ᠬᠠᠪᠤᠷ᠎ᠤᠨ ᠰᠠᠯᠬᠢ ᠢᠯᠪᠢᠵᠦ᠂ ᠲᠦᠮᠡᠨ ᠪᠣᠳᠠᠰ ᠠᠮᠢᠯᠠᠨ᠎ᠠ᠃ ᠥᠪᠥᠷ ᠮᠣᠩᠭᠣᠯ ᠬᠣᠶᠠᠷ ᠬᠤᠷᠠᠯ᠎ᠤᠨ ᠴᠠᠭ᠎ᠲᠤ ᠣᠷᠣᠯ᠎ᠠ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠥᠩᠭᠡᠷᠡᠭᠰᠡᠨ ᠨᠢᠭᠡ ᠵᠢᠯ᠎ᠦᠨ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢᠨ ᠯᠠᠪᠳᠠᠭᠤᠨ ᠪᠠᠲᠤᠲᠠᠢ ᠵᠠᠮ᠎ᠢ ᠨᠢᠭᠡ ᠨᠢᠭᠡ ᠲᠤᠭ᠎ᠠ ᠪᠠᠷᠢᠮᠲᠠ ᠪᠡᠷ ᠢᠯᠡ ᠲᠣᠳᠣᠷᠬᠠᠢ ᠵᠢᠷᠤᠭᠯᠠᠵᠠᠢ᠄ 2025 ᠣᠨ᠎ᠳᠤ᠂ ᠤᠷᠤᠨ ᠨᠤᠳᠤᠭ᠎ᠤᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ 4.7% ᠪᠡᠷ ᠨᠡᠮᠡᠭᠳᠡᠪᠡ; ᠬᠡᠪᠴᠢᠶᠡᠵᠢᠯ ᠡᠴᠡ ᠲᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠦᠷᠳᠡᠭ 6.7% ᠪᠡᠷ ᠨᠡᠮᠡᠭᠳᠡᠪᠡ; ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ 4% ᠪᠡᠷ ᠨᠡᠮᠡᠭᠲᠡᠪᠡ; ᠨᠡᠢᠭᠡᠮ᠎ᠦᠨ ᠬᠡᠷᠡᠭᠯᠡᠭᠡ ᠢ᠋ᠢᠨ ᠵᠦᠢᠯ᠎ᠦᠨ ᠵᠢᠵᠢᠭᠯᠡᠨ ᠬᠤᠳᠠᠯᠳᠤᠬᠰᠠᠨ ᠶᠡᠷᠦᠩᠬᠡᠢ ᠲᠤᠭ᠎ᠠ 4.3% ᠪᠡᠷ ᠨᠡᠮᠡᠭᠳᠡᠪᠡ; ᠭᠠᠳᠠᠭᠠᠳᠤ ᠡᠴᠡ ᠤᠷᠤᠭᠤᠯᠵᠦ ᠭᠠᠲᠠᠭᠠᠲᠦ᠎ᠳᠤ ᠭᠠᠷᠭᠠᠬᠰᠠᠨ ᠶᠡᠷᠦᠩᠬᠡᠢ ᠦᠷᠳᠡᠭ 6.4% ᠪᠡᠷ ᠨᠡᠮᠡᠭᠲᠡᠪᠡ ᠁
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠶᠡᠷᠦᠩᠬᠡᠢᠯᠡᠭᠰᠡᠨ ᠠᠵᠤ ᠠᠬᠤᠢ᠎ᠶᠢᠨ ᠪᠣᠳᠠᠲᠤ ᠬᠦᠴᠦᠨ ᠶᠡᠬᠡ ᠪᠡᠷ ᠳᠡᠭᠡᠭᠰᠢᠯᠡᠵᠦ᠂ ᠤᠯᠤᠰ᠎ᠤᠨ ᠶᠡᠬᠡ ᠲᠠᠯ᠎ᠠ᠎ᠳᠤ ᠦᠢᠯᠡᠴᠢᠯᠡᠬᠦ ᠴᠢᠳᠠᠪᠤᠷᠢ ᠲᠠᠰᠤᠷᠠᠯᠳᠡ ᠦᠭᠡᠢ ᠴᠢᠩᠭᠠᠷᠠᠨ᠂ ᠴᠢᠨᠠᠷ ᠰᠠᠢᠲᠠᠢ ᠬᠥᠭᠵᠢᠯᠲᠡ᠎ᠶᠢ ᠲᠣᠭᠲᠠᠭᠤᠨ᠎ᠢᠶᠠᠷ ᠠᠬᠢᠭᠤᠯᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠤᠯᠠᠮ ᠴᠢᠨᠠᠭᠰᠢᠳᠠ ᠪᠡᠬᠢᠵᠢᠭᠦᠯᠤᠨ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠲᠠᠰᠤᠷᠠᠯᠳᠡ ᠦᠭᠡᠢ ᠨᠡᠮᠡᠭᠳᠡᠭᠦᠯᠵᠦ᠂ ᠦᠨᠳᠦᠰᠦᠲᠡᠨ᠎ᠦ ᠪᠦᠯᠬᠦᠮᠳᠡᠯ᠎ᠦᠨ ᠪᠠᠢᠳᠠᠯ᠎ᠢ ᠦᠷᠭᠦᠯᠵᠢᠯᠡᠨ ᠪᠡᠬᠢᠵᠢᠭᠦᠯᠵᠦ᠂ ᠬᠢᠯᠠᠯᠵᠠᠮ᠎ᠠ ᠬᠠᠷᠢᠭᠤᠯᠲᠠ᠎ᠶᠢᠨ ᠬᠠᠭᠤᠳᠠᠰᠤ ᠵᠢ ᠲᠤᠰᠢᠶᠠᠪᠠ᠃
2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠡᠬᠢᠯᠡᠯᠲᠡ᠎ᠶᠢᠨ ᠵᠢᠯ ᠮᠥᠨ᠂ ᠰᠢᠨ᠎ᠡ ᠵᠢᠷᠤᠭ ᠲᠥᠰᠥᠪ᠎ᠢ ᠨᠢᠭᠡᠨᠲᠡ ᠵᠢᠷᠤᠭᠯᠠᠵᠤ᠂ ᠰᠢᠨ᠎ᠡ ᠬᠠᠷᠠᠯᠲᠠ᠎ᠶᠢ ᠨᠢᠭᠡᠨᠲᠡ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ ᠣᠷᠣᠯᠴᠠᠵᠤ ᠪᠠᠢᠭ᠎ᠠ ᠲᠥᠯᠥᠭᠡᠯᠡᠭᠴᠢᠳ ᠭᠡᠰᠢᠭᠦᠳ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠪᠠᠷ ᠭᠣᠣᠯ ᠰᠢᠵᠢᠮ ᠪᠣᠯᠭᠠᠵᠤ᠂ ᠪᠣᠳᠠᠲᠦ ᠠᠵᠢᠯ᠎ᠳᠠᠭᠠᠨ ᠰᠠᠭᠤᠷᠢᠯᠠᠨ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠵᠦ᠂ ᠦᠨᠡᠨᠴᠢ ᠰᠢᠳᠤᠷᠭᠤ᠎ᠪᠠᠷ ᠪᠣᠳᠠᠲᠠᠢ ᠠᠵᠢᠯᠯᠠᠨ ᠡᠷᠡᠮᠡᠬᠡᠢᠯᠡᠨ ᠤᠷᠤᠭᠰᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠬᠤᠭᠤᠴᠠᠭᠠᠨ᠎ᠤ ᠰᠠᠢᠨ ᠡᠬᠢᠯᠡᠯᠲᠡ᠎ᠶᠢ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠷᠬᠡᠢᠯᠡᠵᠡᠭᠡᠪᠡ᠃
ᠭᠣᠣᠯ ᠰᠢᠵᠢᠮ ᠢ᠋ ᠪᠣᠳᠠᠲᠠᠢ ᠠᠳᠬᠤᠵᠤ ᠬᠠᠮᠳᠤᠷᠠᠯ ᠬᠦᠴᠦᠨ ᠢ᠋ ᠨᠢᠬᠲᠠᠷᠠᠭᠤᠯᠤᠨ᠎ᠠ
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠮᠥᠨ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ᠂ ᠪᠦᠬᠦ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠰᠢᠰᠲ᠋ᠸᠮ᠎ᠤᠨ ᠬᠢᠨ ᠦᠨᠳᠦᠰᠦᠲᠡᠨ᠎ᠦ ᠠᠵᠢᠯ᠎ᠤᠨ ᠵᠥᠪ ᠤᠯᠤᠰ ᠲᠦᠷᠦ᠎ᠶᠢᠨ ᠴᠢᠭᠯᠡᠯ᠎ᠢ ᠪᠠᠲᠤ ᠠᠳᠬᠤᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》ᠠᠵᠢᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠨᠤᠯ᠎ᠤᠨ ᠰᠤᠳᠤᠯᠭᠠᠨ᠎ᠢ ᠭᠦᠨᠵᠡᠭᠡᠢᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠨᠤᠯ᠎ᠤᠨ ᠰᠢᠰᠲ᠋ᠸᠮ᠎ᠢ ᠪᠠᠢᠭᠤᠯᠤᠨ᠎ᠠ; ᠤᠬᠠᠭᠤᠯᠭ᠎ᠠ ᠬᠥᠮᠦᠵᠢᠯ᠎ᠢ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠢ᠋ᠢᠨ ᠤᠬᠠᠮᠰᠠᠷ ᠢ᠋ ᠪᠠᠲᠦ ᠴᠤᠬᠴᠠᠯᠠᠬᠤ ᠵᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠬᠤ᠎ᠶᠢ ᠠᠬᠢᠭᠤᠯᠤᠨ᠎ᠠ; ᠰᠣᠶᠣᠯ᠎ᠤᠨ ᠬᠠᠮᠲᠤ᠎ᠶᠢᠨ ᠲᠠᠨᠢᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠬᠡᠷ ᠤᠷᠤᠨ᠎ᠤ ᠪᠠᠢᠭᠤᠯᠤᠯᠲᠠ ᠵᠢ ᠠᠬᠢᠭᠤᠯᠤᠨ᠎ᠠ; ᠬᠠᠷᠢᠯᠴᠠᠨ ᠰᠢᠭᠢᠳᠦᠨ ᠠᠭᠤᠰᠤᠯᠴᠠᠬᠤ᠎ᠶᠢ ᠭᠦᠨᠵᠡᠭᠡᠢᠷᠡᠭᠦᠯᠵᠦ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ; ᠬᠠᠮᠲᠤ ᠪᠠᠷ ᠪᠠᠶᠠᠵᠢᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠨᠳᠦᠰᠦᠲᠡᠨ᠎ᠨᠦᠭᠦᠳ᠎ᠦᠨ ᠬᠠᠮᠲᠤ ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠤᠷᠤᠭᠰᠢᠯᠠᠬᠤ᠎ᠳᠤ ᠬᠦᠴᠦ ᠨᠡᠮᠡᠷᠢᠯᠡᠨ᠎ᠡ; ᠬᠠᠤᠯᠢ᠎ᠪᠠᠷ ᠵᠠᠰᠠᠬᠤ᠎ᠪᠠᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠳᠠ ᠵᠢᠨ ᠴᠢᠳᠠᠪᠤᠷᠢ ᠪᠣᠯᠣᠨ ᠲᠦᠪᠰᠢᠨ᠎ᠢ ᠳᠡᠭᠡᠭᠰᠢᠯᠡᠭᠦᠯᠤᠨ᠎ᠠ; ᠨᠠᠮ᠎ᠤᠨ ᠦᠨᠳᠦᠰᠦᠲᠡᠨ᠎ᠦ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠭᠣᠣᠯᠳᠠᠯᠭ᠎ᠠ᠎ᠲᠠᠢ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠯᠠᠪᠳᠠᠭᠤᠨ ᠪᠠᠲᠤᠲᠠᠢ ᠰᠠᠢᠲᠤᠷ ᠠᠳᠬᠤᠵᠤ᠂ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠦᠨᠡᠨᠬᠦ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠠᠢ ᠠᠵᠢᠯᠯᠠᠭ᠎ᠠ ᠪᠠ ᠪᠣᠳᠠᠲᠦ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠬᠡᠵᠦ ᠢᠯᠡᠷᠬᠡᠢᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠬᠢᠩᠭᠠᠨ ᠠᠢᠮᠠᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠣᠣ ᠬᠤᠸᠠᠨ᠄ 《ᠪᠢᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠵᠢ ᠢᠮᠠᠭᠲᠠ ᠰᠤᠷᠭᠠᠭᠤᠯᠢ ᠡᠷᠬᠢᠯᠡᠵᠦ ᠰᠤᠷᠭᠠᠭᠤᠯᠢ᠎ᠶᠢ ᠵᠠᠰᠠᠬᠤ᠂ ᠪᠢᠴᠢᠭ ᠵᠢᠭᠠᠵᠤ ᠬᠥᠮᠥᠨ᠎ᠢ ᠬᠥᠮᠥᠵᠢᠭᠦᠯᠬᠦ ᠪᠦᠬᠦ ᠶᠠᠪᠤᠴᠠ᠎ᠳᠤ ᠲᠤᠭᠤᠰᠢᠯᠠᠭᠤᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠬᠥᠮᠦᠵᠢᠯ᠎ᠢ ᠡᠯ᠎ᠡ ᠬᠢᠴᠢᠶᠡᠯ ᠲᠦᠷᠦᠯ᠎ᠦᠨ ᠵᠢᠭᠠᠨ ᠰᠤᠷᠭᠠᠯᠲᠠ᠎ᠳᠤ ᠣᠷᠭᠠᠨᠢᠭ᠋᠎ᠢᠶᠠᠷ ᠠᠭᠤᠰᠤᠯᠴᠠᠭᠤᠯᠪᠠ᠃ ᠳᠠᠷᠠᠭᠠᠴᠢ᠎ᠶᠢᠨ ᠠᠯᠬᠤᠮ᠎ᠳᠤ᠂ ᠪᠢᠳᠡ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠬᠥᠮᠦᠵᠢᠯ᠎ᠢ ᠲᠠᠷᠢᠬᠢᠨ᠎ᠳᠤ ᠬᠠᠳᠠᠩᠰᠢᠭᠤᠯᠤᠨ ᠰᠡᠳᠬᠢᠯ᠎ᠳᠦ ᠰᠠᠭᠤᠬᠳᠠᠭᠤᠯᠵᠦ᠂ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠠᠬᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠶᠡᠬᠡ ᠡᠭᠦᠷᠭᠡ᠎ᠶᠢ ᠡᠭᠦᠷᠭᠡᠯᠡᠬᠦ ᠴᠠᠭ ᠦᠶ᠎ᠡ᠎ᠶᠢᠨ ᠰᠢᠨ᠎ᠡ ᠬᠥᠮᠥᠨ᠎ᠢ ᠬᠥᠮᠥᠵᠢᠭᠦᠯᠬᠦ᠎ᠳᠦ ᠪᠠᠲᠤ ᠰᠠᠭᠤᠷᠢ ᠲᠠᠯᠪᠢᠨ᠎ᠡ》 ᠭᠡᠪᠡ᠃
ᠰᠣᠶᠣᠯ ᠢ᠋ᠢᠡᠷ ᠬᠦᠮᠦᠨ ᠢ᠋ ᠬᠦᠮᠦᠵᠢᠬᠦᠯᠵᠦ ᠬᠠᠮᠲᠦ ᠢ᠋ᠢᠨ ᠲᠠᠨᠢᠯᠲᠠ ᠵᠢ ᠨᠡᠮᠡᠭᠲᠡᠭᠦᠯᠦᠨ᠎ᠡ
ᠣᠢᠷ᠎ᠠ᠎ᠶᠢᠨ ᠵᠢᠯ᠎ᠳᠦ᠂ ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠵᠢ ᠰᠤᠶᠤᠯ᠎ᠤᠨ ᠦᠢᠯᠡᠰ ᠪᠠ ᠰᠤᠶᠤᠯ᠎ᠤᠨ ᠠᠵᠤ ᠦᠢᠯᠡᠰ᠎ᠲᠦ ᠲᠠᠰᠤᠷᠠᠯᠲᠠ ᠦᠭᠡᠢ ᠠᠭᠤᠰᠤᠯᠴᠠᠭᠤᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠭᠰᠠᠨ ᠤᠯᠠᠨ ᠲᠦᠷᠦᠯ᠎ᠦᠨ ᠰᠣᠳᠣᠨ ᠪᠦᠲᠦᠭᠡᠯ᠎ᠢ ᠡᠭᠦᠲᠦᠨ ᠪᠦᠲᠦᠭᠡᠵᠦ᠂ ᠳᠡᠯᠭᠡᠨ ᠦᠵᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠬᠢᠯ᠎ᠳᠦ ᠦᠨᠳᠦᠰᠦᠯᠡᠭᠦᠯᠵᠡᠢ᠃
《ᠤᠳᠬ᠎ᠠ ᠤᠷᠠᠯᠢᠭ᠋᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢᠳᠡ ᠤᠯᠠᠭᠠᠨᠮᠥ᠋ᠴᠢᠷ᠎ᠦᠨ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠦᠷᠭᠦᠯᠵᠢᠯᠡᠨ ᠠᠮᠢᠳᠤᠷᠠᠯ᠎ᠤᠨ ᠥᠩ ᠰᠢᠮᠡᠯᠢᠭ ᠬᠥᠷᠥᠰᠥᠨ᠎ᠳᠦ ᠦᠨᠳᠦᠰᠦᠯᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠦᠢᠯᠡᠴᠢᠯᠡᠵᠦ᠂ ᠨᠡᠩ ᠤᠯᠠᠨ ᠨᠡᠩ ᠰᠢᠯᠢᠳᠡᠭ ᠤᠳᠬ᠎ᠠ ᠤᠷᠠᠯᠢᠭ᠋᠎ᠤᠨ ᠪᠦᠲᠦᠭᠡᠯ᠎ᠢ ᠴᠢᠷᠮᠠᠢᠨ ᠡᠭᠦᠳᠴᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠰᠤᠷᠲᠠᠯ᠎ᠢᠶᠠᠷ ᠨᠠᠮ᠎ᠤᠨ ᠳᠠᠭᠤᠨ᠂ ᠴᠠᠭ ᠦᠶ᠎ᠡ᠎ᠶᠢᠨ ᠬᠠᠢᠷ᠎ᠠ ᠬᠠᠯᠠᠮᠵᠢ᠂ ᠤᠷᠠᠯᠢᠭ᠋᠎ᠤᠨ ᠷᠢᠳᠢ ᠰᠢᠳᠢ᠎ᠶᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠬᠢᠯ᠎ᠳᠦ ᠬᠦᠷᠭᠡᠨ᠎ᠡ》 ᠬᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠬᠥᠯᠥᠨ ᠪᠣᠶ᠋ᠢᠷ ᠬᠣᠲᠠ᠎ᠶᠢᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠳᠡᠳ᠋ ᠳᠠᠷᠤᠭ᠎ᠠ ᠮᠠ ᠬᠣᠩ ᠮᠧᠶ ᠢᠯᠡᠷᠬᠡᠢᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠬᠥᠬᠡᠬᠣᠲᠠ᠎ᠶᠢᠨ ᠰᠢᠨ᠎ᠡ ᠬᠤᠳᠠ ᠲᠣᠭᠣᠷᠢᠭ᠋᠎ᠤᠨ ᠪᠤᠷᠤᠬᠤᠰᠢᠭᠤ ᠪᠠᠯᠭᠠᠰᠤ᠎ᠶᠢᠨ ᠤᠪᠤᠭ᠎ᠠ ᠲᠣᠰᠬᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ᠂ ᠲᠣᠰᠬᠣᠨ᠎ᠤ ᠠᠷᠠᠳ᠎ᠤᠨ ᠵᠥᠪᠯᠡᠯ᠎ᠦᠨ ᠡᠷᠬᠢᠯᠡᠭᠴᠢ ᠯᠢ ᠡᡁᠸᠩ ᠪᠢᠶᠣᠣ᠄ 《ᠤᠪᠤᠭ᠎ᠠ ᠲᠤᠰᠬᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠭᠤᠤᠯ ᠰᠢᠵᠢᠮ᠎ᠤᠨ ᠲᠤᠭᠤᠷᠢᠨ᠎ᠳᠤ᠂ ᠣᠨᠴᠠᠯᠢᠭ᠍ᠲᠤ ᠲᠥᠷᠥᠯ ᠵᠦᠢᠯ᠎ᠢ ᠴᠤᠬᠴᠠᠯᠠᠵᠦ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ ᠠᠭᠤᠰᠤᠯᠴᠠᠭᠰᠠᠨ ᠡᠵᠡᠩᠨᠡᠯᠲᠡ᠎ᠶᠢᠨ ᠬᠡᠯᠪᠡᠷᠢ ᠵᠢ ᠢᠵᠢ ᠪᠦᠷᠢᠳᠦᠭᠦᠯᠦᠨ ᠪᠠᠢᠭᠤᠯᠵᠤ᠂ᠤᠯᠠᠨ ᠲᠦᠷᠦᠯ᠎ᠦᠨ ᠠᠬᠤᠢ ᠲᠠᠯᠠᠪᠠᠢ ᠮᠠᠶᠢᠭ᠋᠎ᠤᠨ ᠰᠣᠶᠣᠯ᠎ᠤᠨ ᠠᠵᠢᠯᠯᠠᠭ᠎ᠠ᠎ᠶᠢ ᠪᠠᠢᠩᠭᠤᠵᠢᠭᠤᠯᠤᠨ ᠵᠣᠬᠢᠶᠠᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠲᠠᠰᠤᠷᠠᠯᠳᠠ ᠦᠭᠡᠢ ᠠᠬᠢᠭᠤᠯᠵᠤ᠂ ᠦᠨᠳᠦᠰᠦᠲᠡᠨ᠎ᠨᠦᠭᠦᠳ ᠪᠦᠯᠬᠦᠮᠳᠡᠭᠰᠡᠨ᠂ ᠬᠥᠷᠰᠢ ᠵᠡᠷᠭᠡᠯᠡᠳᠡᠭᠡ᠎ᠪᠡᠷ᠎ᠢᠶᠡᠨ ᠬᠠᠷᠢᠯᠴᠠᠨ ᠬᠠᠪᠰᠤᠷᠤᠯᠴᠠᠭᠰᠠᠨ᠂ ᠪᠣᠯᠪᠠᠰᠤᠨ ᠡᠶ᠎ᠡ ᠵᠣᠬᠢᠴᠠᠩᠭᠤᠢ ᠬᠠᠯᠠᠭᠤᠨ ᠳᠤᠯᠠᠭᠠᠨ ᠤᠷᠴᠢᠨ ᠠᠬᠤᠢ ᠵᠢ ᠪᠤᠢ ᠪᠣᠯᠭᠠᠵᠠᠢ》 ᠭᠡᠪᠡ᠃
ᠰᠡᠳᠬᠢᠯᠨᠢᠭᠡᠲᠦᠨ ᠪᠦᠯᠬᠦᠮᠲᠡᠨ ᠲᠡᠮᠡᠴᠡᠵᠦ ᠬᠠᠮᠲᠦ ᠪᠡᠷ ᠤᠷᠤᠬᠰᠢᠯᠠᠨ᠎ᠠ
ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠬᠦ᠂ ᠬᠠᠮᠲᠤ ᠪᠠᠷ ᠴᠢᠨᠡᠭᠡᠯᠢᠭᠵᠢᠬᠦ᠎ᠶᠢ ᠪᠡᠶᠡᠯᠡᠭᠦᠯᠬᠦ ᠲᠠᠯ᠎ᠠ ᠪᠠᠷ ᠲᠡᠰ ᠳᠡᠪᠰᠢᠭᠦᠯᠦᠨ ᠬᠦᠴᠦᠯᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ ᠲᠠᠢᠰᠢ ᠬᠠᠮᠲᠦ ᠪᠡᠷ ᠵᠠᠮᠨᠠᠬᠤ ᠶᠠᠪᠤᠴᠠ᠎ᠳᠤ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠭᠦᠯᠵᠡᠢ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠥᠷ ᠮᠣᠩᠭᠣᠯ᠎ᠤᠨ ᠶᠦᠨᠳ᠋ᠦ᠋ᠸᠸ ᠭᠠᠴᠠᠭ᠎ᠠ᠎ᠶᠢᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠲᠠᠨ᠎ᠠ᠄《ᠡᠨᠡ ᠵᠢᠯ᠂ ᠪᠢᠳᠡ ᠦᠷᠭᠦᠯᠵᠢᠯᠡᠨ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ ᠠᠭᠤᠰᠤᠯᠴᠠᠨ ᠬᠥᠭᠵᠢᠬᠦ ᠰᠢᠨ᠎ᠡ ᠠᠷᠭ᠎ᠠ ᠵᠠᠮ᠎ᠢ ᠰᠦᠪᠡᠭᠴᠢᠯᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠳᠠᠢ᠍ᠢᠴᠢᠯᠠᠨ ᠠᠵᠤ ᠦᠢᠯᠡᠰ᠎ᠢ ᠬᠠᠮᠲᠤ ᠪᠠᠷ ᠪᠦᠲᠦᠭᠡᠨ ᠪᠠᠶ᠋ᠢᠭᠤᠯᠬᠤ᠎ᠳᠤ ᠣᠷᠣᠯᠴᠠᠭᠤᠯᠵᠤ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠳᠡᠰ ᠳᠡᠪᠰᠢᠭᠦᠯᠬᠦ᠎ᠶᠢ ᠠᠬᠢᠭᠤᠯᠵᠤ᠂ ᠪᠦᠯᠬᠦᠮᠳᠡᠨ ᠲᠡᠮᠡᠴᠡᠵᠦ᠂ ᠬᠠᠮᠲᠤ ᠪᠠᠷ ᠪᠠᠶᠠᠵᠢᠬᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ᠎ᠢᠶᠠᠷ ᠵᠠᠮᠨᠠᠨ᠎ᠠ》 ᠭᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠣᠷᠳᠣᠰ ᠬᠤᠳᠠ᠎ᠶᠢᠨ ᠬᠠᠩᠭᠢᠨ ᠬᠣᠰᠢᠭᠤᠨ᠎ᠤ ᠬᠦᠭᠡᠮᠦᠳᠦ ᠪᠠᠯᠭᠠᠰᠤᠶᠢᠨᠳ᠋ᠦ᠋ᠩ ᠬᠣᠩ ᠯᠢᠦ ᠲᠣᠰᠬᠣᠨ᠎ᠤ ᠨᠠᠮ᠎ᠤᠨ ᠡᠭᠦᠷ᠎ᠦᠨ ᠳᠡᠳ᠋ ᠱᠦᠵᠢ ᠯᠢ ᠭᠦᠸᠧ ᠮᠧᠢ᠄ 《ᠪᠢᠳᠡ ᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠪᠠᠷ ᠭᠣᠣᠯ ᠰᠢᠵᠢᠮ ᠪᠣᠯᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠲᠠᠢ᠍ᠢᠴᠢᠯᠠᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠬᠠᠮᠲᠦ ᠪᠡᠷ ᠣᠷᠣᠯᠭ᠎ᠠ᠎ᠪᠠᠨ ᠨᠡᠮᠡᠭᠲᠡᠭᠦᠯᠵᠦ ᠴᠢᠨᠡᠭᠡᠯᠢᠭᠵᠢᠭᠦᠯᠪᠡ᠃ 2026 ᠣᠨ᠎ᠳᠤ᠂ ᠪᠢᠳᠡ ᠦᠷᠭᠦᠯᠵᠢᠯᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠬᠡᠷᠡᠭᠵᠢᠭᠦᠯᠬᠦ ᠵᠡᠷᠭᠡ ᠠᠷᠭ᠎ᠠ ᠮᠠᠶᠢᠭ᠋᠎ᠢᠶᠠᠷ ᠲᠣᠰᠬᠣᠨ᠎ᠤ ᠠᠷᠠᠳ᠎ᠢ ᠬᠠᠪᠰᠤᠷᠤᠨ ᠣᠷᠣᠯᠭ᠎ᠠ᠎ᠶᠢ ᠨᠢ ᠨᠡᠮᠡᠭᠳᠡᠭᠦᠯᠵᠦ᠂ ᠣᠯᠠᠨ᠎ᠤ ᠠᠮᠢᠳᠤᠷᠠᠯ᠎ᠢ ᠤᠯᠠᠮ ᠡᠴᠡ ᠤᠯᠠᠮ ᠰᠠᠢᠨ ᠪᠣᠯᠭᠠᠨ᠎ᠠ》 ᠭᠡᠵᠡᠢ᠃
ᠡᠷᠡᠮᠡᠬᠡᠢᠯᠡᠨ ᠤᠷᠤᠭᠰᠢᠯᠠᠬᠤ ᠪᠦᠷᠢᠶ᠎ᠡ ᠵᠢ ᠬᠠᠩᠭᠢᠨᠠᠭᠤᠯᠵᠤ᠂ ᠣᠮᠣᠭ ᠵᠣᠷᠢᠭ᠋ ᠲᠡᠭᠦᠯᠳᠡᠷ᠎ᠢᠶᠡᠷ ᠰᠢᠨ᠎ᠡ ᠠᠶᠠᠨ᠎ᠢᠶᠠᠨ ᠡᠬᠢᠯᠡᠭᠦᠯᠦᠯ᠎ᠡ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠰᠡᠳᠬᠢᠯ ᠨᠢᠭᠡᠲᠦᠨ ᠬᠦᠴᠦ᠎ᠪᠡᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ᠃