ᠸᠠᠩ ᠸᠧᠢ ᠵᠦᠩ ᠰᠢᠯᠢ ᠎ᠶᠢᠨ ᠭᠣᠣᠯ ᠠᠢᠮᠠᠭ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ ᠎ᠳᠠᠭᠠᠨ ᠴᠢᠬᠤᠯᠠᠴᠢᠯᠠᠭᠰᠠᠨ ᠨᠢ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠎ᠶᠢᠨ 《1571》ᠠᠵᠢᠯ ᠎ᠤᠨ ᠪᠠᠢᠷᠢᠯᠠᠭᠤᠯᠤᠯᠲᠠ᠎ᠶᠢ ᠰᠠᠢᠲᠤᠷ ᠨᠠᠢᠳᠠᠪᠤᠷᠢᠵᠢᠭᠤᠯᠵᠤ ᠪᠠᠢᠯᠳᠤᠬᠤ ᠪᠣᠳᠣᠯᠭ᠎ᠠ ᠎ᠶᠢᠨ ᠪᠠᠢᠷᠢ ᠲᠣᠭᠲᠠᠭᠠᠯᠲᠠ᠎ᠳᠤ ᠨᠡᠢᠴᠡᠭᠰᠡᠨ᠂ ᠳᠠᠪᠠᠭᠤᠯᠢᠭ᠋ ᠣᠨᠴᠠᠯᠢᠭ᠋ ᠎ᠢ ᠢᠯᠡᠷᠡᠭᠦᠯᠦᠭᠰᠡᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠠᠷᠭ᠎ᠠ ᠵᠠᠮ ᠎ᠢ ᠴᠢᠷᠮᠠᠢᠨ ᠨᠡᠭᠡᠭᠡᠬᠦ ᠬᠡᠷᠡᠭᠲᠡᠢ
2026-02-05 23:22:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 5 ᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ᠎ᠵᠢᠨ ᠱᠦᠵᠢ᠂ ᠠᠷᠠᠳ ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠵᠢᠨ ᠡᠷᠬᠢᠯᠡᠭᠴᠢ ᠸᠠᠩ ᠸᠧᠢ ᠵᠥᠩ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ ᠎ᠤ ᠠᠷᠠᠳ ᠎ᠤᠨ ᠲᠥᠯᠥᠭᠡᠯᠡᠭᠴᠢᠳ ᠎ᠦᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠰᠢᠯᠢ᠎ᠶᠢᠨ ᠭᠣᠣᠯ ᠠᠢᠮᠠᠭ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠪᠠ᠃ 

ᠬᠤᠷᠠᠯ ᠳᠡᠭᠡᠷ᠎ᠡ᠂ ᠵᠠᠩ ᠪᠠᠢ ᠴᠧᠩ᠂ ᠰᠡᠴᠡᠨᠲᠦ᠂ ᠮᠠ ᠬᠠᠢ ᠲᠤᠤ᠂ ᠡᠷᠳᠡᠮᠲᠤ᠂ ᠭᠦᠸᠧ ᠢᠦᠢ ᠹᠸᠩ᠂ ᠮᠥᠩᠬᠡᠪᠠᠲᠤ᠂ ᠯᠢᠦ ᠰᠢᠶᠣᠣ ᠮᠢᠨ᠂ ᠹᠸᠩ ᠾᠧ ᠫᠢᠩ᠂ ᠲᠠᠨ᠎ᠠ᠂ ᠶᠣᠣ ᠬᠣᠩ ᠭᠠᠩ᠂ ᠴᠧᠨ ᠯᠢ ᠵᠢᠤᠸᠠᠨ᠂ ᠶᠠᠨ ᠯᠢ ᠵᠢᠶᠦ᠋ᠨ᠂ ᠪᠦᠷᠢᠨᠵᠢᠨ᠂ ᠮᠠ ᠳ᠋ᠦᠩ ᠰᠢᠦᠢ᠂ ᠰᠦᠩ ᠴᠦᠨ ᠮᠢᠩ ᠨᠠᠷ ᠤᠷᠢᠳ ᠬᠣᠵᠢᠳ ᠦᠭᠡ ᠬᠡᠯᠡᠪᠡ᠃ ᠸᠠᠩ ᠸᠧᠢ ᠵᠦᠩ ᠲᠥᠯᠥᠭᠡᠯᠡᠭᠴᠢᠳ᠎ᠦᠨ ᠬᠡᠯᠡᠬᠦ ᠎ᠶᠢ ᠨᠠᠷᠢᠨ ᠬᠢᠨᠠᠮᠠᠭᠠᠢ ᠰᠣᠨᠣᠰᠴᠤ᠂ ᠪᠠᠢᠨ ᠪᠠᠢᠨ ᠤᠯᠠᠨ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ 


QQ20260205-232840.png

 

2 ᠰᠠᠷ᠎ᠠ᠎ᠶᠢᠨ 5 ᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ᠎ᠵᠢᠨ ᠱᠦᠵᠢ᠂ ᠠᠷᠠᠳ ᠎ᠤᠨ ᠲᠥᠯᠥᠭᠡᠯᠡᠭᠴᠢᠳ᠎ᠦᠨ ᠶᠡᠬᠡ ᠬᠤᠷᠠᠯ ᠎ᠤᠨ ᠪᠠᠢᠩᠭᠤ ᠎ᠶᠢᠨ ᠬᠤᠷᠢᠶ᠎ᠠ᠎ᠵᠢᠨ ᠡᠷᠬᠢᠯᠡᠭᠴᠢ ᠸᠠᠩ ᠸᠧᠢ ᠵᠥᠩ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ ᠎ᠤ ᠠᠷᠠᠳ ᠎ᠤᠨ ᠲᠥᠯᠥᠭᠡᠯᠡᠭᠴᠢᠳ ᠎ᠦᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠰᠢᠯᠢ ᠎ᠶᠢᠨ ᠭᠣᠣᠯ ᠠᠢᠮᠠᠭ᠎ᠤᠨ ᠲᠥᠯᠥᠭᠡᠯᠡᠭᠴᠢᠳ᠎ᠦᠨ ᠪᠦᠯᠬᠦᠮ ᠎ᠦᠨ ᠬᠢᠨᠠᠨ ᠵᠥᠪᠯᠡᠬᠦ᠎ᠳᠦ ᠣᠷᠣᠯᠴᠠᠪᠠ᠃

              ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠯᠷᠪᠡ 


ᠸᠠᠩ ᠸᠧᠢ ᠵᠦᠩ ᠶᠠᠷᠢᠶᠠᠨ᠎ᠳᠠᠭᠠᠨ᠂ ᠡᠨᠡ ᠤᠳᠠᠭ᠎ᠠ ᠎ᠶᠢᠨ ᠬᠤᠷᠠᠯ ᠎ᠳᠤ ᠬᠢᠨᠠᠨ ᠵᠥᠪᠯᠡᠭᠰᠡᠨ ᠵᠠᠰᠠᠭ ᠎ᠤᠨ ᠣᠷᠳᠣᠨ ᠎ᠤ ᠠᠵᠢᠯ ᠎ᠤᠨ ᠢᠯᠡᠳᠬᠡᠯ ᠪᠣᠯᠣᠨ ᠲᠥᠯᠦᠪᠵᠢᠭᠦᠯᠭᠡ᠎ᠶᠢᠨ ᠬᠥᠲᠥᠯᠪᠦᠷᠢ᠎ᠶᠢᠨ ᠲᠥᠰᠥᠯ ᠨᠢ ᠨᠠᠮ ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ ᠎ᠤ ᠲᠦᠪ ᠬᠤᠷᠢᠶ᠎ᠠ ᠵᠢᠨ ᠤᠳᠠᠭ᠎ᠠ ᠪᠦᠷᠢ ᠎ᠶᠢᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ ᠎ᠦᠨ ᠥᠪᠥᠷ ᠮᠣᠩᠭᠣᠯ ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠲᠥᠪ ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠎ᠤᠨ ᠵᠣᠷᠢᠭ᠋ ᠰᠠᠨᠠᠭ᠎ᠠ ᠎ᠶᠢ ᠪᠦᠬᠦ ᠲᠠᠯ᠎ᠠ ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ ᠎ᠵᠢᠨ《1571》ᠠᠵᠢᠯ᠎ᠤᠨ ᠪᠠᠢᠷᠢᠯᠠᠭᠤᠯᠤᠯᠲᠠ᠎ᠶᠢ ᠨᠠᠷᠢᠯᠢᠭ᠍ᠵᠢᠭᠤᠯᠤᠨ ᠪᠣᠳᠠᠲᠠᠢᠵᠢᠭᠤᠯᠵᠤ᠂ ᠳᠤᠷᠠᠳᠤᠭᠰᠠᠨ ᠬᠠᠷᠠᠯᠲᠠ ᠨᠢ ᠦᠨᠡᠨ ᠬᠦ᠌ ᠬᠡᠷᠡᠭᠵᠢᠭᠦᠯᠦᠭᠦᠰᠢᠲᠡᠢ᠂ ᠲᠣᠬᠢᠷᠠᠭᠤᠯᠤᠭᠰᠠᠨ ᠡᠭᠦᠷᠭᠡ ᠨᠢ ᠪᠣᠳᠠᠲᠠᠢ ᠪᠥᠭᠡᠳ ᠪᠣᠳᠠᠲᠠᠢ ᠎ᠶᠢ ᠡᠷᠬᠢᠮᠯᠡᠭᠰᠡᠨ ᠪᠠᠢᠨ᠎ᠠ᠂ ᠪᠢ ᠪᠦᠷᠢᠮᠦᠰᠦᠨ ᠵᠥᠪᠰᠢᠶᠡᠷᠡᠨ᠎ᠡ ᠭᠡᠵᠦ ᠵᠢᠭᠠᠵᠤ ᠭᠠᠷᠭᠠᠪᠠ᠃ 

ᠸᠠᠩ ᠸᠧᠢ ᠵᠥᠩ᠂ ᠡᠨᠡ ᠬᠡᠳᠦᠨ ᠵᠢᠯ᠎ᠳᠦ ᠰᠢᠯᠢ᠎ᠶᠢᠨ ᠭᠣᠣᠯ ᠠᠢᠮᠠᠭ᠎ᠤᠨ ᠬᠢᠨ ᠠᠵᠢᠯ᠎ᠢ ᠨᠡᠯᠢᠶᠡᠳ ᠯᠠᠪᠳᠠᠭᠤᠨ ᠪᠠᠲᠤᠲᠠᠢ ᠬᠢᠵᠦ᠂ ᠠᠵᠤ ᠠᠬᠤᠢ᠎ᠶᠢᠨ ᠬᠥᠭᠵᠢᠯᠲᠡ ᠲᠣᠭᠲᠠᠭᠤᠨ᠎ᠤ ᠳᠤᠮᠳᠠ ᠰᠠᠢᠵᠢᠷᠠᠵᠤ᠂ ᠠᠮᠢ ᠠᠬᠤᠢ ᠎ᠶᠢᠨ ᠪᠦᠲᠦᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ ᠎ᠤᠨ ᠰᠠᠢᠵᠢᠷᠠᠯᠲᠠ᠂ ᠭᠠᠳᠠᠭᠠᠳᠤ ᠨᠡᠭᠡᠭᠡᠯᠲᠡ᠂ ᠨᠠᠮ ᠎ᠤᠨ ᠪᠠᠢᠭᠤᠯᠤᠯᠲᠠ ᠵᠡᠷᠭᠡ ᠡᠯ᠎ᠡ ᠵᠦᠢᠯ᠎ᠦᠨ ᠠᠵᠢᠯ ᠴᠥᠮ ᠢᠯᠡᠳᠲᠡ ᠦᠷ᠎ᠡ ᠪᠦᠲᠦᠮᠵᠢ ᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠦᠢᠯᠡᠳᠦᠯ ᠴᠢᠳᠠᠮᠵᠢ᠎ᠶᠢᠨ ᠪᠠᠢᠷᠢ ᠲᠣᠭᠲᠠᠭᠠᠯᠲᠠ ᠎ᠶᠢ ᠴᠢᠨᠠᠭᠰᠢᠳᠠ ᠣᠨᠣᠪᠴᠢᠲᠠᠶ ᠣᠯᠵᠤ᠂ ᠪᠣᠳᠠᠲᠤ ᠪᠠᠢᠳᠠᠯ᠎ᠳᠤ ᠰᠠᠭᠤᠷᠢᠯᠠᠨ ᠡᠯ᠎ᠡ ᠲᠠᠯ᠎ᠠ ᠎ᠶᠢᠨ ᠠᠵᠢᠯ ᠎ᠢ ᠪᠦᠲᠦᠭᠡᠯᠴᠢ ᠎ᠪᠡᠷ ᠰᠠᠢᠲᠤᠷ ᠠᠳᠬᠤᠵᠤ᠂ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠎ᠳᠤ ᠨᠡᠢᠴᠡᠭᠰᠡᠨ᠂ ᠳᠠᠪᠠᠭᠤᠯᠢᠭ᠋ ᠣᠨᠴᠠᠯᠢᠭ᠋᠎ᠢ ᠢᠯᠡᠷᠡᠭᠦᠯᠦᠭᠰᠡᠨ ᠴᠢᠨᠠᠷ ᠰᠠᠢᠲᠠᠢ ᠬᠥᠭᠵᠢᠯᠲᠡ ᠎ᠶᠢᠨ ᠰᠢᠨ᠎ᠡ ᠠᠷᠭ᠎ᠠ ᠵᠠᠮ ᠎ᠢ ᠴᠢᠷᠮᠠᠢᠨ ᠨᠡᠭᠡᠭᠡᠬᠦ ᠬᠡᠷᠡᠭᠲᠡᠢ᠃ ᠨᠢᠭᠡ᠎ᠳᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠲᠤ ᠴᠣᠭᠴᠠᠯᠠᠬᠤ ᠭᠣᠣᠯ ᠰᠢᠵᠢᠮ᠎ᠢ ᠭᠦᠨᠵᠡᠭᠡᠢ ᠲᠤᠭᠤᠰᠢᠯᠠᠭᠤᠯᠵᠤ᠂ ᠭᠣᠣᠯ ᠰᠢᠵᠢᠮ ᠎ᠢ ᠲᠤᠭᠤᠰᠢᠯᠠᠭᠤᠯᠬᠤ ᠨᠢᠭᠡ ᠪᠦᠯᠦᠭ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠎ᠶᠢ ᠢᠳᠡᠪᠬᠢᠲᠡᠢ ᠰᠦᠪᠡᠭᠴᠢᠯᠡᠨ ᠲᠣᠭᠲᠠᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢᠨ ᠡᠬᠢ ᠰᠤᠷᠪᠤᠯᠵᠢ ᠪᠣᠯᠣᠨ ᠠᠮᠢᠳᠤᠯᠢᠭ᠋ ᠦᠢᠯᠡᠳᠦᠯᠭᠡ ᠎ᠶᠢ  ᠭᠦᠨᠵᠡᠭᠡᠢ ᠠᠭᠤᠳᠠᠯᠤᠨ᠂ ᠤᠬᠠᠭᠤᠯᠵᠤ᠂ ᠲᠣᠳᠣᠷᠬᠠᠢᠯᠠᠨ᠂ ᠳᠤᠮᠳᠠᠳᠤ ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠎ᠢ ᠪᠠᠢᠩᠭᠤ ᠪᠦᠲᠦᠮᠵᠢᠲᠡᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠲᠠᠯ᠎ᠠ᠎ᠪᠠᠷ 《ᠬᠣᠰᠢᠭᠤᠴᠢ ᠣᠷᠣᠨ》 ᠪᠣᠯᠬᠤ ᠎ᠪᠠᠷ ᠴᠢᠷᠮᠠᠢᠬᠤ ᠬᠡᠷᠡᠭᠲᠡᠢ᠃ ᠬᠣᠶᠠᠷ᠎ᠲᠤ᠂ ᠰᠢᠯᠢ᠎ᠶᠢᠨ ᠭᠣᠣᠯ᠎ᠤᠨ ᠲᠠᠯ᠎ᠠ ᠨᠤᠲᠤᠭ ᠎ᠢ ᠰᠠᠢᠲᠤᠷ ᠬᠠᠮᠠᠭᠠᠯᠠᠨ ᠪᠦᠲᠦᠭᠡᠨ ᠪᠠᠢᠭᠤᠯᠵᠤ᠂ 《ᠤᠮᠠᠷᠠᠲᠤ᠎ᠵᠢᠨ ᠭᠤᠷᠪᠠᠨ ᠤᠷᠤᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠲᠥᠪ ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠎ᠢ ᠴᠡᠭᠴᠡᠯᠡᠨ ᠰᠠᠢᠵᠢᠷᠠᠭᠤᠯᠬᠤ᠎ᠶᠢ ᠯᠠᠪᠳᠠᠭᠤᠨ ᠪᠠᠲᠤᠲᠠᠢ ᠰᠠᠢᠲᠤᠷ ᠠᠳᠬᠤᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠳᠡᠭᠡᠷ᠎ᠡ 《ᠲᠤᠭᠲᠠᠪᠤᠷᠢᠵᠢᠭᠤᠯᠤᠭᠴᠢ》 ᠪᠣᠯᠬᠤ ᠬᠡᠷᠡᠭᠲᠡᠢ᠃ ᠭᠤᠷᠪᠠ᠎ᠳᠤ᠂ 《ᠬᠣᠶᠠᠷ ᠰᠠᠭᠤᠷᠢᠨ》 ᠤ᠋ ᠪᠦᠲᠦᠭᠡᠨ ᠪᠠᠢᠭᠤᠯᠤᠯᠲᠠ᠎ᠶᠢᠨ ᠲᠣᠭᠣᠷᠢᠨ᠎ᠳᠤ᠂ ᠵᠠᠷᠢᠮ ᠠᠵᠢᠯ ᠎ᠢ ᠢᠳᠡᠪᠬᠢᠳᠡᠢ ᠬᠢᠵᠦ ᠵᠠᠷᠢᠮ ᠠᠵᠢᠯ ᠎ᠢ ᠬᠢᠬᠦ ᠦᠭᠡᠢ ᠪᠠᠢᠵᠤ᠂ ᠡᠨᠧᠷᠭᠢ᠂ ᠮᠠᠯ ᠠᠵᠤ ᠠᠬᠤᠢ ᠵᠡᠷᠭᠡ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠢ ᠨᠠᠷᠢᠯᠢᠭ ᠬᠢᠵᠤ ᠬᠦᠨᠵᠡᠬᠡᠢᠷᠡᠬᠦᠯᠦᠨ ᠬᠦᠭᠵᠢᠬᠦᠯᠬᠦ ᠎ᠳᠤ ᠠᠩᠬᠠᠷᠤᠯ ᠎ᠢᠶᠠᠨ ᠲᠥᠪᠯᠡᠷᠡᠭᠦᠯᠵᠦ᠂ ᠠᠵᠤ ᠠᠬᠤᠢ᠎ᠶᠢᠨ ᠰᠢᠨ᠎ᠡ ᠨᠡᠮᠡᠭᠳᠡᠯ ᠎ᠦᠨ ᠴᠡᠭ ᠎ᠢ ᠢᠳᠡᠪᠬᠢᠲᠡᠢ ᠪᠣᠢᠵᠢᠭᠤᠯᠵᠤ᠂ ᠣᠲᠣ᠌ ᠦᠶ᠎ᠡ᠎ᠶᠢᠨ ᠠᠵᠤ ᠦᠢᠯᠡᠰ᠎ᠦᠨ ᠰᠢᠰᠲᠧᠮ ᠎ᠢ ᠲᠦᠷᠭᠡᠳᠬᠡᠨ ᠪᠠᠶ᠋ᠢᠭᠤᠯᠬᠤ ᠲᠠᠯ᠎ᠠ᠎ᠪᠠᠷ《ᠰᠢᠨ᠎ᠡ ᠬᠡᠪ ᠳᠠᠭᠤᠷᠢᠶᠠᠯ》 ᠢ᠋ ᠪᠣᠶ ᠪᠣᠯᠭᠠᠬᠤ ᠬᠡᠷᠡᠭᠲᠡᠢ᠃ ᠳᠥᠷᠪᠡ᠎ᠳᠦ᠂ ᠭᠠᠳᠠᠭᠠᠳᠤ ᠨᠡᠭᠡᠭᠡᠯᠲᠡ ᠬᠢᠬᠦ ᠡᠨᠡ ᠬᠦ᠌ ᠠᠵᠢᠯ᠎ᠢ ᠰᠠᠢᠲᠤᠷ ᠬᠢᠵᠦ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠨ᠂ ᠲᠡᠯᠬᠡᠷᠡᠩᠬᠦᠢ ᠬᠢᠯᠢ ᠵᠢᠨ ᠪᠣᠭᠣᠮᠲᠠ᠎ᠶᠢᠨ ᠠᠵᠤ ᠠᠬᠤᠢ ᠎ᠶᠢ ᠶᠡᠬᠡ ᠪᠡᠷ ᠬᠥᠭᠵᠢᠭᠦᠯᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠠᠶ᠋ᠢᠭᠤᠯᠬᠤ ᠲᠠᠯ᠎ᠠ ᠎ᠪᠠᠷ《ᠬᠤᠰᠢᠭᠤᠴᠢ》 ᠪᠣᠯᠬᠤ ᠎ᠪᠠᠷ ᠴᠢᠷᠮᠠᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ 

ᠸᠠᠩ ᠸᠧᠢ ᠵᠦᠩ᠂ ᠰᠢᠯᠢ᠎ᠶᠢᠨ ᠭᠣᠣᠯ ᠠᠢᠮᠠᠭ ᠪᠡᠭᠡᠵᠢᠩ ᠲᠢᠶᠠᠨᠵᠢᠨ ᠡᡁᠸᠪᠸᠢ ᠡᠴᠡ ᠬᠠᠮᠤᠭ᠎ᠤᠨ ᠣᠢᠷ᠎ᠠ ᠪᠠᠢᠭ᠎ᠠ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠬᠥᠭᠵᠢᠯᠲᠡ ᠪᠣᠯᠣᠨ ᠠᠮᠤᠷ ᠲᠦᠪᠰᠢᠨ ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ᠎ᠦᠨ ᠠᠶᠤᠯ ᠲᠦᠭᠰᠢᠭᠦᠷᠢ ᠵᠢᠨ ᠬᠡᠮ ᠰᠣᠭᠣᠭ᠎ᠢ ᠡᠷᠡᠰ ᠰᠡᠷᠭᠡᠢᠯᠡᠨ ᠠᠷᠢᠯᠭᠠᠵᠤ᠂ ᠡᠬᠡ ᠤᠯᠤᠰ ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠎ᠶᠢ ᠪᠠᠲᠤ ᠴᠣᠭᠴᠠᠯᠠᠬᠤ ᠎ᠳᠤ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ᠃ 《ᠴᠠᠭ ᠢᠮᠠᠭᠲᠠ ᠰᠡᠳᠬᠢᠯ ᠲᠠᠯᠪᠢᠬᠤ》 ᠬᠠᠷᠢᠭᠤᠴᠠᠯᠭᠠᠲᠤ ᠰᠡᠳᠬᠢᠯᠭᠡ᠎ᠪᠡᠷ ᠠᠶᠤᠯᠭᠦᠢ ᠦᠢᠯᠡᠳᠪᠦᠷᠢᠯᠡᠯ᠎ᠢ ᠰᠠᠢᠲᠤᠷ ᠠᠳᠬᠤᠵᠤ᠂ ᠠᠮᠤᠷ ᠲᠦᠪᠰᠢᠨ᠎ᠦ ᠬᠡᠮ ᠰᠣᠭᠣᠭ ᠎ᠢ ᠶᠡᠬᠡ᠎ᠪᠡᠷ ᠵᠢᠭ᠍ᠰᠠᠭᠠᠨ ᠪᠠᠢᠴᠠᠭᠠᠵᠤ ᠶᠡᠬᠡ᠎ᠪᠡᠷ ᠴᠡᠭᠴᠡᠯᠡᠨ ᠵᠠᠰᠠᠬᠤ ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ ᠎ᠶᠢ ᠪᠦᠷᠢᠨᠰᠢᠭᠦᠯᠦᠨ᠂ ᠬᠠᠷᠢᠭᠤᠴᠠᠯᠭ᠎ᠠ᠎ᠶᠢᠨ ᠬᠡᠯᠬᠢᠶ᠎ᠡ ᠎ᠶᠢ ᠴᠢᠩᠳᠠᠯᠠᠵᠤ᠂ ᠠᠶᠤᠯᠭᠦᠢ ᠦᠢᠯᠡᠳᠪᠦᠷᠢᠯᠡᠯ ᠎ᠦᠨ ᠡᠨᠳᠡᠯ ᠡᠭᠦᠰᠬᠦ ᠎ᠶᠢ ᠡᠷᠡᠰ ᠰᠡᠷᠭᠡᠢᠯᠡᠨ ᠬᠣᠷᠢᠭ᠍ᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠦᠬᠦ ᠬᠦᠴᠦ᠎ᠪᠡᠷ᠎ᠢᠶᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 

ᠢᠦᠢ ᠯᠢ ᠰᠢᠨ᠂ ᠯᠢ ᠪᠢᠩ ᠷᠦᠩ᠂ ᠶᠤᠤ ᠶᠦᠩ ᠪᠥᠸᠧ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号