡᠷᠡᠴᠢᠯᠡᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠣᠨᠴᠠᠯᠢᠭ ᠪᠥᠬᠥᠶ ᠪᠣᠷᠣᠯᠠᠭᠤᠯᠭ᠎ᠠ᠎ᠶ᠋ᠢ ᠠᠬᠢᠭᠤᠯᠬᠤ ᠠᠵᠢᠯᠯᠠᠭ᠎ᠠ᠎ᠶ᠋ᠢ ᠬᠤᠯᠪᠤᠭᠠᠯᠠᠨ ᠥᠷᠨᠢᠭᠦᠯᠵᠦ᠍᠂ ᠬᠡᠷᠡᠭ᠌ᠯᠡᠭᠡᠨ᠎ᠦ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭᠠᠯᠠᠨ ᠬᠦᠳᠡᠯᠦᠯᠴᠡᠬᠦ᠂ ᠦᠶ᠋ᠯᠡᠳᠪᠦᠷᠢᠯᠡᠯ ᠪᠣᠷᠣᠯᠠᠭᠤᠯᠭ᠎ᠠ ᠬᠠᠷᠢᠯᠴᠠᠨ ᠠᠬᠢᠭᠤᠯᠤᠭ᠍ᠰᠠᠨ ᠰᠠᠢᠨ ᠰᠠᠢᠬᠠᠨ ᠪᠠᠢᠳᠠᠯ᠎ᠢᠶᠠᠷ ᠱᠢᠯᠢᠩᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠨ᠎ᠡ》 ᠭᠡᠵᠦ ᠬᠡᠯᠡᠪᠡ᠃
《ᠣᠢᠷ᠎ᠠ ᠶᠢᠨ ᠵᠢᠯ᠎ᠦᠳ᠎ᠲᠦ᠂ ᠮᠠᠨ᠎ᠤ ᠰᠤᠮᠤ ᠤᠯᠤᠰ᠎ᠤᠨ ᠲᠠᠰ᠎ᠤᠨ ᠤᠯᠠᠭᠠᠨ ᠴᠢᠪᠠᠭ᠎ᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ᠎ᠳᠦ ᠲᠦᠰᠢᠭᠯᠡᠨ ᠴᠢᠪᠠᠭ᠎ᠠ ᠵᠢᠨ ᠰᠠᠢᠨ ᠡᠭᠦᠯᠳᠡᠷ᠎ᠢ ᠪᠣᠢᠵᠢᠭᠤᠯᠵᠤ᠂ ᠤᠯᠠᠭᠠᠨ ᠴᠢᠪᠠᠭ᠎ᠠ᠎ᠶᠢᠨ ᠮᠦ᠍ ᠲᠤᠮᠳᠠᠴᠢ ᠵᠢᠨ ᠤᠨᠠᠯᠲᠠ᠎ᠶᠢ 25% ᠪᠡᠷ ᠨᠡᠮᠡᠭᠳᠡᠭᠦᠯᠵᠦ᠂ ᠤᠯᠠᠭᠠᠨ ᠠᠮᠤ᠎ᠶᠢᠨ ᠠᠵᠤ ᠦᠢᠯᠡᠰ᠎ᠢ 〈ᠳᠥᠷᠪᠡ᠎ᠶᠢ ᠬᠡᠯᠲᠦᠷᠢᠭᠦᠯᠵᠦ ᠨᠢᠭᠡ᠎ᠶᠢ ᠪᠠᠲᠤᠯᠠᠬᠤ〉 ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠮᠠᠯᠵᠢᠬᠤ ᠲᠠᠷᠢᠶᠠᠯᠠᠬᠤ ᠡᠷᠦᠬᠡ᠎ᠶᠢᠨ ᠣᠷᠣᠯᠭ᠎ᠠ᠎ᠶᠢ ᠨᠡᠮᠡᠭᠳᠡᠭᠦᠯᠬᠦ᠎ᠶᠢᠨ ᠬᠠᠮᠲᠤ᠂ ᠨᠠᠷᠢᠨ ᠨᠣᠣᠰᠣᠲᠤ ᠬᠣᠨᠢ᠂ ᠮᠢᠬᠠᠨ᠎ᠤ ᠦᠬᠡᠷ᠎ᠦᠨ ᠠᠵᠤ ᠦᠢᠯᠡᠰ᠎ᠢ ᠤᠶᠤᠨᠲᠦ ᠪᠡᠷ ᠲᠡᠵᠢᠭᠡᠨ ᠦᠷᠡᠵᠢᠭᠦᠯᠵᠦ᠂ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠤᠭᠰᠠᠨ᠎ᠢᠶᠠᠷ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠠᠰᠢᠭ᠋ ᠣᠷᠣᠯᠭ᠎ᠠ᠎ᠶᠢ ᠵᠡᠷᠭᠡ᠎ᠪᠡᠷ ᠳᠡᠭᠡᠭᠰᠢᠯᠡᠭᠦᠯᠪᠡ᠃ ᠳᠠᠷᠠᠭᠠᠴᠢ᠎ᠶᠢᠨ ᠠᠯᠬᠤᠮ᠎ᠳᠤ᠂ ᠪᠢᠳᠠ ᠦᠷᠭᠦᠯᠵᠢᠯᠡᠨ ᠣᠨᠴᠠᠯᠢᠭ᠍ᠲᠤ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠢᠡᠷ ᠡᠨ᠋ᠸᠷᠭᠢ ᠣᠯᠭᠣᠵᠤ ᠦᠷ᠎ᠡ ᠠᠰᠢᠭ᠋᠎ᠢ ᠨᠡᠮᠡᠭᠳᠡᠭᠦᠯᠬᠦ᠎ᠪᠡᠷ ᠬᠥᠳᠡᠭᠡ ᠲᠣᠰᠬᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ》 ᠭᠡᠵᠦ ᠣᠷᠳᠣᠰ ᠬᠤᠳᠠ᠎ᠶᠢᠨ ᠦᠦᠰᠢᠨ ᠬᠣᠰᠢᠭᠤᠨ᠎ᠤ ᠰᠦᠯᠳᠡ ᠰᠤᠮᠤ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠰᠤᠮᠤᠨ ᠳᠠᠷᠤᠭ᠎ᠠ ᠮᠠᠨᠳᠤᠯ᠎ᠠ ᠬᠡᠯᠡᠪᠡ᠃
ᠥᠪᠥᠷ ᠮᠣᠩᠭᠣᠯ᠎ᠤᠨ ᠵᠢᠶᠠ ᠢᠦᠢ ᠲᠠᠷᠢᠶᠠᠯᠠᠩ᠎ᠤᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠵᠢᠢ ᠪᠢᠨ᠄ 《ᠲᠠᠷᠢᠶᠠᠯᠠᠩ᠎ᠤᠨ ᠦᠢᠯᠡᠳᠪᠦᠷᠢᠯᠡᠯ᠎ᠦᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠪᠣᠯᠤᠭᠰᠠᠨ᠎ᠤ ᠬᠤᠪᠢ ᠳᠤ᠂ ᠪᠢᠳᠡ ᠰᠤᠳᠤᠯᠤᠨ ᠨᠡᠭᠡᠭᠡᠬᠦ ᠪᠠ ᠪᠡᠯᠡ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠲᠠᠷᠢᠮᠠᠯ᠎ᠤᠨ ᠮᠡᠷᠭᠡᠵᠢᠯ᠎ᠢᠶᠡᠨ ᠴᠢᠨᠠᠭᠰᠢᠳᠠ ᠳᠡᠭᠡᠭᠰᠢᠯᠡᠭᠦᠯᠵᠦ᠂ ᠬᠠᠮᠢᠶᠠᠷᠤᠯᠲᠠ᠎ᠶᠢᠨ ᠲᠦᠪᠰᠢᠨ᠎ᠢᠶᠡᠨ ᠳᠡᠭᠡᠭᠰᠢᠯᠡᠭᠦᠯᠵᠦ᠂ ᠲᠠᠷᠢᠶᠠᠯᠠᠬᠤ ᠡᠷᠦᠭᠡ ᠲᠠᠢ ᠬᠣᠯᠪᠣᠭᠠᠯᠠᠵᠤ ᠲᠠᠷᠢᠶᠠᠯᠠᠬᠤ ᠡᠷᠦᠭᠡ᠎ᠶᠢ ᠳᠠᠢᠴᠢᠯᠠᠬᠤ᠂ ᠠᠰᠢᠭ᠋ ᠲᠤᠰᠠ ᠵᠢᠨ ᠬᠤᠯᠪᠤᠭᠠᠨ᠎ᠤ ᠲᠣᠭᠲᠡᠴᠡ᠎ᠶᠢ ᠦᠷᠭᠦᠯᠵᠢᠯᠡᠨ ᠬᠡᠷᠡᠭᠵᠢᠭᠦᠯᠵᠦ᠂ ᠲᠤᠬᠠᠢ᠎ᠶᠢᠨ ᠭᠠᠵᠠᠷ᠎ᠤᠨ ᠲᠠᠷᠢᠶᠠᠴᠢᠳ᠎ᠤᠨ ᠣᠷᠣᠯᠭ᠎ᠠ᠎ᠶᠢᠨ ᠨᠡᠮᠡᠭᠳᠡᠯ᠎ᠢ ᠳᠠᠢ᠍ᠢᠴᠢᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ》 ᠭᠡᠪᠡ᠃
ᠥᠷᠯᠥᠭᠡ ᠦᠳᠡᠰᠢ ᠶᠢ ᠲᠡᠮᠡᠴᠡᠨ ᠬᠥᠭᠵᠢᠯᠲᠡ ᠶᠢ ᠡᠷᠢᠯᠬᠢᠯᠡᠵᠦ ᠡᠷᠡᠮᠡᠬᠡᠢᠯᠡᠨ ᠤᠷᠤᠭᠰᠢᠯᠠᠵᠤ ᠰᠢᠨ᠎ᠡ ᠵᠠᠮᠢᠨᠡᠬᠡᠭᠡᠨᠠ
《ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠡᠴᠡ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠯᠲᠠ ᠵᠢᠨ ᠠᠵᠤ ᠦᠢᠯᠡᠰ᠎ᠦᠨ ᠰᠢᠰᠲ᠋ᠸᠮ᠎ᠢ ᠪᠠᠶ᠋ᠢᠭᠤᠯᠬᠤ᠎ᠳᠤ ᠰᠢᠰᠲᠧᠮ᠎ᠲᠠᠢ ᠲᠣᠬᠢᠷᠠᠭᠤᠯᠤᠯᠲᠠ ᠬᠢᠵᠦ᠂ ᠮᠠᠨ᠎ᠤ ᠴᠢᠭᠯᠡᠯ᠎ᠢ ᠤᠯᠠᠮ ᠲᠣᠳᠣᠷᠬᠠᠢ ᠪᠣᠯᠭᠠᠵᠤ᠂ ᠢᠲᠡᠭᠡᠯ ᠵᠣᠷᠢᠭ᠋᠎ᠢ ᠤᠯᠠᠮ ᠲᠡᠭᠦᠯᠳᠡᠷ ᠪᠣᠯᠭᠠᠵᠠᠢ》᠃ ᠬᠢᠩᠭᠠᠨ ᠠᠢᠮᠠᠭ᠎ᠤᠨ ᠨᠡᠭᠡᠭᠡᠯᠲᠡ᠎ᠶᠢᠨ ᠲᠣᠭᠣᠷᠢᠭ᠋᠎ᠤᠨ ᠨᠠᠮ᠎ᠤᠨ ᠠᠵᠢᠯᠯᠠᠬᠤ ᠬᠣᠷᠢᠶ᠎ᠠ᠎ᠶᠢᠨ ᠳᠡᠳ᠋ ᠱᠦᠵᠢ᠂ ᠬᠠᠮᠢᠶᠠᠷᠤᠯᠲᠠ᠎ᠶᠢᠨ ᠵᠥᠪᠯᠡᠯ᠎ᠦᠨ ᠡᠷᠬᠢᠯᠡᠭᠴᠢ ᠭᠣᠣ ᠲᠢᠶᠠᠨ ᠢᠦᠢ᠂ ᠬᠢᠩᠭᠠᠨ ᠠᠢᠮᠠᠭ᠎ᠤᠨ ᠨᠡᠭᠡᠭᠡᠯᠲᠡ᠎ᠶᠢᠨ ᠲᠣᠭᠣᠷᠢᠭ᠋ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠲᠡᠷᠢᠭᠦᠨ ᠴᠢᠬᠤᠯᠠ ᠡᠭᠦᠷᠭᠡ᠎ᠶᠢ ᠪᠠᠲᠤ ᠡᠵᠡᠮᠳᠡᠵᠤ᠂ ᠰᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠪᠠᠷ ᠭᠣᠣᠯ ᠪᠣᠯᠭᠠᠵᠤ᠂ 《ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷ ᠠᠯᠺᠣᠣᠯ》 ᠵᠡᠷᠭᠡ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠰ ᠠᠮᠢ ᠠᠬᠤᠢ᠎ᠶᠢᠨ ᠬᠦᠷᠢᠶ᠎ᠡ ᠵᠢ ᠲᠦᠷᠭᠡᠳᠬᠡᠨ ᠪᠠᠢᠭᠤᠯᠵᠤ᠂ ᠬᠡᠯᠬᠢᠶ᠎ᠡ᠎ᠶᠢ ᠤᠷᠲᠤᠳᠬᠠᠨ ᠬᠡᠯᠬᠢᠶ᠎ᠡ᠎ᠶᠢ ᠨᠥᠬᠥᠪᠦᠷᠢᠯᠡᠵᠦ ᠬᠡᠯᠬᠢᠶ᠎ᠡ ᠶᠢ ᠴᠢᠩᠭᠠᠳᠬᠠᠬᠤ᠎ᠪᠠᠷ ᠬᠦᠴᠦᠯᠡᠵᠦ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠪᠠ ᠡᠯᠧᠮᠧᠨ᠋ᠲ᠎ᠦᠨ ᠪᠠᠲᠤᠯᠠᠭ᠎ᠠ᠎ᠶᠢ ᠴᠢᠨᠭᠭᠠᠷᠠᠭᠤᠯᠵᠤ᠂ ᠣᠷᠣᠨ ᠪᠦᠰᠡ᠎ᠶᠢᠨ ᠠᠵᠤ ᠠᠬᠤᠢ ᠶᠢᠨ ᠨᠡᠮᠡᠭᠳᠡᠯ ᠦᠨ ᠰᠢᠨ᠎ᠡ ᠬᠥᠳᠡᠯᠭᠡᠭᠦᠷ᠎ᠢ ᠴᠢᠷᠮᠠᠢᠨ ᠡᠭᠦᠳᠴᠦ᠂ ᠬᠢᠩᠭᠠᠨ ᠠᠢᠮᠠᠭ ᠴᠢᠨᠠᠭᠰᠢᠯᠠᠭᠠᠳ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠬᠡᠪᠡ᠃
《ᠪᠢᠳᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠲᠤᠬᠠᠶ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ ᠲᠡᠷᠢᠭᠦᠨ ᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠮᠠᠲ᠋ᠧᠷᠢᠶᠠᠯ᠂ ᠳᠡᠭᠡᠳᠦ ᠲᠡᠰ᠎ᠤᠨ ᠱᠢᠷᠬᠡᠭ᠌ᠯᠢᠭ ᠮᠠᠲ᠋ᠧᠷᠢᠶᠠᠯ᠂ ᠲᠡᠷᠢᠭᠦᠨ᠎ᠦ ᠲᠡᠮᠦᠷᠯᠢᠭ ᠮᠠᠲ᠋ᠧᠷᠢᠶᠠᠯ ᠵᠡᠷᠭᠡ 6 ᠶᠡᠬᠡ ᠠᠵᠤ ᠦᠶ᠋ᠯᠡᠰ᠎ᠦᠨ ᠪᠦᠯᠦᠭ᠌ᠯᠡᠯ ᠪᠠ ᠤᠢᠷ᠎ᠠ ᠤᠭᠳᠠᠷᠭᠤᠢ ᠵᠢᠨ ᠠᠵᠤ ᠠᠬᠤᠶ᠂ ᠤᠶᠤᠨᠲᠤ ᠮᠠᠱᠢᠨ ᠬᠥᠮᠦᠨ ᠵᠡᠷᠭᠡ 5 ᠤᠷᠤᠯᠳᠤᠭᠠᠨ᠎ᠤ ᠱᠢᠨ᠎ᠡ ᠵᠠᠮ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠭᠣᠣᠯᠳᠠᠯᠭ᠎ᠠ᠎ᠲᠠᠶ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠠᠵᠤ ᠠᠬᠤᠢᠯᠠᠯ᠎ᠤᠨ ᠳᠡᠭᠡᠳᠦ ᠴᠢᠳᠠᠪᠬᠢᠳᠤ ᠰᠤᠳᠤᠯᠤᠨ ᠨᠡᠭᠡᠭᠡᠬᠦ᠌ ᠲᠠᠪᠴᠠᠩ ᠢ ᠡᠭᠦᠳᠦᠨ ᠪᠠᠢᠭᠤᠯᠬᠤ᠎ᠶ᠋ᠢ ᠳᠡᠮᠵᠢᠵᠦ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠥᠷᠥᠯ ᠵᠦᠶ᠋ᠯ᠎ᠦᠨ ᠪᠣᠭᠣᠮᠲᠠ ᠱᠢᠪᠲᠤᠯᠬᠤ ᠪᠠ ᠦᠷ᠎ᠡ ᠪᠦᠲᠦᠭᠡᠯ᠎ᠢ ᠤᠨᠳᠤᠤᠰᠢᠭᠤᠯᠬᠤ ᠵᠢ ᠪᠤᠳᠠᠳᠠᠢᠵᠢᠭᠤᠯᠬᠤ᠎ᠳᠤ ᠲᠤᠢᠯ᠎ᠤᠨ ᠣᠨᠣᠪᠴᠢᠲᠠᠶ᠎ᠪᠠᠷ ᠦᠶ᠋ᠯᠡᠴᠢᠯᠡᠵᠦ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠡᠨᠡ ᠬᠦ᠌〈ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ〉 ᠢ᠋ ᠦᠨᠡᠨ ᠬᠦ᠌ ᠴᠢᠨᠠᠷ ᠰᠠᠢᠲᠠᠢ ᠬᠥᠭ᠌ᠵᠢᠯᠲᠡ᠎ᠶ᠋ᠢᠨ 〈ᠬᠠᠮᠤᠭ ᠤᠨ ᠶᠡᠬᠡ ᠨᠡᠮᠡᠭ᠌ᠳᠡᠯ〉 ᠪᠣᠯᠭᠠᠨ ᠬᠤᠪᠢᠷᠠᠭᠤᠯᠵᠤ᠂ ᠯᠠᠪᠳᠠᠭᠤᠨ ᠪᠠᠲᠤᠲᠠᠶ ᠦᠷ᠎ᠡ ᠪᠦᠲᠦᠮᠵᠢ᠎ᠪᠡᠷ ᠥᠪᠡᠷᠲᠡᠭᠡᠨ ᠵᠠᠰᠠᠬᠤ ᠣᠷᠣᠨ᠎ᠤ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠦᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ ᠤᠨ ᠠᠵᠤ ᠦᠶ᠋ᠯᠡᠳᠪᠦᠷᠢ ᠮᠡᠳᠡᠭᠡ ᠵᠠᠩᠭᠢᠴᠢᠯᠠᠯᠲᠠ ᠪᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠲᠣᠪᠴᠢᠶ᠎ᠠ᠎ᠶ᠋ᠢᠨ ᠳᠠᠷᠤᠭ᠎ᠠ ᠬᠤᠤ ᠴᠢᠶᠠᠩ ᠢᠯᠡᠳᠭᠡᠪᠡ᠃
《ᠪᠢᠳᠡ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠮᠢᠴᠡ ᠣᠨᠴᠠᠯᠢᠭ᠎ᠲᠠᠶ ᠠᠭᠤᠰᠤᠯᠴᠠᠨ ᠬᠥᠭ᠌ᠵᠢᠭ᠌ᠰᠡᠨ ᠲᠣᠭᠠᠴᠢᠯᠠᠭ᠍ᠰᠠᠨ ᠠᠵᠤ ᠠᠬᠤᠶ᠎ᠶ᠋ᠢᠨ ᠬᠡᠪ ᠵᠠᠭ᠍ᠪᠤᠷ᠎ᠢ ᠬᠦᠴᠦᠯᠡᠨ ᠪᠣᠶ ᠪᠣᠯᠭᠠᠵᠤ᠂ ᠲᠣᠭᠠᠴᠢᠯᠠᠭ᠍ᠰᠠᠨ ᠮᠡᠷᠭᠡᠵᠢᠯ᠎ᠢ ᠠᠭᠤᠰᠤᠯᠴᠠᠭᠤᠯᠤᠨ ᠬᠡᠷᠡᠭ᠌ᠯᠡᠬᠦ᠌᠎ᠶ᠋ᠢ ᠭᠦᠨᠵᠡᠭᠡᠢᠷᠡᠭᠦᠯᠵᠦ᠍᠂ ᠲᠣᠰ ᠭᠠᠵᠠᠷ᠎ᠤᠨ ᠮᠠᠯ ᠠᠵᠤ ᠠᠬᠤᠶ᠎ᠲᠠᠷᠢᠶᠠᠯᠠᠩ ᠤᠨ ᠲᠣᠭ᠎ᠠ ᠪᠠᠷᠢᠮᠲᠠ᠎ᠶ᠋ᠢᠨ ᠡᠬᠢ ᠪᠠᠶᠠᠯᠢᠭ᠎ᠲᠤ ᠲᠦᠱᠢᠭ᠌ᠯᠡᠨ ᠮᠠᠯ ᠠᠵᠤ ᠠᠬᠤᠶ᠎ᠲᠠᠷᠢᠶᠠᠯᠠᠩ ᠤᠨ ᠠᠬᠤᠢ ᠪᠠᠢᠳᠠᠯ᠎ᠤᠨ ᠲᠣᠭ᠎ᠠ ᠪᠠᠷᠢᠮᠲᠠ᠎ᠶ᠋ᠢ ᠲᠣᠳᠣᠷᠬᠠᠢᠯᠠᠬᠤ ᠲᠤᠬᠠᠢᠯᠠᠭ᠍ᠰᠠᠨ ᠠᠵᠢᠯ ᠢ ᠬᠥᠭ᠌ᠵᠢᠭᠦᠯᠵᠦ᠍᠂ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ ᠦ ᠪᠥᠬᠥ᠌ ᠠᠮᠢ ᠨᠠᠰᠤᠨ ᠤ ᠦᠶᠡᠯᠡᠯ ᠦᠨ ᠬᠤᠭᠤᠴᠠᠭ᠎ᠠ᠎ᠶ᠋ᠢ ᠲᠣᠭᠠᠴᠢᠯᠠᠨ ᠮᠥᠷᠳᠡᠬᠦ᠌ ᠱᠢᠰᠲ᠋ᠧᠮ᠎ᠢ ᠪᠠᠢᠭᠤᠯᠵᠤ᠂ ᠲᠣᠭᠠᠴᠢᠯᠠᠭ᠍ᠰᠠᠨ ᠵᠠᠰᠠᠭ ᠤᠨ ᠣᠷᠳᠣᠨ᠎ᠤ ᠪᠠᠢᠭᠤᠯᠤᠯᠲᠠ ᠶ᠋ᠢ ᠲᠦᠷᠭᠡᠳᠭᠡᠵᠦ᠍᠂ ᠲᠣᠭ᠎ᠠ ᠪᠠᠷᠢᠮᠲᠠ᠎ᠶ᠋ᠢᠨ ᠡᠬᠢ ᠪᠠᠶᠠᠯᠢᠭ ᠤᠨ 〈ᠲᠠᠩᠰᠠ〉 ᠶ᠋ᠢ ᠪᠠᠢᠭᠤᠯᠵᠤ᠂ ᠤᠨᠴᠠᠯᠢᠬ᠍ᠵᠢᠭ᠍ᠰᠠᠨ ᠪᠦᠯᠦᠭ᠌ᠵᠢᠭ᠌ᠰᠡᠨ ᠬᠥᠭ᠌ᠵᠢᠯᠲᠡ ᠶ᠋ᠢᠨ ᠲᠣᠭᠠᠴᠢᠯᠠᠭ᠍ᠰᠠᠨ ᠠᠵᠤ ᠦᠶ᠋ᠯᠡᠰ ᠦᠨ ᠱᠢᠨ᠎ᠡ ᠪᠠᠢᠷᠢᠱᠢᠯ᠎ᠢ ᠪᠠᠢᠭᠤᠯᠵᠤ᠂ ᠲᠤᠬᠠᠶ᠎ᠶ᠋ᠢᠨ ᠭᠠᠵᠠᠷ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠦ ᠪᠠᠶᠠᠨᠨᠠᠭᠤᠷ ᠬᠤᠲᠠ᠎ᠶ᠋ᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ ᠵᠢᠨ ᠬᠠᠮᠢᠶᠠᠷᠤᠯᠳᠠ ᠵᠢᠨ ᠲᠤᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠧᠦ ᠫᠸᠩ ᠴᠧᠩ ᠢᠯᠡᠳᠭᠡᠪᠡ᠃
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠱᠢᠨ᠎ᠡ᠎ᠶ᠋ᠢ ᠡᠭᠦᠳᠬᠦ᠌᠎ᠶ᠋ᠢ ᠤᠷᠢᠳ ᠡᠮᠦᠨ᠎ᠡ ᠪᠠᠢᠭ᠎ᠠ ᠥᠬᠡᠶ ᠲᠣᠪᠣᠢᠮ᠎ᠠ ᠪᠠᠢᠷᠢᠨ᠎ᠳᠤ ᠣᠷᠣᠭᠤᠯᠤᠭᠰᠠᠨ ᠨᠢ ᠠᠷᠠᠳ᠎ᠤᠨ ᠡᠵᠡᠨᠭᠨᠡᠯᠲᠡ ᠵᠢᠨ ᠠᠵᠤ ᠠᠬᠤᠢᠯᠠᠯᠲᠠᠨ ᠪᠣᠯᠤᠭ᠍ᠰᠠᠨᠮᠢᠨᠤ ᠰᠡᠳᠭᠢᠯ᠎ᠢ ᠳᠣᠭ᠍ᠳᠣᠯᠤᠭᠤᠯᠤᠨ᠎ᠠ》᠃ ᠥᠪᠥᠷ ᠮᠣᠩᠭᠣᠯ᠎ᠤᠨ ᠵᠥᠩ ᠷᠦᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠴᠧᠩ ᠵᠢᠶ ᠯᠦᠩ᠂ ᠤᠯᠠᠭᠠᠨᠬᠠᠳᠠ ᠬᠣᠲᠠ᠎ᠶ᠋ᠢᠨ ᠶᠤᠸᠠᠨ ᠪᠦᠦ ᠱᠠᠨ ᠲᠣᠭᠣᠷᠢᠭ᠎ᠤᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠤ ᠠᠬᠤᠢᠯᠠᠯ ᠨᠢ ᠠᠵᠠ ᠲᠣᠬᠢᠶᠠᠯ᠎ᠢ ᠠᠮᠵᠢᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠲᠠᠰ ᠳᠡᠪᠱᠢᠬᠦ᠌ ᠭᠦᠨᠵᠡᠭᠡᠶ ᠠᠭᠤᠰᠤᠯᠴᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠠᠬᠢᠴᠠ ᠳᠤᠮᠳᠠ ᠨᠠᠩ ᠣᠯᠠᠨ ᠬᠦᠴᠦᠨ ᠴᠢᠳᠠᠯ᠎ᠢᠶᠠᠨ ᠡᠷᠭᠦᠵᠦ᠍᠂ ᠱᠢᠨ᠎ᠡ ᠵᠠᠮ᠎ᠢ ᠴᠢᠷᠮᠠᠢᠨ ᠨᠡᠭᠡᠭᠡᠨ᠎ᠡ ᠭᠡᠵᠦ ᠬᠡᠯᠡᠪᠡ᠃