ᠬᠣᠶᠠᠳᠤᠭᠠᠷ ᠲᠠᠯᠠᠪᠤᠷ 《ᠭᠡᠰᠢᠭᠦᠳ᠎ᠦᠨ ᠰᠤᠷᠪᠤᠯᠵᠢᠯᠠᠭ᠎ᠠ ᠬᠦᠯᠢᠶᠡᠬᠦ ᠵᠠᠮ》 ᠳ᠋ᠤ 5 ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠬᠥᠭᠵᠢᠯᠲᠡ ᠪᠣᠯᠣᠨ ᠢᠲᠡᠭᠡᠯ᠎ᠦᠨ ᠲᠤᠬᠠᠢ ᠶᠠᠷᠢᠪᠠ
2026-02-05 16:28:27
ᠵᠣᠬᠢᠶᠠᠭ᠍ᠴᠢ᠄
ᠰᠢᠦᠢ ᠵᠢᠩ ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 4᠎ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠎ᠶᠢᠨ ᠵᠥᠪᠯᠡᠯᠭᠡᠨ ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠬᠣᠶᠠᠳᠤᠭᠠᠷ ᠲᠠᠯᠠᠪᠤᠷ 《ᠭᠡᠰᠢᠭᠦᠳ᠎ᠦᠨ ᠰᠤᠷᠪᠤᠯᠵᠢᠯᠠᠭ᠎ᠠ ᠬᠦᠯᠢᠶᠡᠬᠦ ᠵᠠᠮ》 ᠎ᠢ ᠲᠤᠭᠲᠠᠭᠰᠠᠨ ᠴᠠᠭ ᠲᠠᠭᠠᠨ ᠨᠡᠬᠡᠭᠡᠪᠡ᠃ ᠠᠳᠠᠯᠢ ᠪᠤᠰᠤ ᠡᠲᠡᠭᠡᠳ ᠢᠯᠭᠠᠯ᠎ᠡᠴᠡ ᠢᠷᠡᠭᠰᠡᠨ 5 ᠥᠪᠡᠷᠲᠡᠭᠡᠨ ᠵᠠᠰᠠᠬᠤ ᠣᠷᠣᠨ ᠎ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠬᠤᠢᠨ᠎ᠠ ᠬᠤᠢᠨ᠎ᠠ ᠡᠴᠡ ᠪᠡᠨ ᠰᠤᠷᠪᠤᠯᠵᠢᠯᠠᠭ᠎ᠠ ᠬᠦᠯᠢᠶᠡᠬᠦ ᠵᠠᠮ᠎ᠳᠦ ᠭᠠᠷᠴᠦ᠂ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠦᠯᠢᠶᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠰᠢᠶᠠᠩᠭᠠᠩ᠎ᠤᠨ ᠲᠠᠷᠢᠶᠠᠯᠠᠩ᠎ᠤᠨ ᠬᠣᠯᠪᠣᠭᠠᠲᠤ ᠬᠤᠷᠠᠯ᠎ᠤᠨ ᠲᠡᠷᠢᠭᠦᠯᠡᠭᠴᠢ ᠴᠧᠨ ᠵᠢᠶᠠᠨ ᠶᠧ ᠡᠩ ᠲᠡᠷᠢᠭᠦᠨ᠎ᠳᠦ ᠰᠤᠷᠪᠤᠯᠵᠢᠯᠠᠭ᠎ᠠ ᠬᠦᠯᠢᠶᠡᠬᠦ ᠵᠠᠮ᠎ᠳᠤ ᠭᠠᠷᠪᠠ᠃ ᠦᠪᠦᠷ ᠮᠤᠨᠭᠭᠤᠯ ᠰᠢᠶᠠᠨᠭᠭᠠᠩ᠎ᠢ ᠬᠣᠯᠪᠣᠭᠰᠠᠨ 《ᠬᠣᠯᠪᠣᠭᠠᠴᠢᠨ》 ᠪᠠ 《ᠪᠣᠷᠣᠯᠠᠭᠤᠯᠤᠭ᠍ᠴᠢ》 ᠪᠣᠯᠤᠭᠰᠠᠨ᠎ᠤ ᠬᠤᠪᠢ᠎ᠳᠤ᠂ ᠲᠡᠷᠡ ᠦᠪᠦᠷ ᠮᠤᠨᠭᠭᠤᠯ ᠰᠢᠶᠠᠨᠭᠭᠠᠩ ᠎ᠤᠨ ᠬᠠᠮᠲᠤᠷᠠᠯᠴᠠᠭ᠎ᠠ᠎ᠳᠤ ᠬᠥᠭᠥᠷᠭᠡ ᠬᠤᠯᠪᠤᠭᠠᠰᠦ ᠪᠤᠯᠬᠤ ᠪᠡᠷ ᠬᠦᠴᠦᠯᠡᠨ ᠴᠢᠷᠮᠠᠢᠪᠠ᠃ ᠲᠡᠷᠡ᠂ ᠦᠪᠦᠷ ᠮᠤᠨᠭᠭᠤᠯ ᠰᠢᠶᠠᠨᠭᠭᠠᠩ᠎ᠤᠨ ᠬᠠᠮᠲᠤᠷᠠᠯᠴᠠᠭ᠎ᠠ ᠨᠢ  《ᠪᠡᠭᠡᠵᠢᠩ ᠦᠪᠦᠷ ᠮᠣᠩᠭᠣᠯ᠎ᠤᠨ ᠬᠠᠮᠵᠢᠯᠴᠠᠭ᠎ᠠ》 ᠶ᠋ᠢᠨ ᠲᠤᠷᠰᠢᠯᠭ᠎ᠠ᠎ᠪᠠᠷ ᠲᠣᠯᠢ ᠪᠣᠯᠭᠠᠵᠤ᠂ ᠰᠣᠶᠣᠯ᠎ᠤᠨ ᠰᠣᠯᠢᠯᠴᠠᠭ᠎ᠠ᠂ ᠵᠠᠯᠠᠭᠤᠴᠤᠳ᠎ᠤᠨ ᠬᠠᠷᠢᠯᠴᠠᠨ ᠠᠶ᠋ᠢᠯᠴᠢᠯᠠᠯᠲᠠ ᠬᠢᠬᠦ ᠪᠠ ᠨᠡᠶ᠋ᠢᠲᠡ᠎ᠶᠢᠨ ᠠᠰᠠᠷᠠᠮᠵᠢ᠎ᠶᠢᠨ ᠲᠥᠷᠥᠯ ᠵᠦᠢᠯ᠎ᠢᠶᠡᠷ ᠳᠠᠮᠵᠢᠨ᠂ ᠬᠣᠶᠠᠷ ᠭᠠᠵᠠᠷ᠎ᠤᠨ ᠠᠷᠠᠳ ᠲᠦᠮᠡᠨ᠎ᠤ ᠰᠡᠳᠬᠢᠯ ᠵᠢᠷᠦᠬᠡ ᠵᠢ ᠬᠤᠯᠪᠤᠬᠤ ᠪᠤᠯᠤᠨ᠎ᠠ ᠭᠡᠪᠡ᠃ ᠲᠡᠷᠡ᠂ ᠰᠢᠶᠠᠩᠭᠠᠩ᠎ᠤᠨ ᠣᠯᠠᠨ ᠤᠯᠤᠰ᠎ᠤᠨ ᠮᠥᠩᠭᠥᠨ ᠭᠦᠢᠯᠭᠡᠭᠡᠨ᠎ᠦ ᠲᠥᠪ᠎ᠡᠴᠡ ᠥᠪᠥᠷ ᠮᠣᠩᠭᠣᠯ᠎ᠤᠨ ᠪᠣᠬᠢᠷᠲᠤᠯ ᠦᠭᠡᠢ ᠡᠨᠧᠷᠭᠢ᠎ᠶᠢᠨ ᠬᠥᠭᠵᠢᠯᠲᠡ᠎ᠳᠦ ᠡᠨᠧᠷᠭᠢ ᠣᠯᠭᠣᠵᠤ᠂ 《ᠰᠢᠶᠠᠩᠭᠠᠩ᠎ᠤᠨ ᠳ᠋ᠠᠢᠲ᠋ᠠ ᠵᠢ ᠦᠪᠦᠷ ᠮᠣᠩᠭᠣᠯ᠎ᠤᠨ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》 ᠶ᠋ᠢ ᠬᠠᠢᠨ ᠰᠦᠪᠡᠭᠴᠢᠯᠡᠬᠦ ᠠᠯᠤᠰ ᠢᠷᠡᠭᠡᠳᠦᠢ ᠰᠠᠷᠠᠭᠤᠯ ᠥᠷᠭᠡᠨ ᠪᠠᠢᠨ᠎ᠠ ᠭᠡᠵᠤ ᠦᠵᠡᠪᠡ᠃ 《ᠥᠪᠥᠷ ᠮᠣᠩᠭᠣᠯ ᠤᠯᠤᠰ᠎ᠤᠨ ᠪᠣᠳᠣᠯᠳᠠ᠎ᠶᠢᠨ ᠬᠦᠴᠦᠨ᠎ᠦ ᠬᠦᠢᠰᠦ ᠪᠣᠯᠣᠨ ᠪᠤᠬᠢᠷᠳᠤᠯ ᠦᠭᠡᠢ ᠴᠠᠬᠢᠯᠭᠠᠨ ᠎ᠤ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠨ ᠪᠠᠳᠠᠷᠠᠭᠤᠯᠵᠤ᠂ ᠰᠢᠶᠠᠩᠭᠠᠩ ᠯᠤᠭ᠎ᠠ ᠴᠠᠬᠢᠯᠭᠠᠨ ᠬᠦᠴᠦᠨ ᠎ᠦ ᠬᠠᠮᠵᠢᠯᠴᠠᠭ᠎ᠠ᠂ ᠪᠣᠳᠣᠯᠳᠠ ᠎ᠶᠢᠨ ᠬᠦᠴᠦᠨ ᠎ᠦ ᠲᠣᠬᠢᠷᠠᠭᠤᠯᠤᠯᠲᠠ᠂ ᠰᠦᠯᠵᠢᠶ᠎ᠡ ᠎ᠶᠢ ᠰᠢᠯᠢᠳᠡᠭᠵᠢᠭᠦᠯᠬᠦ᠂ ᠬᠤᠳᠠᠯᠳᠤᠭᠠᠨ᠎ᠤ ᠵᠠᠭᠪᠤᠷ ᠪᠣᠯᠣᠨ ᠳᠦᠷᠦ ᠎ᠶᠢᠨ ᠪᠣᠳᠣᠯᠭ᠎ᠠ᠎ᠶᠢᠨ ᠲᠣᠭᠲᠡᠴᠡ ᠵᠡᠷᠭᠡ ᠲᠠᠯ᠎ᠠ᠎ᠪᠠᠷ ᠬᠢ ᠬᠠᠮᠲᠤᠷᠠᠯᠴᠠᠭᠠᠨ᠎ᠤ ᠠᠵᠠ ᠲᠣᠬᠢᠶᠠᠯ ᠎ᠢ ᠰᠦᠪᠡᠭᠴᠢᠯᠡᠵᠦ ᠪᠣᠯᠣᠨ᠎ᠠ᠂ ᠡᠭᠦᠨ᠎ᠦ ᠵᠡᠷᠭᠡ᠎ᠳᠦ᠂ ᠥᠪᠥᠷ ᠮᠣᠩᠭᠣᠯ ᠪᠠᠰᠠ ᠰᠢᠶᠠᠩᠭᠠᠩ᠎ᠤᠨ ᠤᠯᠠᠨ ᠤᠯᠤᠰ ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠎ᠶᠢ ᠡᠭᠦᠳᠬᠦ ᠲᠥᠪ ᠪᠣᠯᠤᠭᠰᠠᠨ ᠲᠠᠪᠴᠠᠩ᠎ᠤᠨ ᠳᠠᠪᠠᠭᠤᠯᠢᠭ᠋᠎ᠢ ᠠᠰᠢᠭ᠍ᠯᠠᠵᠤ᠂ ᠰᠢᠶᠠᠩᠭᠠᠩ ᠯᠤᠭ᠎ᠠ ᠎ᠶᠢᠨ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠤ ᠬᠠᠮᠲᠤᠷᠠᠯᠴᠠᠭ᠎ᠠ᠎ᠪᠠᠨ ᠴᠢᠩᠭᠠᠳᠬᠠᠵᠤ ᠪᠣᠯᠣᠨ᠎ᠠ》 ᠭᠡᠵᠦ ᠴᠧᠨ ᠵᠢᠶᠠᠨ ᠶᠧ ᠬᠡᠯᠡᠪᠡ᠃

ᠥᠪᠥᠷ ᠮᠣᠩᠭᠣᠯ ᠪᠣᠯ ᠤᠯᠤᠰ᠎ᠤᠨ ᠴᠢᠬᠤᠯᠠ 《ᠠᠮᠤ᠎ᠵᠢᠨ ᠰᠠᠨᠭ᠌》᠂ 《ᠮᠢᠬᠠᠨ᠎ᠤ ᠬᠥᠮᠥᠷᠭᠡ》᠂ 《ᠰᠦ᠎ᠵᠢᠨ ᠬᠦᠨᠦᠭ》᠂ 《ᠨᠣᠤᠯᠤᠭᠤᠷ᠎ᠤᠨ ᠬᠣᠲᠠ》 ᠮᠥᠨ᠂ 《ᠥᠪᠥᠷ ᠮᠣᠩᠭᠣᠯ ᠨᠡᠷᠡᠮᠵᠢᠳᠤ》 ᠲᠦᠷᠦᠯ ᠲᠡᠮᠳᠡᠭ ᠤᠯᠠᠮ᠎ᠡᠴᠡ ᠤᠯᠠᠮ ᠳᠠᠭᠤᠷᠢᠰᠤᠨ ᠠᠯᠲᠠᠷᠰᠢᠵᠤ ᠪᠠᠢᠨ᠎ᠠ᠃ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠶᠠᠪᠤᠴᠠ᠎ᠳᠤ᠂ ᠥᠪᠥᠷ ᠮᠣᠩᠭᠣᠯ ᠲᠥᠷᠥᠯ ᠲᠡᠮᠳᠡᠭ᠎ᠢᠶᠡᠷ ᠬᠥᠲᠥᠯᠥᠨ ᠳᠠᠭᠠᠭᠤᠯᠤᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠬᠡᠷᠬᠢᠨ ᠰᠠᠢᠲᠤᠷ ᠵᠠᠮᠨᠠᠬᠤ ᠪᠣᠶ? ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠥᠪ᠎ᠦᠨ ᠲᠠᠷᠢᠶᠠᠯᠠᠩ ᠮᠠᠯ ᠠᠵᠤ ᠠᠬᠤᠶ ᠣᠷᠴᠢᠨ ᠲᠣᠭᠣᠷᠢᠨ ᠡᠬᠢ ᠪᠠᠶᠠᠯᠢᠭ᠎ᠤᠨ ᠭᠠᠵᠠᠷ᠎ᠤᠨ ᠳᠠᠷᠤᠭ᠎ᠠ ᠬᠤᠸᠠᠩ ᠵᠠᠨ ᠪᠢᠩ ᠄ 《ᠥᠩᠭᠡᠷᠡᠭ᠌ᠰᠡᠨ᠎ᠳᠦ᠂ ᠪᠢᠳᠡ〈ᠦᠶ᠋ᠯᠡᠳᠪᠦᠷᠢᠯᠡᠵᠦ᠍ ᠭᠠᠷᠭᠠᠬᠤ〉᠂ 〈ᠰᠠᠢᠨ ᠲᠡᠵᠢᠭᠡᠬᠦ᠌〉 ᠶ᠋ᠢ ᠨᠠᠩ ᠠᠩᠬᠠᠷᠴᠤ᠌ ᠪᠠᠢᠪᠠ᠂ ᠣᠲᠣ᠂ ᠪᠢᠳᠡ 〈ᠰᠠᠢᠨ ᠦᠨ᠎ᠠ ᠪᠡᠷ ᠬᠤᠳᠠᠯᠳᠤᠬᠤ〉᠂ 〈ᠤᠷᠳᠦ ᠬᠤᠭᠤᠴᠠᠭ᠎ᠠ ᠠᠰᠢᠭ ᠤᠯᠬᠤ〉 ᠶ᠋ᠢ ᠪᠥᠬᠥ᠌ ᠬᠦᠴᠦᠨ᠎ᠢᠶᠡᠷ᠎ᠢᠶᠡᠨ ᠱᠢᠶ᠋ᠳᠪᠦᠷᠢᠯᠡᠵᠦ᠍ ᠪᠠᠢᠨ᠎ᠠ᠃ ᠪᠢᠳᠡ 3 ᠴᠢᠭᠯᠡᠯ᠎ᠢ ᠢᠳᠡᠭᠡᠪᠡ᠄  ᠶᠠᠰᠤ ᠴᠢᠨᠠᠷ᠎ᠢᠶᠠᠷ ᠤᠷᠤᠰᠢᠨ ᠲᠤᠭᠳᠠᠨᠢᠵᠤ᠂ ᠪᠣᠬᠢᠷᠲᠤᠯ ᠦᠭᠡᠢ᠎ᠪᠡᠷ ᠬᠦᠴᠦᠨ ᠣᠯᠭᠣᠵᠤ᠂ ᠣᠨᠴᠠᠯᠢᠭ᠍ᠵᠢᠭᠤᠯᠤᠨ ᠢᠯᠠᠯᠲᠠ ᠣᠯᠤᠨ᠎ᠠ》᠃ ᠲᠡᠷᠡ᠂ ᠶᠠᠰᠤ ᠴᠢᠨᠠᠷ ᠪᠣᠯ ᠲᠦᠷᠦᠯ ᠲᠡᠮᠳᠡᠭ᠎ᠦᠨ《ᠠᠮᠢᠨ ᠰᠤᠳᠠᠰᠤ》ᠮᠥᠨ᠂ ᠡᠷᠬᠡᠪᠰᠢ《ᠬᠠᠮᠤᠭ᠎ᠤᠨ ᠴᠢᠩᠭ᠎ᠠ ᠬᠡᠮᠵᠢᠭᠦᠷ》 ᠵᠢᠡᠷ ᠬᠠᠮᠠᠭᠠᠯᠠᠬᠤ ᠬᠡᠷᠡᠭ᠌ᠲᠡᠶ᠂ ᠡᠢᠮᠦᠷᠬᠦᠦ 《ᠬᠡᠮᠵᠢᠭᠦᠷ》 ᠎ᠢ᠋ ᠨᠠᠩ ᠣᠯᠠᠨ ᠦᠬᠡᠷ ᠬᠣᠨᠢ᠂ ᠴᠠᠭᠠᠨ ᠢᠳᠡᠭᠡᠨ᠂ ᠠᠮᠤ ᠡᠪᠡᠰᠦ ᠳᠡᠭᠡᠷ᠎ᠡ ᠳᠡᠯᠭᠡᠷᠡᠭᠦᠯᠵᠦ᠍᠂ 《ᠥᠪᠥᠷ ᠮᠣᠩᠭᠣᠯ᠎ᠤᠨ ᠦᠨᠦᠷ ᠠᠮᠲᠠ》 ᠶ᠋ᠢ 《ᠰᠠᠨᠠᠭ᠎ᠠ ᠠᠮᠤᠷ ᠴᠢᠨᠠᠷ ᠰᠠᠢᠲᠠᠶ》 ᠪᠠᠢᠬᠤ ᠳᠥᠯᠥᠭᠡᠨ᠎ᠦ ᠨᠡᠷ᠎ᠡ ᠪᠣᠯᠭᠠᠬᠤ ᠬᠡᠷᠡᠭ᠌ᠲᠡᠶ; ᠥᠪᠡᠷᠮᠢᠴᠡ ᠣᠨᠴᠠᠯᠢᠭ ᠪᠣᠯ ᠲᠦᠷᠦᠯ ᠲᠡᠮᠳᠡᠭ᠎ᠦᠨ 《ᠰᠦᠭ ᠰᠦᠨᠡᠰᠦ》 ᠮᠥᠨ᠂ 《ᠨᠤᠲᠤᠭ᠎ᠤᠨ ᠣᠨᠴᠠ ᠭᠠᠷᠤᠯᠲᠠ》 ᠶ᠋ᠢ ᠲᠠᠯ᠎ᠠ ᠨᠤᠲᠤᠭ᠎ᠡᠴᠡ ᠭᠠᠷᠭᠠᠵᠤ᠂《ᠠᠯᠲᠠᠨ ᠱᠤᠰᠢᠭ᠎ᠠ》ᠪᠣᠯᠭᠠᠵᠤ᠂ ᠲᠦᠩᠯᠢᠶᠣᠤ᠎ᠶ᠋ᠢᠨ ᠱᠢᠷ᠎ᠠ ᠡᠷᠳᠡᠨᠢ ᠱᠢᠰᠢ᠂ ᠤᠯᠠᠭᠠᠨᠴᠠᠪ᠎ᠤᠨ ᠨᠣᠬᠠᠶ ᠵᠢᠨ ᠎ᠬᠣᠱᠢᠭᠤ᠎ᠰᠢᠭ᠋᠎ᠵᠢᠡᠷ᠂ ᠣᠷᠣᠨ ᠨᠤᠲᠤᠭ᠎ᠤᠨ ᠭᠠᠢᠬᠠᠮᠱᠢᠭ᠍ᠲᠤ 《ᠥᠪᠡᠷᠮᠢᠴᠡ ᠤᠨᠴᠠᠯᠢᠭ》᠎ᠵᠢᠡᠷ ᠵᠢᠡᠨ᠂ ᠪᠥᠬᠥ᠌ ᠤᠯᠤᠰ᠎ᠤᠨ ᠠᠷᠠᠳ ᠲᠦᠮᠡᠨ᠎ᠦ ᠬᠣᠭᠣᠯᠠᠨ ᠱᠢᠷᠡᠭᠡᠨ᠎ᠳᠦ ᠭᠠᠷᠴᠤ᠌᠂ ᠣᠯᠠᠨ᠎ᠤ ᠰᠡᠳᠭᠢᠯ᠎ᠳᠡᠬᠢ  《ᠲᠠᠯ᠎ᠠ ᠨᠤᠲᠤᠭ᠎ᠤᠨ ᠦᠪᠡᠷᠮᠢᠴᠡ ᠦᠨᠦᠷ ᠠᠮᠳᠠ》 ᠪᠣᠯᠭᠠᠬᠤ ᠴᠢᠬᠣᠯᠠᠳᠠᠢ ᠭᠡᠵᠦ ᠦᠵᠡᠪᠡ᠃

ᠬᠡᠷᠬᠢᠨ ᠰᠠᠢᠨ ᠦᠷ᠎ᠡ ᠪᠣᠢᠵᠢᠭᠤᠯᠬᠤ᠂ ᠬᠡᠷᠬᠢᠨ ᠰᠠᠢᠨ ᠦᠬᠡᠷ ᠲᠡᠵᠢᠭᠡᠬᠦ᠌᠂ ᠬᠡᠷᠬᠢᠨ ᠦᠬᠡᠷ᠎ᠦᠨ ᠮᠢᠬ᠎ᠠ᠎ᠶ᠋ᠢ ᠨᠠᠩ ᠦᠨ᠎ᠡ ᠥᠷᠲᠡᠭ᠎ᠲᠡᠶ ᠪᠣᠯᠭᠠᠬᠤ ᠪᠣᠯ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠰᠤᠳᠤᠯᠤᠭ᠍ᠴᠢ ᠸᠠᠩ ᠹᠸᠩ᠎ᠤᠨ ᠬᠠᠮᠤᠭ᠎ᠤᠨ ᠠᠩᠬᠠᠷᠴᠤ᠌ ᠪᠠᠢᠭ᠎ᠠ ᠶᠠᠪᠤᠳᠠᠯ ᠪᠣᠯᠤᠨ᠎ᠠ᠃ ᠲᠡᠷᠡ᠂ ᠦᠷ᠎ᠡ ᠪᠣᠢᠵᠢᠭᠤᠯᠬᠤ᠎ᠶ᠋ᠢᠨ ᠵᠠᠩᠭᠢᠯᠠᠭ᠎ᠠ ᠨᠢ 《ᠦᠷ᠎ᠡ᠎ᠶ᠋ᠢᠨ ᠦᠢᠯᠡᠰ᠎ᠦᠨ ᠱᠢᠨᠡᠴᠢᠯᠡᠯᠲᠡ᠎ᠶ᠋ᠢᠨ ᠳᠠᠢᠯᠠᠯᠳᠤᠭᠠᠨ》 ᠢ᠋ ᠰᠠᠢᠲᠤᠷ ᠬᠢᠵᠦ᠍᠂ ᠠᠵᠤ ᠦᠢᠯᠡᠰ᠎ᠦᠨ ᠲᠥᠯᠥᠭᠡ ᠥᠪᠡᠷ᠎ᠦᠨ 《ᠴᠠᠬᠢᠮ ᠢᠯᠳᠠᠰᠤ》 ᠪᠠᠨ ᠴᠢᠩᠭ᠎ᠠ ᠠᠳᠭᠤᠬᠤ ᠶᠠᠪᠤᠳᠠᠯ ᠪᠣᠯᠤᠨ᠎ᠠ ᠭᠡᠵᠦ ᠦᠵᠡᠪᠡ᠃

ᠸᠠᠩ ᠹᠸᠩ᠂ ᠮᠢᠬᠠᠨ᠎ᠤ ᠦᠬᠡᠷ᠎ᠦᠨ ᠠᠵᠤ ᠦᠶ᠋ᠯᠡᠰ᠎ᠨᠢ ᠳᠡᠭᠡᠳᠦ ᠲᠠᠰ᠎ᠤᠨ ᠦᠬᠡᠷ᠎ᠦᠨ ᠮᠢᠬᠠᠨ᠎ᠤ ᠵᠠᠬ᠎ᠠ ᠳᠡᠯᠭᠡᠭᠦᠷ᠎ᠢ ᠤᠨᠢᠯᠠᠨ᠂ 《ᠬᠤᠸᠠᠰᠢ ᠦᠭᠡᠷ》᠎ᠢ᠋ ᠰᠣᠩᠭᠣᠨ ᠪᠣᠢᠵᠢᠭᠤᠯᠵᠤ ᠳᠡᠭᠡᠭ᠌ᠰᠢᠯᠡᠭᠦᠯᠬᠦ᠌ ᠠᠵᠢᠯ᠎ᠢ ᠴᠢᠩᠭᠠᠳᠭᠠᠵᠤ᠂ ᠠᠩᠭᠸᠰ ᠦᠬᠡᠷ ᠵᠡᠷᠭᠡ ᠴᠢᠨᠠᠷ ᠰᠠᠢᠲᠠᠶ ᠡᠬᠢ ᠪᠠᠶᠠᠯᠢᠭ᠎ᠢ ᠨᠡᠢᠳᠭᠡᠨ ᠠᠱᠢᠭ᠍ᠯᠠᠬᠤ ᠬᠡᠷᠡᠭ᠌ᠲᠡᠶ; ᠥᠪᠡᠷᠮᠢᠴᠡ ᠣᠨᠴᠠᠯᠢᠭ᠎ᠢᠶᠠᠨ ᠴᠢᠩᠭᠠᠳᠭᠠᠵᠤ᠂ ᠲᠠᠯ᠎ᠠ ᠨᠤᠲᠤᠭ᠎ᠲᠦ᠍ ᠮᠠᠯᠵᠢᠬᠤ᠎ᠳᠤ ᠲᠣᠬᠢᠷᠠᠮᠵᠢᠲᠠᠶ᠂ ᠮᠢᠬᠠᠨ᠎ᠤ ᠴᠢᠨᠠᠷ ᠪᠠ ᠦᠨᠦᠷ ᠠᠮᠲᠠ᠎ᠪᠠᠷ ᠮᠠᠰᠢ ᠰᠠᠢᠨ ᠱᠢᠨ᠎ᠡ ᠡᠭᠦᠯᠳᠡᠷ᠎ᠢ ᠪᠣᠢᠵᠢᠭᠤᠯᠬᠤ ᠬᠡᠷᠡᠭ᠌ᠲᠡᠶ; ᠱᠢᠮᠧᠨ᠋ᠲᠡᠷ ᠦᠬᠡᠷ᠎ᠦᠨ ᠰᠦᠷᠦᠭᠵᠢᠯ᠎ᠢ ᠱᠢᠯᠢᠳᠡᠭ᠌ᠵᠢᠭᠦᠯᠵᠦ᠍᠂ ᠲᠡᠵᠢᠭᠡᠨ ᠦᠷᠡᠵᠢᠭᠦᠯᠬᠦ᠌ ᠡᠷᠦᠬᠡ᠎ᠶ᠋ᠢ ᠬᠠᠪᠰᠤᠷᠤᠨ ᠪᠦᠬᠦᠯᠢ ᠴᠣᠭ᠍ᠴᠠ᠎ᠶ᠋ᠢᠨ ᠦᠢᠯᠡᠳᠪᠦᠷᠢᠯᠡᠯ᠎ᠦᠨ ᠦᠷ᠎ᠡ ᠪᠦᠲᠦᠮᠵᠢ ᠪᠠ ᠠᠵᠤ ᠠᠬᠤᠢ᠎ᠶ᠋ᠢᠨ ᠦᠷ᠎ᠡ ᠠᠱᠢᠭ᠎ᠢ ᠨᠢ ᠳᠡᠭᠡᠭ᠌ᠰᠢᠯᠡᠭᠦᠯᠬᠦ᠌ ᠬᠡᠷᠡᠭ᠌ᠲᠡᠢ᠃ 《ᠵᠥᠪᠬᠡᠨ ᠦᠷ᠎ᠡ ᠪᠠᠢᠭᠠᠳ ᠪᠣᠯᠬᠤ ᠦᠭᠡᠢ᠂ ᠪᠠᠰᠠ ᠰᠠᠢᠨ ᠲᠡᠵᠢᠭᠡᠵᠦ᠍᠂ ᠦᠯᠡᠳᠡᠭᠡᠵᠦ᠍ ᠳᠡᠢᠯᠦᠨ᠂ ᠰᠠᠢᠨ ᠬᠤᠪᠢᠷᠠᠭᠤᠯᠬᠤ ᠬᠡᠷᠡᠭ᠌ᠲᠡᠶ》᠃ ᠸᠠᠩ ᠹᠧᠩ᠂《ᠰᠠᠢᠨ ᠦᠬᠡᠷ᠎ᠦᠨ ᠮᠢᠬ᠎ᠠ ᠎ᠶ᠋ᠢ ᠰᠠᠢᠨ ᠦᠨ᠎ᠡ᠎ᠪᠡᠷ ᠬᠤᠳᠠᠯᠳᠤᠵᠤ᠂ 〈ᠡᠭᠦᠯᠳᠡᠷ — ᠲᠡᠵᠢᠭᠡᠨ ᠠᠷᠠᠴᠢᠯᠠᠬᠤ — ᠨᠢᠲᠤᠯᠬᠤ — ᠬᠡᠰᠡᠭ᠌ᠯᠡᠨ ᠰᠠᠯᠭᠠᠬᠤ — ᠲᠦᠷᠦᠯ ᠲᠡᠮᠳᠡᠭ᠌ 〉 ᠎ᠤᠨ ᠪᠥᠬᠥ᠌ ᠬᠡᠯᠬᠢᠶᠡᠨ᠎ᠦ ᠶᠠᠰᠤ ᠴᠢᠨᠠᠷ᠎ᠢ ᠮᠥᠷᠳᠡᠬᠦ ᠱᠢᠰᠲ᠋ᠧᠮ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ 〈ᠥᠪᠥᠷ ᠮᠣᠩᠭᠣᠯ᠎ᠤᠨ ᠦᠬᠡᠷ᠎ᠦᠨ ᠮᠢᠬ᠎ᠠ〉 ᠵᠢᠨ ᠶᠠᠰᠤ ᠴᠢᠨᠠᠷ᠎ᠤᠨ ᠲᠤᠳᠤᠷᠬᠠᠢᠯᠠᠯᠲᠠ᠎ᠶᠢᠨ ᠪᠢᠴᠢᠭ ᠪᠣᠯᠭᠠᠵᠤ᠂ 〈ᠴᠢᠨᠠᠷ ᠰᠠᠢᠲᠠᠢ ᠰᠠᠢ᠌ᠨ ᠦᠨ᠎ᠡ〉 ᠵᠢ ᠦᠨᠳᠦᠰᠦᠯᠡᠯ᠎ᠲᠡᠶ ᠪᠣᠯᠭᠠᠵᠤ᠂ ᠰᠠᠢ᠌ᠨ ᠦᠢᠯᠡᠳᠬᠦᠨ᠎ᠢ ᠦᠨᠡᠨ ᠬᠦ᠌ ᠵᠠᠬ᠎ᠠ ᠳᠡᠯᠭᠡᠭᠦᠷ ᠲᠦ᠍ ᠮᠡᠳᠡᠷᠡᠭᠦᠯᠬᠦ ᠴᠢᠬᠣᠯᠠᠳᠠᠢ》 ᠭᠡᠵᠦ ᠦᠵᠡᠪᠡ᠃

ᠣᠢᠷ᠎ᠠ᠎ᠶ᠋ᠢᠨ ᠵᠢᠯ᠎ᠦᠳ᠎ᠲᠦ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠬᠦᠷᠢᠶᠡᠨ᠎ᠳᠡᠬᠢ ᠬᠥᠭ᠌ᠵᠢᠯᠲᠡ ᠮᠠᠰᠢ ᠲᠦᠷᠭᠡᠨ ᠪᠠᠢᠵᠤ᠂ ᠬᠥᠮᠦᠰ᠎ᠦᠨ ᠠᠩᠬᠠᠷᠤᠯ᠎ᠢ ᠶᠡᠬᠡᠳᠡ ᠲᠠᠲᠠᠵᠤ ᠪᠠᠢᠨ᠎ᠠ᠃ ᠵᠣᠬᠢᠶᠠᠮᠠᠯ ᠣᠶᠤᠨ ᠴᠢᠳᠠᠪᠤᠷᠢ᠎ᠶ᠋ᠢᠨ ᠡᠨᠡ ᠬᠦ᠌ ᠤᠷᠤᠯᠳᠤᠭᠠᠨ᠎ᠤ ᠵᠠᠮ ᠳᠡᠭᠡᠷ᠎ᠡ᠂ ᠥᠪᠥᠷ ᠮᠣᠩᠭᠣᠯ᠎ᠤᠨ ᠭᠤᠤᠯ ᠥᠷᠢᠰᠦᠯᠳᠦᠬᠦ᠌ ᠬᠦᠴᠦᠨ ᠨᠢ ᠶᠠᠭᠤ ᠪᠣᠶ? ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠴᠢ ᠯᠢᠤᠸᠠᠢ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠶᠤᠸᠠᠢ ᠶᠣᠣ ᠮᠢᠩ ᠬᠠᠩᠭᠠᠮᠵᠢᠳᠠᠢ ᠬᠠᠷᠢᠭᠤᠯᠲᠠ ᠥᠭᠴᠡᠢ᠄ 《ᠥᠪᠥᠷ ᠮᠣᠩᠭᠣᠯ ᠨᠢᠭᠡᠨ ᠥᠪᠡᠷᠮᠢᠴᠡ 〈ᠠᠯᠲᠠᠨ ᠲᠦᠯᠬᠢᠭᠦᠷ〉 — ᠪᠣᠬᠢᠷᠲᠤᠯ ᠥᠬᠡᠶ ᠪᠤᠳᠤᠯᠲᠠ᠎ᠶᠢᠨ ᠬᠦᠴᠦᠨ ᠢ᠋ ᠠᠳᠭᠤᠵᠤ ᠪᠤᠢ》᠃ ᠶᠤᠸᠠᠢ ᠶᠣᠣ ᠮᠢᠩ ᠲᠠᠨᠢᠯᠴᠠᠭᠤᠯᠬᠤ᠎ᠳᠠᠭᠠᠨ᠂ ᠥᠪᠥᠷ ᠮᠣᠩᠭᠣᠯ ᠪᠣᠯ ᠤᠯᠤᠰ᠎ᠤᠨ 8 ᠪᠤᠳᠤᠯᠲᠠ᠎ᠶᠢᠨ ᠬᠦᠴᠦᠨ᠎ᠦ ᠵᠠᠩᠭᠢᠯᠠᠭ᠎ᠠ᠎ᠶ᠋ᠢᠨ ᠴᠡᠭ᠎ᠦᠨ ᠨᠢᠭᠡ ᠪᠠᠢᠵᠤ᠂ ᠮᠠᠨ᠎ᠤ ᠤᠯᠤᠰ᠎ᠤᠨ 《ᠵᠡᠭᠦᠨᠳᠡᠬᠢ ᠳ᠋ᠠᠢᠲ᠋ᠠ᠎ᠵᠢ ᠪᠠᠷᠠᠭᠤᠨᠳᠡᠬᠢ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》 ᠢᠨᠵᠧᠨᠧᠷᠢᠩ᠎ᠳᠦ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃ ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠴᠢ ᠪᠤᠳᠤᠯᠲᠠ᠎ᠶᠢᠨ ᠬᠦᠴᠦᠨ᠎ᠤ ᠬᠡᠪᠴᠢᠶ᠎ᠡ 22 ᠲᠦᠮᠡᠨ P ᠵᠢ ᠳᠠᠪᠠᠵᠤ᠂ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃ ᠥᠪᠥᠷ ᠮᠣᠩᠭᠣᠯ᠎ᠤᠨ 《ᠪᠤᠬᠢᠷᠲᠤᠯ ᠦᠭᠡᠢ ᠴᠠᠬᠢᠯᠭᠠᠨ》 ᠳ᠋ᠦ᠍ 《ᠪᠤᠬᠢᠷᠲᠤᠯ ᠦᠭᠡᠢ ᠪᠤᠳᠤᠯᠲᠠ᠎ᠶᠢᠨ ᠬᠦᠴᠦᠨ》 ᠲᠤᠬᠢᠷᠠᠭᠤᠯᠬᠤ ᠨᠢ ᠣᠷᠣᠯᠠᠭᠤᠯᠵᠤ ᠪᠣᠯᠤᠰᠢ ᠦᠭᠡᠢ ᠭᠣᠣᠯ ᠦᠷᠢᠰᠦᠯᠳᠦᠬᠦ᠌ ᠬᠦᠴᠦᠨ ᠪᠣᠯᠪᠠ᠃ ᠵᠣᠬᠢᠶᠠᠮᠠᠯ ᠣᠶᠤᠨ ᠴᠢᠳᠠᠪᠤᠷᠢ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠡᠷᠬᠢᠨ ᠠᠬᠢᠭᠤᠯᠬᠤ ᠲᠤᠬᠠᠶ ᠲᠡᠷᠡ᠂ 《AI + ᠠᠵᠤ ᠦᠶ᠋ᠯᠡᠰ᠎ᠦᠨ ᠭᠦᠨᠵᠡᠭᠡᠢ ᠠᠭᠤᠰᠤᠯᠴᠠᠬᠤ ᠲᠥᠯᠥᠪᠯᠡᠭᠡ》᠎ᠶ᠋ᠢ ᠬᠡᠷᠡᠭ᠌ᠵᠢᠭᠦᠯᠵᠦ᠍᠂ 《ᠲᠥᠬᠥᠮ᠎ᠢᠶᠡᠷ ᠤᠶᠠᠯᠳᠤᠭᠤᠯᠬᠤ》 ᠡᠴᠡ 《ᠭᠦᠨᠵᠡᠭᠡᠶ ᠠᠭᠤᠰᠤᠯᠴᠠᠬᠤ》 ᠎ᠶ᠋ᠢ ᠠᠬᠢᠭᠤᠯᠬᠤ ᠬᠡᠷᠡᠭ᠌ᠲᠡᠶ; 《ᠲᠠᠯ᠎ᠠ ᠨᠤᠲᠤᠭ᠎ᠤᠨ ᠴᠠᠬᠢᠭᠤᠷ ᠬᠥᠨᠳᠡᠢ》 ᠶ᠋ᠢᠨ ᠴᠢᠳᠠᠪᠤᠷᠢᠲᠠᠨ᠎ᠤ ᠰᠣᠷᠢᠨᠵᠢᠨ ᠲᠠᠯᠠᠪᠠᠢ᠎ᠶ᠋ᠢ ᠪᠠᠢᠭᠤᠯᠵᠤ᠂《ᠤᠶᠤᠨ᠎ᠤ ᠡᠬᠢ ᠪᠠᠶᠠᠯᠢᠭ ᠪᠠ ᠴᠢᠳᠠᠪᠤᠷᠢᠳᠠᠨ᠎ᠢ ᠤᠷᠤᠭᠤᠯᠤᠨ ᠠᠪᠴᠢᠷᠠᠬᠤ》 ᠡᠴᠡ  《ᠦᠨᠳᠦᠰᠦ ᠬᠠᠳᠬᠤᠨ ᠣᠶᠤᠨ ᠤᠬᠠᠭᠠᠨ᠎ᠢᠶᠡᠨ ᠬᠦᠭᠵᠢᠭᠦᠯᠬᠦ》 ᠵᠢ ᠪᠡᠶᠡᠯᠡᠭᠦᠯᠬᠦ ᠴᠢᠬᠣᠯᠠᠳᠠᠢ ᠭᠡᠵᠦ᠍ ᠰᠠᠨᠠᠭᠤᠯᠪᠠ᠃

《ᠪᠢᠳᠡ ᠥᠪᠡᠷᠲᠡᠭᠡᠨ ᠵᠠᠰᠠᠬᠤ ᠣᠷᠣᠨ᠎ᠤ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠦ ᠭᠦᠨᠵᠡᠭᠡᠶ ᠠᠭᠤᠰᠤᠯᠴᠠᠬᠤ ᠨᠢᠭᠡᠨ 〈ᠬᠥᠭᠥᠷᠭᠡ〉 ᠪᠣᠯᠬᠤ᠎ᠪᠠᠷ ᠴᠢᠷᠮᠠᠢᠵᠤ᠂ ᠥᠪᠥᠷ ᠮᠣᠩᠭᠣᠯ᠎ᠤᠨ ᠡᠳ᠋ ᠬᠥᠷᠥᠩᠭᠡ᠂ ᠡᠬᠢ ᠪᠠᠶᠠᠯᠢᠭ ᠎ᠢ ᠪᠥᠬᠥ᠌ ᠤᠯᠤᠰ᠎ᠤᠨ ᠠᠩᠬᠠᠷᠤᠯ᠎ᠢ ᠲᠠᠲᠠᠬᠤ ᠪᠤᠯᠭᠠᠵᠤ᠂ ᠨᠠᠩ ᠥᠷᠭᠡᠨ ᠠᠭᠤᠳᠠᠮ ᠲᠠᠪᠴᠠᠩ ᠎ᠲᠠᠶ ᠵᠣᠯᠭᠠᠭᠤᠯᠤᠨ᠎ᠠ》᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠬᠠᠮᠲᠤᠷᠠᠭ᠍ᠰᠠᠨ ᠠᠷᠠᠯᠵᠢᠶᠠᠨ ᠎ᠤ ᠬᠤᠪᠢ ᠡᠵᠡᠮᠳᠡᠭᠰᠡᠨ ᠪᠦᠯᠦᠭ᠌ᠯᠡᠯ᠎ᠦᠨ ᠶᠡᠷᠦᠩᠬᠡᠶ ᠳᠠᠭᠠᠭᠠᠮᠠᠯ ᠪᠥᠭᠡᠳ ᠥᠪᠥᠷ ᠮᠣᠩᠭᠣᠯ᠎ᠤᠨ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠲᠥᠪ᠎ᠦᠨ ᠶᠡᠷᠦᠩᠬᠡᠶ ᠳᠠᠭᠠᠭᠠᠮᠠᠯ ᠸᠸᠨ ᠯᠢ᠎ᠶ᠋ᠢᠨ ᠦᠵᠡᠬᠦ᠌᠎ᠪᠡᠷ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠦ ᠠᠭᠤᠰᠤᠯᠴᠠᠬᠤ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠴᠢᠬᠤᠯᠠ ᠶᠡᠬᠡ ᠠᠵᠠ ᠲᠣᠬᠢᠶᠠᠯ ᠮᠥᠨ᠃ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ ᠪᠣᠯ ᠳᠠᠷᠤᠢ ᠡᠨᠡ ᠬᠦ᠌ ᠠᠵᠠ ᠲᠣᠬᠢᠶᠠᠯ᠎ᠢ ᠠᠳᠭᠤᠬᠤ ᠴᠢᠬᠤᠯᠠ ᠭᠠᠷᠳᠠᠴᠠ ᠵᠢᠨ ᠨᠢᠭᠡ ᠪᠣᠯᠤᠨ᠎ᠠ᠃ ᠲᠡᠷᠡ᠂ 《ᠠᠷᠪᠠᠨ ᠲᠠᠪᠤᠳᠤᠭᠠᠷ ᠲᠠᠪᠤᠨ ᠵᠢᠯ》  ᠤ᠋ᠨ ᠱᠢᠨ᠎ᠡ ᠭᠠᠷᠤᠭ᠎ᠠ᠎ᠳᠤ ᠵᠣᠭ᠍ᠰᠣᠵᠤ᠂ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠲᠥᠪ᠎ᠦᠨ ᠡᠨᠡ ᠬᠦ᠌ 《ᠬᠥᠭᠥᠷᠭᠡ》 ᠶ᠋ᠢ ᠨᠠᠩ ᠥᠷᠭᠡᠨ᠂ ᠨᠠᠩ ᠰᠠᠭᠠᠳ ᠥᠬᠡᠶ᠂ ᠦᠶ᠋ᠯᠡᠴᠢᠯᠡᠭᠡ᠎ᠶ᠋ᠢ ᠨᠠᠩ《ᠣᠨᠣᠪᠴᠢᠲᠠᠶ》᠂ ᠡᠯᠧᠮᠧᠨ᠋ᠲ᠎ᠢ ᠨᠠᠩ 《ᠪᠦᠷᠢᠨ》᠂ ᠲᠠᠪᠴᠠᠩ᠎ᠢ ᠨᠠᠩ 《ᠣᠶᠤᠨᠴᠢ》᠂ ᠬᠠᠮᠲᠤᠷᠠᠯᠴᠠᠭ᠎ᠠ᠎ᠶ᠋ᠢ ᠨᠠᠩ 《ᠭᠦᠨ》 ᠪᠣᠯᠭᠠᠵᠤ᠂ ᠥᠪᠥᠷ ᠮᠣᠩᠭᠣᠯ᠎ᠤᠨ ᠨᠠᠩ ᠣᠯᠠᠨ 《ᠭᠦᠢᠴᠡᠳ ᠠᠰᠢᠭᠯᠠᠵᠤ ᠴᠢᠳᠠᠭ᠎ᠠ ᠦᠭᠡᠢ ᠡᠳ᠋ ᠬᠥᠷᠥᠩᠭᠡ》 ᠶ᠋ᠢ ᠠᠮᠢᠳᠤᠯᠢᠠᠠᠵᠢᠭᠤᠯᠵᠤ᠂ 《ᠡᠬᠢ ᠪᠠᠶᠠᠯᠢᠭ᠎ᠤᠨ ᠳᠠᠯᠳᠠ ᠬᠦᠴᠦᠨ》 ᠢ᠋ ᠬᠥᠭ᠌ᠵᠢᠭᠡᠬᠦ᠌ ᠴᠢᠬᠣᠯᠠᠳᠠᠢ ᠭᠡᠵᠦ᠍ ᠢᠯᠡᠳᠭᠡᠪᠡ᠃

《ᠭᠡᠱᠢᠭᠦᠳ᠎ᠦᠨ ᠰᠤᠷᠪᠤᠯᠵᠢᠯᠠᠭ᠎ᠠ ᠬᠦᠯᠢᠶᠡᠬᠦ᠌ ᠵᠠᠮ》 ᠳᠡᠭᠡᠷ᠎ᠡ᠂ ᠭᠡᠱᠢᠭᠦᠳ ᠨᠠᠷᠢᠨ ᠪᠣᠳᠠᠲᠠᠢ ᠲᠣᠭ᠎ᠠ ᠪᠠᠷᠢᠮᠲᠠ᠂ ᠠᠮᠢᠳᠤ ᠪᠣᠳᠠᠲᠠᠢ ᠬᠡᠷᠡᠭ᠎ᠦᠨ ᠵᠢᠱ᠌ᠢᠢ᠎ᠡ ᠪᠣᠯᠤᠨ ᠪᠣᠳᠠᠲᠠᠢ᠎ᠶ᠋ᠢ ᠡᠷᠬᠢᠮᠯᠡᠭ᠌ᠰᠡᠨ ᠰᠠᠨᠠᠯ ᠰᠠᠨᠠᠭᠤᠯᠭ᠎ᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠡᠳᠭᠢᠯ᠎ᠦᠨ ᠲᠠᠭᠤᠨ᠎ᠢ ᠳᠠᠮᠵᠢᠭᠤᠯᠵᠤ᠂ ᠠᠰᠠᠭᠤᠯᠲᠠ ᠬᠠᠷᠢᠭᠤᠯᠲᠠ᠎ᠶ᠋ᠢᠨ ᠵᠠᠪᠰᠠᠷ᠎ᠢᠶᠠᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠮᠢᠳᠤᠯᠢᠭ ᠵᠢᠷᠤᠭ᠎ᠢ ᠵᠢᠷᠤᠭ᠍ᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ ᠡᠷᠡᠮᠡᠬᠡᠢᠯᠡᠨ  ᠤᠷᠤᠭ᠍ᠰᠢᠯᠠᠬᠤ ᠢᠲᠡᠭᠡᠯ ᠵᠤᠷᠢᠭ ᠪᠣᠯᠤᠨ ᠬᠦᠴᠦᠨ ᠴᠢᠳᠠᠯ᠎ᠢ ᠬᠥᠭ᠌ᠵᠢᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号