《ᠲᠥᠯᠥᠭᠡᠯᠡᠭ᠌ᠴᠢᠳ᠎ᠦᠨ ᠰᠤᠷᠪᠤᠯᠵᠢᠯᠠᠭ᠎ᠠ ᠬᠦᠯᠢᠶᠡᠬᠦ᠌ ᠵᠠᠮ》 ᠄ ᠠᠷᠠᠳ᠎ᠦᠨ ᠪᠠᠢᠳᠠᠯ ᠎ᠢ ᠤᠢᠯᠠᠭᠠᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠦ ᠠᠷᠠᠳ᠎ᠤᠨ ᠲᠠᠭᠤᠨ᠎ᠢ ᠲᠠᠮᠵᠢᠭᠤᠯᠣᠨ ᠡᠬᠦᠷᠬᠡ ᠬᠠᠷᠢᠭᠤᠴᠠᠯᠭ᠎ᠠ ᠡᠭᠦᠷᠭᠡᠯᠡᠨ᠎ᠠ
2026-02-05 16:24:00
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 4 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ 《ᠲᠥᠯᠥᠭᠡᠯᠡᠭ᠌ᠴᠢᠳ ᠎ᠦᠨ ᠰᠤᠷᠪᠤᠯᠵᠢᠯᠠᠭ᠎ᠠ ᠬᠦᠯᠢᠶᠡᠬᠦ᠌ ᠵᠠᠮ》  ᠨᠡᠬᠡᠭᠡᠭᠳᠡᠪᠡ᠃ ᠲᠥᠯᠥᠭᠡᠯᠡᠭ᠌ᠴᠢᠳ ᠲᠡᠮᠡᠴᠡᠯ ᠎ᠦᠨ ᠥᠯᠢᠭᠡᠷ ᠎ᠢ ᠶᠠᠷᠢᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠲᠥᠷᠥᠭ᠌ᠳᠡᠯ᠎ᠢᠶᠡᠨ ᠠᠭᠤᠵᠢᠷᠠᠲᠠᠯ᠎ᠠ ᠶᠠᠷᠢᠯᠴᠠᠵᠤ᠂ ᠣᠯᠠᠨ ᠲᠦᠮᠡᠨ᠎ᠦ ᠰᠡᠳᠭᠢᠯ ᠎ᠦᠨ ᠲᠠᠭᠤᠨ ᠎ᠢ ᠳᠠᠮᠵᠢᠭᠤᠯᠪᠠ᠃ ᠲᠡᠳᠡᠭᠡᠷ 《ᠦᠨᠳᠦᠰᠦᠨ ᠱᠠᠲᠤᠨ᠎ᠳᠤ ᠣᠢᠷᠠᠲᠤᠭ᠍ᠰᠠᠨ》  ᠥᠯᠢᠭᠡᠷ᠎ᠤᠨ ᠠᠷᠤ᠎ᠳᠤ ᠲᠡᠳᠡᠨ᠎ᠦ ᠦᠨᠡᠨ ᠰᠡᠳᠭᠢᠯ᠎ᠡᠴᠡ ᠎ᠪᠡᠨ ᠠᠷᠠᠳ ᠎ᠤᠨ ᠰᠠᠨᠠᠭ᠎ᠠ᠎ᠶ᠋ᠢ ᠰᠣᠨᠣᠰᠴᠤ᠌᠂ ᠪᠣᠳᠠᠳᠤ ᠠᠵᠢᠯᠯᠠᠭ᠎ᠠ ᠪᠡᠷ ᠵᠢᠨᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ᠎ᠵᠢᠳᠭᠦᠯ ᠴᠢᠷᠮᠠᠢᠯᠭ᠎ᠠ ᠪᠤᠢ᠃ ᠡᠮᠦᠨ᠎ᠡ ᠹᠷᠣᠨᠲ᠎ᠲᠤ ᠦᠨᠳᠦᠰᠦᠯᠡᠭ᠌ᠰᠡᠨ ᠠᠯᠢ ᠤᠯᠠᠨ ᠠᠮᠢᠳᠤᠯᠢᠭ ᠦᠯᠢᠭᠡᠷ᠂ ᠬᠥᠭ᠌ᠵᠢᠯᠲᠡ᠎ᠶ᠋ᠢ ᠭᠡᠷᠡᠴᠢᠯᠡᠭ᠌ᠰᠡᠨ ᠠᠯᠢ ᠤᠯᠠᠨ ᠲᠣᠭ᠎ᠠ ᠪᠠᠷᠢᠮᠲᠠ ᠨᠢ ᠥᠪᠥᠷ ᠮᠣᠩᠭᠣᠯ᠎ᠤᠨ ᠢᠳᠡᠷᠡᠭᠦᠨ ᠠᠯᠬᠤᠭ᠎ᠠ ᠪᠡᠷ ᠤᠷᠤᠬᠰᠢᠯᠠᠵᠤ᠂ ᠲᠦᠮᠡᠨ ᠦᠵᠡᠮᠵᠢ ᠲᠡᠬᠦᠰ ᠪᠦᠷᠢᠳᠦᠭᠰᠡᠨ ᠬᠥᠭ᠌ᠵᠢᠯᠲᠡ ᠎ᠶ᠋ᠢᠨ ᠱᠢᠨ᠎ᠡ ᠦᠵᠡᠮᠵᠢᠳᠤ ᠵᠢᠷᠤᠭ᠎ᠢ ᠢᠯᠡᠷᠡᠬᠦᠯᠪᠡ᠃

ᠪᠦᠬᠦ᠌ ᠪᠥᠮᠪᠥᠷᠴᠡᠭ ᠎ᠦᠨ ᠰᠦ᠎ᠶ᠋ᠢᠨ ᠦᠢᠯᠡᠰ᠎ᠢ ᠲᠤᠮᠳᠠᠳᠤ ᠤᠯᠤᠰ ᠡᠴᠡ ᠬᠠᠷᠠᠵᠤ᠂ ᠳᠤᠮᠳᠠᠳᠤ ᠤᠯᠤᠰ ᠎ᠤᠨ ᠰᠦ ᠎ᠶ᠋ᠢᠨ ᠦᠢᠯᠡᠰ᠎ᠢ ᠦᠪᠦᠷ ᠮᠤᠩᠭᠤᠯ ᠡᠴᠡ ᠬᠠᠷᠠᠨ᠎ᠠ᠂ ᠰᠦ᠎ᠶ᠋ᠢᠨ ᠦᠢᠯᠡᠰ ᠪᠣᠯ ᠥᠪᠥᠷ ᠮᠣᠩᠭᠣᠯ᠎ᠤᠨ ᠳᠠᠪᠠᠭᠤᠯᠢᠭ ᠤᠨᠴᠠᠯᠢᠬ᠍ᠳᠤ ᠠᠵᠤ ᠦᠢᠯᠡᠰ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠮᠧᠩ ᠨᠢᠤ ᠪᠦᠯᠦᠭᠯᠡᠯ᠎ᠦᠨ ᠭᠦᠢᠴᠡᠳᠭᠡᠭ᠌ᠴᠢ ᠶᠡᠷᠦᠩᠬᠡᠢ ᠵᠠᠬᠢᠷᠤᠯ ᠦ᠋ ᠰᠢ ᠴᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠳᠣᠬᠢᠴᠢᠯᠠᠭ᠍ᠰᠠᠨ ᠰᠦ᠎ᠵᠢᠨ ᠦᠢᠯᠡᠰ᠎ᠦᠨ ᠱᠢᠰᠲᠸᠮ᠎ᠢ ᠲᠦᠷᠭᠡᠳᠭᠡᠨ ᠪᠠᠢᠭᠤᠯᠤᠨ᠎ᠠ ᠭᠡᠵᠦ ᠢᠯᠡᠳᠭᠡᠪᠡ᠃ 《ᠪᠦᠲᠦᠴᠡ᠎ᠶ᠋ᠢᠨ ᠲᠤᠬᠢᠷᠠᠭᠤᠯᠤᠯᠳᠠ᠎ᠶ᠋ᠢ ᠲᠦᠷᠭᠡᠳᠭᠡᠨ᠂ ᠦᠨᠢᠶᠡᠨ ᠰᠦ᠎ᠶ᠋ᠢ ᠦᠴᠦᠬᠡᠨ ᠲᠡᠳᠦᠢ  ᠪᠦᠷᠢᠯᠭᠡᠬᠦ ᠦᠭᠡᠢ ᠪᠡᠷ ᠰᠠᠢᠲᠤᠷ ᠠᠰᠢᠭᠯᠠᠨ᠎ᠠ》᠂ 《ᠲᠣᠭᠠᠴᠢᠯᠠᠯᠲᠠ ᠤᠶᠤᠨᠴᠢᠯᠠᠯᠲᠠ᠎ᠵᠢᠨ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠨ᠂ ᠦᠨᠢᠶᠡᠨ ᠰᠦ᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠭᠦᠷ ᠤᠷᠭᠤᠭᠤᠯᠤᠨ᠎ᠠ》᠂《ᠠᠵᠤ ᠦᠢᠯᠡᠰ᠎ᠦᠨ ᠬᠠᠨᠢᠲᠠᠨ ᠲᠠᠢ ᠪᠠᠨ ᠠᠭᠤᠰᠤᠯᠴᠠᠬᠤ ᠵᠢ ᠲᠦᠷᠭᠡᠳᠭᠡᠵᠦ᠂ ᠡᠷᠡᠭᠦᠯ ᠮᠡᠨᠳᠦ᠍᠎ᠶ᠋ᠢᠨ ᠠᠮᠢ ᠠᠬᠤᠢ᠎ᠶ᠋ᠢᠨ ᠲᠣᠭᠣᠷᠢᠭ᠎ᠢ ᠬᠠᠮᠲᠤ᠎ᠪᠠᠷ ᠪᠠᠢᠭᠤᠯᠤᠨ᠎ᠠ》 ᠁ ᠡᠳᠡᠭᠡᠷ ᠦᠭᠡ ᠶᠠᠷᠢᠶ᠎ᠠ ᠨᠢ ᠥᠪᠥᠷ ᠮᠣᠩᠭᠣᠯ ᠬᠡᠬᠦ ᠡᠨᠡ ᠬᠦ᠌《ᠰᠦ᠎ᠵᠢᠨ ᠬᠦᠨᠦᠭ》 ᠢ᠋ ᠨᠡᠩ ᠲᠦᠭᠦᠷᠲᠡᠯ᠎ᠡ ᠰᠠᠪᠠᠯᠠᠵᠤ᠂ ᠥᠪᠥᠷ ᠮᠣᠩᠭᠣᠯ᠎ᠤᠨ ᠰᠦ᠎ᠵᠢᠨ ᠦᠨᠦᠷ᠎ᠢ ᠨᠡᠨᠭ ᠠᠯᠤᠰ ᠲᠤ᠌  ᠬᠠᠩᠬᠤᠯᠤᠭᠤᠯᠬᠤ ᠢᠳᠡ ᠬᠦᠴᠦᠨ ᠪᠠ ᠢᠲᠡᠭᠡᠯ ᠵᠣᠷᠢᠭ᠎ᠢ ᠢᠯᠡᠷᠡᠭᠦᠯᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠳᠤᠮᠳᠠᠳᠤ ᠬᠣᠱᠢᠭᠤᠨ᠎ᠤ ᠪᠠᠶᠠᠠᠠᠤᠯᠠᠭᠠᠨ ᠰᠤᠮᠤ᠎ᠶ᠋ᠢᠨ ᠨᠦᠬᠦᠷᠯᠡᠯ ᠭᠠᠴᠠᠭᠠᠨ ᠎ᠤ ᠨᠠᠮ᠎ᠤᠨ ᠡᠭᠦᠷ᠎ᠦᠨ ᠱᠦᠵᠢ᠂ ᠭᠠᠴᠠᠭᠠᠨ᠎ᠤ ᠵᠥᠪᠯᠡᠯ᠎ᠦᠨ ᠡᠷᠬᠢᠯᠡᠭ᠌ᠴᠢ ᠠᠯᠲᠠᠨᠬᠤᠸᠠᠷ ᠨᠤᠲᠤᠭ ᠎ᠤᠨ ᠠᠬ᠎ᠠ ᠳᠡᠭᠦᠦ᠍᠎ᠨᠡᠷ᠎ᠢᠶᠡᠨ ᠳᠠᠭᠠᠭᠤᠯᠤᠨ ᠠᠵᠤ ᠦᠶ᠋ᠯᠡᠰ᠎ᠢ ᠬᠥᠭ᠌ᠵᠢᠭᠦᠯᠵᠦ᠍᠂ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠭ᠍ᠰᠠᠨ ᠥᠯᠢᠭᠡᠷ᠎ᠵᠢᠡᠨ ᠶᠠᠷᠢᠪᠠ᠃ ᠣᠳᠣᠬᠠᠨ᠎ᠳᠤ᠂ ᠭᠠᠴᠠᠭᠠᠨ᠎ᠤ ᠬᠠᠳᠠᠭᠠᠭ᠍ᠰᠠᠨ ᠮᠢᠬ᠎ᠠ ᠪᠣᠯᠪᠠᠰᠤᠷᠠᠭᠤᠯᠬᠤ ᠬᠣᠷᠱᠢᠶ᠎ᠠ ᠨᠢ ᠨᠢᠭᠡᠨᠲᠡ ᠪᠥᠬᠥ᠌ ᠭᠠᠴᠠᠭᠠᠨ᠎ᠤ 75 ᠡᠷᠦᠬᠡ ᠮᠠᠯᠴᠢᠨ ᠎ᠢ ᠳᠠᠢᠴᠢᠯᠠᠨ ᠣᠷᠣᠯᠴᠠᠭᠤᠯᠵᠤ᠂ ᠬᠡᠷ᠎ᠦᠨ ᠡᠭᠦᠳᠡᠨ᠎ᠳᠡᠭᠡᠨ ᠠᠵᠢᠯ ᠣᠯᠬᠤ᠎ᠶ᠋ᠢ ᠪᠡᠶᠡᠯᠡᠭᠦᠯᠦᠭ᠌ᠰᠡᠨ᠎ᠢᠶᠡᠷ ᠪᠠᠷᠠᠬᠤ ᠥᠬᠡᠶ ᠪᠠᠰᠠ ᠲᠠᠯ᠎ᠠ ᠨᠤᠲᠤᠭ᠎ᠤᠨ ᠠᠮᠲᠠᠲᠤ ᠦᠬᠡᠷ᠎ᠦᠨ ᠪᠣᠷᠴᠠ᠎ᠶ᠋ᠢ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠢᠶᠠᠷ ᠳᠠᠮᠵᠢᠭᠤᠯᠤᠨ ᠪᠥᠬᠥ᠌ ᠤᠯᠤᠰ᠎ᠲᠤ ᠪᠤᠷᠤᠯᠠᠭᠤᠯᠵᠤ ᠪᠠᠢᠨ᠎ᠠ᠃ ᠲᠡᠷᠡ᠄《ᠠᠷᠠᠳ ᠲᠦᠮᠡᠨ ᠬᠡᠷᠡᠭ᠌ᠰᠡᠳᠡᠭ ᠯᠡ ᠶᠤᠮ ᠪᠣᠯ᠂ ᠪᠢ ᠡᠮᠦᠨ᠎ᠡ ᠹᠷᠣᠨᠲ᠎ᠲᠤ ᠵᠢᠳᠬᠦᠵᠦ᠍᠂ ᠨᠤᠲᠤᠭ᠎ᠤᠨ ᠠᠬ᠎ᠠ ᠳᠡᠭᠦᠦ᠍᠎ᠨᠡᠷ᠎ᠲᠡᠶ᠎ᠪᠡᠨ ᠨᠡᠩ ᠰᠠᠢ᠌ᠨ ᠰᠠᠢᠬᠠᠨ ᠢᠷᠡᠭᠡᠳᠦᠢ ᠵᠦᠭ ᠤᠷᠤᠭ᠍ᠰᠢᠯᠠᠨ᠎ᠠ》 ᠬᠡᠪᠡ᠃

ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ ᠪᠣᠯ ᠥᠪᠥᠷ ᠮᠣᠩᠭᠣᠯ᠎ᠤᠨ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠣᠯᠤᠨ᠎ᠠ᠃ ᠠᠯᠠᠱᠠ ᠪᠠᠷᠠᠭᠤᠨ ᠬᠣᠱᠢᠭᠤᠨ᠎ᠳᠤ᠂ ᠱᠢᠨ᠎ᠡ ᠡᠨᠧᠷᠭᠢ᠎ᠶ᠋ᠢᠨ ᠨᠡᠭᠡᠭᠡᠨ ᠬᠥᠭ᠌ᠵᠢᠭᠦᠯᠦᠯᠲᠡ ᠪᠣᠯᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠬᠡᠷᠬᠢᠨ ᠪᠡᠶᠡᠯᠡᠭᠦᠯᠬᠦ᠌ ᠪᠤᠢ? ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤᠨ᠎ᠤ ᠨᠠᠮ᠎ᠤᠨ ᠬᠣᠷᠢᠶ᠎ᠠ᠎ᠶᠢᠨ ᠱᠦᠵᠢ ᠭᠤᠤ ᠵᠧᠩ᠄ 《ᠭᠡᠷᠡᠯᠴᠢ ᠴᠡᠨᠡᠭ + ᠡᠯᠡᠰᠦ᠎ᠶ᠋ᠢ ᠵᠠᠰᠠᠬᠤ》 ᠠᠭᠤᠰᠤᠯᠴᠠᠨ ᠬᠥᠭ᠌ᠵᠢᠬᠦ᠌ ᠱᠢᠨ᠎ᠡ ᠵᠠᠭ᠍ᠪᠤᠷ᠎ᠢ ᠢᠳᠡᠪᠬᠢᠲᠡᠢ  ᠰᠦᠪᠡᠭ᠌ᠴᠢᠯᠡᠵᠦ᠍᠂ ᠪᠠᠳᠠᠢ᠎ᠶ᠋ᠢᠨ ᠵᠢᠷᠠᠨ ᠎ᠤ ᠡᠯᠡᠰᠦᠨ᠎ᠳᠦ ᠭᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ ᠲᠦᠷᠦᠯ ᠵᠦᠢᠯ᠎ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠱᠢᠭᠤᠯᠵᠤ᠂ 《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠣᠷ᠎ᠠ ᠰᠡᠯᠪᠢᠨ ᠵᠠᠰᠠᠬᠤ᠂ ᠬᠠᠪᠲᠠᠰᠤᠨ᠎ᠤ ᠬᠣᠭᠣᠷᠣᠨᠳᠣ ᠲᠠᠷᠢᠮᠠᠯ ᠲᠠᠷᠢᠬᠤ》 ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠱᠢᠨ᠎ᠡ ᠪᠠᠢᠷᠢᠱᠢᠯ᠎ᠢ ᠪᠡᠶᠡᠯᠡᠭᠦᠯᠵᠦ᠍᠂ ᠡᠨᠡ ᠬᠦ᠌ 《ᠬᠠᠮᠠᠷ ᠬᠠᠳᠭᠤᠬᠤ ᠡᠪᠡᠰᠦ ᠦᠭᠡᠢ ᠬᠠᠯᠴᠠᠭᠠᠢ ᠭᠠᠵᠠᠷ》 ᠢ᠋ 《ᠪᠤᠬᠢᠷᠲᠤᠯ ᠦᠭᠡᠢ ᠴᠠᠬᠢᠯᠭᠠᠨ + ᠨᠣᠭᠣᠭᠠᠨ ᠪᠦᠷᠢᠳᠦ》 ᠵᠢᠨ ᠬᠠᠮᠲᠤ᠎ᠶ᠋ᠢᠨ ᠴᠣᠭ᠍ᠴᠠ ᠪᠣᠯᠭᠠᠬᠤ᠎ᠪᠠᠷ ᠴᠢᠷᠮᠠᠢᠵᠤ ᠪᠠᠢᠨ᠎ᠠ ᠭᠡᠵᠦ᠍ ᠬᠠᠷᠢᠭᠤᠯᠲᠠ ᠥᠭ᠌ᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠱᠢᠯᠢ᠎ᠶ᠋ᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠤ ᠡᠵᠢᠨᠠᠭᠤᠷ ᠪᠠᠯᠭᠠᠰᠤᠨ᠎ᠤ ᠬᠠᠷᠠᠭᠠᠲᠤ ᠭᠠᠴᠠᠭᠠᠨ᠎ᠤ ᠨᠠᠮ᠎ᠤᠨ ᠡᠭᠦᠷ᠎ᠦᠨ ᠱᠦᠵᠢ᠂ ᠭᠠᠴᠠᠭᠠᠨ᠎ᠤ ᠵᠥᠪᠯᠡᠯ᠎ᠦᠨ ᠡᠷᠬᠢᠯᠡᠭ᠌ᠴᠢ ᠮᠥᠩᠬᠡᠪᠠᠲᠤ 《ᠬᠡᠷᠬᠢᠨ ᠮᠠᠯᠵᠢᠬᠤ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠵᠤ᠂ ᠨᠠᠮ᠎ᠤᠨ ᠪᠠᠢᠭᠤᠯᠤᠯᠲᠠ᠎ᠪᠠᠷ ᠬᠦᠳᠦᠯᠦᠨ ᠲᠠᠭᠠᠭᠤᠯᠬᠤ ᠪᠡᠷ ᠳᠠᠮᠵᠢᠨ ᠭᠠᠴᠠᠭᠠᠨ᠎ᠤ ᠠᠵᠤ ᠦᠶ᠋ᠯᠡᠰ᠎ᠦᠨ ᠬᠥᠭ᠌ᠵᠢᠯ ᠪᠠᠳᠠᠷᠠᠯ᠂ ᠮᠠᠯᠴᠢᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤ ᠪᠤᠢ》 ᠬᠡᠬᠦ ᠠᠰᠠᠭᠤᠯᠲᠠ᠎ᠳᠤ ᠬᠠᠷᠢᠭᠤ ᠥᠭ᠌ᠪᠡ᠃ ᠲᠡᠷᠡ ᠮᠠᠯᠵᠢᠬᠤ ᠣᠷᠣᠨ᠎ᠳᠤ ᠦᠨᠳᠦᠰᠦᠯᠡᠵᠦ᠍᠂ ᠮᠠᠯᠴᠢᠳ᠎ᠢ ᠳᠠᠭᠠᠭᠤᠯᠤᠨ ᠠᠵᠤ ᠦᠢᠯᠡᠰ᠎ᠢ ᠬᠥᠭ᠌ᠵᠢᠭᠦᠯᠵᠦ᠍᠂ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠪᠠ᠃ ᠭᠠᠴᠠᠭ᠎ᠠ᠎ᠡᠴᠡ ᠪᠠᠰᠠ ᠥᠪᠥᠷ ᠮᠣᠩᠭᠣᠯ᠎ᠤᠨ ᠠᠩᠭᠸᠰ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ᠎ᠶ᠋ᠢ ᠣᠷᠣᠭᠤᠯᠤᠨ ᠠᠪᠴᠢᠷᠠᠵᠤ᠂ 《ᠨᠠᠮ᠎ᠤᠨ ᠡᠭᠦᠷ + ᠳᠠᠭᠠᠭᠤᠯᠤᠭ᠍ᠴᠢ ᠠᠵᠤ ᠠᠬᠤᠢᠯᠠᠯ + ᠮᠠᠯᠴᠢᠨ ᠡᠷᠦᠬᠡ》 ᠎ᠶ᠋ᠢᠨ ᠬᠠᠮᠲᠤᠷᠠᠯᠴᠠᠭ᠎ᠠ ᠵᠢ ᠦᠷᠨᠢᠬᠦᠯᠵᠤ᠂ ᠭᠠᠴᠠᠭᠠᠨ᠎ᠤ ᠬᠠᠮᠲᠤ᠎ᠶ᠋ᠢᠨ ᠠᠵᠤ ᠠᠬᠤᠶ ᠴᠤ᠌ ᠨᠠᠯᠢᠶᠠᠳ ᠣᠷᠣᠯᠭ᠎ᠠ ᠤᠯᠪᠠ᠃ ᠲᠡᠷᠡ ᠪᠠᠰᠠ ᠤᠷᠢᠯᠭ᠎ᠠ᠎ᠲᠠᠯᠪᠢᠵᠦ᠂ ᠤᠯᠠᠨ᠎ᠢᠶᠠᠷ᠎ᠢᠶᠠᠨ ᠲᠡᠭᠦᠨ᠎ᠦ ᠨᠤᠲᠤᠭ᠎ᠲᠤ ᠬᠦᠷᠴᠦ᠍᠂ ᠠᠩᠬᠢᠯᠤᠮ᠎ᠠ ᠰᠠᠢᠬᠠᠨ ᠰᠦ ᠲᠡᠶ ᠴᠠᠢ ᠤᠤᠭᠤᠵᠤ᠂ ᠲᠠᠯ᠎ᠠ ᠨᠤᠲᠤᠭ᠎ᠤᠨ ᠥᠷᠭᠡᠨ ᠠᠭᠤᠳᠠᠮ ᠪᠠ ᠰᠦᠷᠯᠢᠭ ᠰᠠᠢᠬᠠᠨ᠎ᠢ ᠮᠡᠳᠡᠷᠡᠬᠦ᠎ᠶ᠋ᠢ ᠬᠦᠰᠡᠪᠡ᠃

ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠤᠯᠠᠭᠠᠨᠬᠠᠳᠠ ᠬᠣᠲᠠ᠎ᠶᠢᠨ ᠣᠩᠨᠢᠭᠤᠳ ᠬᠣᠰᠢᠭᠤᠨ᠎ᠤ ᠨᠠᠮ᠎ᠤᠨ ᠬᠣᠷᠢᠶ᠎ᠠ᠎ᠶᠢᠨ ᠱᠦᠵᠢ ᠮᠥᠩᠬᠡ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠪᠠ ᠨᠣᠭᠣᠭᠠᠷᠠᠭᠤᠯᠵᠤ ᠬᠠᠮᠲᠦ ᠪᠡᠷ ᠪᠠᠶᠠᠵᠢᠬᠤ ᠵᠢ ᠨᠢᠬᠡ ᠴᠤᠬᠴᠠᠵᠢᠭᠤᠯᠤᠨ ᠠᠬᠢᠭᠤᠯᠤᠬᠰᠠᠨ ᠣᠩᠨᠢᠭᠤᠳ ᠬᠣᠰᠢᠭᠤᠨ᠎ᠦ ᠦᠢᠯᠡᠳᠦᠯᠭᠡ ᠎ᠶᠢ ᠬᠤᠪᠢᠶᠠᠯᠴᠠᠪᠠ᠃ ᠮᠦᠨᠭᠬᠡ᠄《ᠮᠠᠨ᠎ᠤ ᠬᠣᠰᠢᠭᠤᠨ᠎ᠤ 667 ᠲᠦᠮᠡᠨ ᠮᠦ᠍ ᠡᠯᠡᠰᠦᠷᠬᠡᠭ ᠭᠠᠵᠠᠷ᠎ᠤᠨ ᠨᠢᠭᠡᠨᠲᠡ 577 ᠲᠦᠮᠡᠨ ᠮᠦ᠍᠎ᠶᠢ ᠶᠡᠷᠦᠩᠬᠡᠢᠯᠡᠨ ᠵᠠᠰᠠᠵᠤ ᠳᠠᠭᠤᠰᠬᠠᠪᠠ᠃ ᠥᠩᠭᠡᠷᠡᠭᠰᠡᠨ᠎ᠳᠦ  ᠰᠠᠯᠬᠢᠯᠠᠬᠤ ᠴᠢᠮᠡᠬᠡ ᠪᠡᠷ ᠡᠯᠡᠰᠦ ᠰᠢᠷᠣᠢ ᠳᠡᠭᠳᠡᠳᠡᠭ ᠪᠠᠢᠭᠰᠠᠨ ᠵᠢᠡᠨ ᠣᠲᠣ᠌ ᠤᠷᠭᠤᠮᠠᠯ᠎ᠤᠨ ᠬᠤᠴᠢᠯᠭ᠎ᠠ ᠳᠡᠭᠡᠭᠰᠢᠯᠡᠵᠦ᠂ ᠬᠥᠬᠡ ᠲᠡᠭᠷᠢ ᠴᠠᠭᠠᠨ ᠡᠭᠦᠯᠡ ᠪᠠᠢᠩᠭᠤ ᠵᠢᠨ ᠦᠵᠡᠮᠵᠢ ᠪᠣᠯᠵᠤ᠂ ᠬᠤᠨ ᠭᠠᠯᠠᠭᠤ᠂ ᠲᠣᠭᠣᠷᠤᠤ ᠵᠡᠷᠭᠡ ᠬᠣᠪᠣᠷ ᠴᠤᠬᠠᠭ ᠨᠡᠭᠦᠳᠡᠯ ᠎ᠦᠨ ᠰᠢᠪᠠᠭᠤᠳ ᠬᠠᠪᠤᠷ ᠪᠣᠯᠣᠮᠠᠭᠴᠠ ᠰᠦᠷᠦᠭᠯᠡᠨ ᠢᠷᠡᠵᠦ ᠨᠤᠲᠤᠭᠰᠢᠳᠠᠭ ᠪᠤᠯᠵᠠᠢ᠃ ᠡᠯᠡᠰᠦᠷᠬᠡᠭᠵᠢᠯ᠎ᠢ ᠰᠡᠷᠭᠡᠢᠯᠡᠵᠤ ᠡᠯᠡᠰᠦ᠎ᠶᠢ ᠵᠠᠰᠠᠬᠤ ᠨᠢ ᠵᠥᠪᠬᠡᠨ ᠡᠯᠡᠰᠦ᠎ᠶᠢ ᠵᠠᠰᠠᠬᠤ᠎ᠶᠢᠨ ᠲᠥᠯᠥᠭᠡ ᠪᠢᠰᠢ᠂ ᠨᠠᠩ ᠴᠢᠬᠤᠯᠠ ᠨᠢ ᠨᠤᠲᠤᠭ᠎ᠤᠰᠤᠨ᠎ᠤ ᠪᠠᠨ ᠠᠷᠠᠳ ᠤᠯᠠᠨ ᠵᠢᠡᠨ ᠨᠠᠩ ᠰᠠᠢᠨ ᠠᠮᠢᠳᠤᠷᠠᠭᠤᠯᠬᠤ᠎ᠶᠢᠨ ᠲᠥᠯᠥᠭᠡ ᠶᠤᠮ》ᠭᠡᠵᠡᠢ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠮᠧᠩ ᠢ ᠲᠠᠷᠢᠶᠠᠯᠠᠩ ᠮᠠᠯ ᠠᠵᠤ ᠠᠬᠤᠢ᠎ᠶᠢᠨ ᠲᠤᠰᠬᠠᠢ ᠬᠣᠷᠰᠢᠶ᠎ᠡ ᠵᠢᠨ ᠬᠣᠯᠪᠣᠭᠠᠲᠤ ᠬᠣᠷᠰᠢᠶ᠎ᠡ ᠵᠢᠨ ᠬᠡᠷᠡᠭ ᠡᠷᠬᠢᠯᠡᠭᠴᠢᠳ᠎ᠦᠨ ᠳᠠᠷᠤᠭ᠎ᠠ ᠭᠦᠸᠧ ᠯᠢ ᠯᠢ ᠪᠣᠯ ᠮᠠᠯᠴᠢᠨ ᠲᠠᠷᠢᠶᠠᠴᠢᠨ᠎ᠲᠥᠯᠥᠭᠡᠯᠡᠭᠴᠢ ᠪᠣᠯᠣᠨ᠎ᠠ᠃ ᠲᠡᠷᠡ ᠨᠤᠲᠤᠭ᠎ᠤᠨ ᠠᠬ᠎ᠠ ᠳᠡᠭᠦᠦ ᠨᠠᠷ᠎ᠢᠶᠡᠨ ᠳᠠᠭᠠᠭᠤᠯᠤᠨ ᠠᠮᠲᠠᠲᠤ ᠡᠷᠳᠡᠨᠢ ᠰᠢᠰᠢ᠎ᠶᠢᠨ ᠠᠵᠤ ᠦᠢᠯᠡᠰ᠎ᠢ ᠶᠡᠬᠡ ᠪᠡᠷ ᠬᠦᠭᠵᠢᠬᠦᠯᠵᠤ᠂ ᠡᠷᠳᠡᠨᠢ ᠰᠢᠰᠢ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠮᠣ᠌ ᠠᠵᠤ ᠦᠢᠯᠡᠰ ᠪᠣᠯᠭᠠᠭᠰᠠᠨ ᠪᠥᠭᠡᠳ ᠨᠤᠲᠤᠭ᠎ᠤᠨ ᠠᠷᠠᠳ ᠤᠯᠠᠨ᠎ᠤ ᠪᠠᠨ ᠠᠮᠢᠳᠤᠷᠠᠯ᠎ᠢ ᠴᠤ᠌ ᠶᠠᠪᠤᠬᠤ ᠲᠤᠳᠤᠮ ᠵᠣᠯ ᠵᠢᠷᠭᠠᠯ ᠲᠠᠢ ᠪᠣᠯᠭᠠᠵᠠᠢ᠃ ᠠᠵᠤ ᠦᠢᠯᠡᠰ᠎ᠢ ᠬᠥᠭᠵᠢᠬᠦᠯᠬᠦ  ᠳᠤᠮᠳᠠ ᠲᠡᠬᠦᠨ᠎ᠤ ᠰᠡᠳᠬᠢᠯ ᠳ᠋ᠤ ᠦᠯᠡᠳᠡᠭᠰᠡᠨ ᠮᠠᠷᠳᠠᠬᠳᠠᠰᠢ ᠦᠬᠡᠢ ᠮᠦᠴᠡ ᠵᠢ ᠡᠷᠬᠢᠴᠡᠬᠦᠯᠬᠦ ᠳ᠋ᠡᠬᠡᠨ᠂ ᠭᠦᠸᠧ ᠯᠢ ᠯᠢ《ᠡᠵᠡᠮᠳᠡᠬᠦ》᠂ 《ᠤᠯᠠᠮᠵᠢᠯᠠᠨ ᠳᠡᠯᠭᠡᠷᠡᠭᠦᠯᠬᠦ》᠂ 《ᠬᠦᠰᠡᠯ ᠡᠷᠡᠮᠡᠯᠵᠡᠯ》᠂ 《ᠦᠵᠡᠮᠵᠢ》 ᠭᠡᠬᠦ ᠲᠦᠷᠪᠡᠨ ᠵᠠᠩᠭᠢᠯᠠᠭ᠎ᠠ᠎ᠶᠢᠨ ᠦᠭᠡ᠎ᠪᠡᠷ ᠬᠣᠯᠪᠣᠭᠰᠠᠨ《ᠤᠴᠢᠷ ᠲᠠᠢ ᠰᠠᠢᠬᠠᠨ》ᠦᠯᠢᠭᠡᠷ ᠵᠢᠡᠨ ᠬᠤᠪᠢᠶᠠᠯᠴᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠵᠢᠦ ᠲᠠᠢ ᠪᠦᠯᠦᠭ᠌ᠯᠡᠯ᠎ᠦᠨ ᠶᠡᠷᠦᠩᠬᠡᠶ ᠵᠠᠬᠢᠷᠤᠯ ᠼᠦᠢ ᠢ ᠵᠢᠶᠦ᠋ᠨ ᠥᠪᠥᠷ ᠮᠣᠩᠭᠣᠯ᠎ᠳᠤ ᠪᠠᠯᠠ ᠣᠷᠣᠭᠤᠯᠵᠤ ᠠᠵᠢᠯ ᠦᠶ᠋ᠯᠡᠰ᠎ᠢᠶᠡᠨ ᠬᠥᠭ᠌ᠵᠢᠭᠦᠯᠦᠭ᠌ᠰᠡᠨ ᠥᠯᠢᠭᠡᠷ ᠪᠣᠯᠤᠨ ᠲᠥᠷᠥᠭ᠌ᠳᠡᠯ᠎ᠢᠶᠡᠨ ᠬᠤᠪᠢᠶᠠᠯᠴᠠᠪᠠ᠃ ᠲᠡᠷᠡ᠂ ᠵᠢᠤ ᠲᠠᠢ ᠪᠦᠯᠦᠭ᠌ᠯᠡᠯ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠣᠨ ᠠᠪᠴᠢᠷᠠᠬᠤ ᠲᠦᠷᠦ᠍᠎ᠶ᠋ᠢᠨ ᠪᠤᠳᠤᠯᠭ᠎ᠠ᠎ᠶ᠋ᠢᠨ ᠬᠠᠷᠠᠭᠠᠯᠵᠠᠯ ᠳ᠋ᠤ ᠲᠡᠳᠠᠬᠳᠠᠵᠤ᠂ ᠥᠪᠥᠷ ᠮᠣᠩᠭᠣᠯ᠎ᠳᠤ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠢ ᠭᠦᠨᠵᠡᠭᠡᠢ ᠬᠥᠭ᠌ᠵᠢᠭᠦᠯᠵᠦ᠍᠂ ᠠᠵᠤ ᠦᠢᠯᠡᠰ᠎ᠦᠨ ᠬᠡᠯᠬᠢᠶ᠎ᠡ᠎ᠶ᠋ᠢ ᠲᠠᠰᠤᠷᠠᠯᠲᠠ ᠦᠭᠡᠢ ᠤᠷᠲᠤᠳᠭᠠᠵᠤ᠂ ᠦᠢᠯᠡᠳᠬᠦᠨ᠎ᠦ ᠨᠡᠮᠡᠯᠲᠡ ᠦᠷᠲᠡᠭ᠎ᠢ ᠳᠡᠭᠡᠭ᠌ᠰᠢᠯᠡᠭᠦᠯᠵᠡᠢ ᠭᠡᠵᠦ ᠲᠠᠨᠢᠯᠴᠠᠭᠤᠯᠪᠠ᠃ ᠲᠡᠷᠡ᠂ ᠠᠵᠤ ᠠᠬᠤᠢᠯᠠᠯ ᠪᠠᠭ᠎ᠠ᠎ᠡᠴᠡ ᠶᠡᠬᠡ᠂ ᠪᠠᠭᠤᠷᠠᠢ᠎ᠡᠴᠡ ᠬᠦᠴᠦᠷᠬᠡᠭ ᠪᠣᠯᠬᠤ᠎ᠳᠤ ᠴᠥᠮ ᠥᠪᠥᠷ ᠮᠣᠩᠭᠣᠯ ᠎ᠤᠨ  ᠬᠤᠳᠠᠯᠳᠤᠭ᠎ᠠ ᠡᠷᠬᠢᠯᠡᠬᠦ᠌ ᠰᠠᠢᠨ ᠰᠠᠢᠬᠠᠨ ᠣᠷᠴᠢᠨ ᠨᠦᠬᠦᠴᠡᠯ ᠡᠴᠡ ᠰᠠᠯᠵᠤ ᠴᠢᠳᠠᠬᠤ ᠦᠭᠡᠢ ᠶᠤᠮ᠂ ᠥᠪᠥᠷ ᠮᠣᠩᠭᠣᠯ᠎ᠳᠤ ᠪᠡᠯᠡ ᠣᠷᠣᠭᠤᠯᠬᠤ ᠪᠣᠯ ᠵᠥᠪ ᠰᠣᠩᠭᠣᠯᠲᠠ᠂ ᠢᠷᠡᠭᠡᠳᠦᠢ᠎ᠶ᠋ᠢᠨ ᠬᠥᠭ᠌ᠵᠢᠯᠲᠡ᠎ᠳᠦ ᠢᠲᠡᠭᠡᠯ ᠳᠦᠭᠦᠷᠡᠩ ᠪᠠᠢᠨ᠎ᠠ ᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠥᠯᠥᠨ ᠪᠣᠢᠷ ᠬᠣᠲᠠ᠎ᠶ᠋ᠢᠨ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠨᠣᠮᠢᠨ ᠪᠠᠯᠭᠠᠰᠤᠨ᠎ᠤ ᠠᠩᠴᠢᠨ ᠭᠠᠴᠠᠭᠠᠨ᠎ᠤ ᠭᠠᠴᠠᠭᠠᠨ᠎ᠤ ᠵᠥᠪᠯᠡᠯ᠎ᠦᠨ ᠳᠡᠳ᠋ ᠡᠷᠬᠢᠯᠡᠭ᠌ᠴᠢ ᠭᠤᠸᠠᠨ ᠵᠢᠶᠠᠨ ᠣᠷᠴᠣᠨ᠎ᠤ ᠥᠪᠡᠷᠲᠡᠭᠡᠨ ᠵᠠᠰᠠᠬᠤ ᠬᠣᠱᠢᠭᠤ᠎ᠶ᠋ᠢᠨ《ᠠᠭᠤᠰᠤᠯᠴᠠᠯ᠎ᠤᠨ ᠵᠠᠮ》 ᠤ᠋ᠨ ᠡᠬᠢᠯᠡᠯᠲᠡ᠎ᠶ᠋ᠢᠨ ᠴᠡᠭ ᠪᠣᠯᠤᠭ᠍ᠰᠠᠨ᠎ᠤ ᠬᠤᠪᠢ᠎ᠳᠤ᠂ ᠬᠡᠷᠬᠢᠨ ᠰᠣᠶᠣᠯ᠎ᠤᠨ ᠦᠪ ᠰᠤᠳᠠᠰᠤ ᠵᠢ ᠪᠠᠲᠤ ᠰᠠᠬᠢᠵᠤ᠂ ᠮᠢᠩᠭᠠᠨ ᠣᠨ᠎ᠤ ᠰᠣᠶᠣᠯ᠎ᠤᠨ ᠥᠪ᠎ᠢ ᠣᠲᠣ ᠦᠶ᠎ᠡ᠎ᠳᠦ ᠠᠮᠢᠵᠢᠷᠠᠯ᠎ᠤᠨ ᠬᠦᠴᠦᠨ᠎ᠢᠶᠡᠷ ᠪᠢᠯᠬᠠᠭᠤᠯᠤᠬᠰᠠᠨ ᠥᠯᠢᠭᠡᠷ ᠎ᠢ ᠶᠠᠷᠢᠪᠠ᠃ ᠭᠤᠸᠠᠨ ᠵᠢᠶᠠᠨ᠄《ᠪᠢᠳᠡ ᠦᠷᠭᠦᠯᠵᠢᠯᠡᠨ ᠰᠣᠶᠣᠯ ᠎ᠤᠨ ᠲᠤᠨᠤᠭ ᠲᠥᠬᠥᠭᠡᠷᠦᠮᠵᠢ᠎ᠪᠡᠨ ᠲᠡᠭᠦᠯᠳᠡᠷᠵᠢᠭᠦᠯᠵᠦ᠍᠂ ᠡᠵᠡᠩᠨᠡᠯᠲᠡ᠎ᠶ᠋ᠢᠨ ᠬᠡᠯᠪᠡᠷᠢ᠎ᠶ᠋ᠢᠨ ᠬᠠᠩᠭᠠᠯᠭ᠎ᠠ ᠎ᠪᠠᠨ ᠪᠠᠶᠠᠯᠢᠭ᠍ᠵᠢᠭᠤᠯᠵᠤ᠂ ᠰᠣᠶᠣᠯ᠎ᠤᠨ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠪᠠᠷ ᠳᠠᠮᠵᠢᠨ 〈ᠠᠭᠤᠰᠤᠯᠴᠠᠯ᠎ᠤᠨ ᠵᠠᠮ〉 ᠢ᠋ ᠦᠨᠳᠦᠰᠦᠲᠡᠨ᠎ᠦ ᠬᠠᠢᠷ᠎ᠠ ᠰᠡᠳᠭᠢᠯᠭᠡ᠎ᠶ᠋ᠢ ᠨᠢᠭ᠍ᠲᠠᠷᠠᠭᠤᠯᠬᠤ ᠴᠢᠬᠤᠯᠠ ᠲᠠᠪᠴᠠᠩ ᠪᠣᠯᠭᠠᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号