ᠡᠭᠦᠷᠭᠡ ᠬᠠᠷᠢᠭᠤᠴᠠᠯᠭ᠎ᠠ ᠪᠠᠨ ᠵᠤᠷᠢᠭᠲᠠᠢ ᠡᠭᠦᠷᠭᠡᠯᠡᠵᠦ᠂ ᠦᠨᠡᠨᠴᠢ ᠰᠢᠳᠤᠷᠭᠤ ᠪᠡᠷ ᠪᠣᠳᠠᠲᠠᠢ ᠠᠵᠢᠯᠯᠠᠵᠤ ᠱᠢᠨ᠎ᠡ ᠠᠶᠠᠨ ᠵᠢᠡᠨ ᠡᠬᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠳᠣᠲᠣᠷ᠎ᠠ ᠲᠡᠷᠢᠭᠦᠨ᠎ᠳᠡᠬᠢ 《1》 ᠭᠡᠳᠡᠭ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠬᠤ ᠶᠠᠪᠤᠳᠠᠯ ᠪᠣᠯᠤᠨ᠎ᠠ᠃ ᠡᠨᠡᠬᠦ᠌ ᠪᠠᠢᠷᠢᠯᠠᠭᠤᠯᠤᠯᠲᠠ ᠨᠢ ᠪᠢᠳᠡᠨ᠎ᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ᠎ᠳᠤ ᠴᠢᠭ᠌ᠯᠡᠯ᠎ᠢ ᠲᠣᠭ᠍ᠲᠠᠭᠠᠵᠤ᠂ ᠵᠠᠮ ᠱᠤᠭᠤᠮ᠎ᠢ ᠲᠣᠳᠣᠷᠬᠠᠢᠯᠠᠵᠠᠢ᠃
ᠬᠣᠶᠠᠷ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ ᠭᠡᠱᠢᠭᠦᠳ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠰᠡᠯ ᠡᠷᠡᠮᠡᠯᠵᠡᠯ᠎ᠢ ᠡᠪᠦᠷᠯᠡᠨ᠂ 《ᠨᠢᠭᠡ ᠭᠤᠤᠯ ᠰᠢᠵᠢᠮ》᠎ᠤ᠋ᠨ ᠲᠣᠭᠣᠷᠢᠨ᠎ᠳᠤ ᠲᠥᠷᠥᠭ᠌ᠳᠡᠯ᠎ᠢᠶᠡᠨ ᠶᠠᠷᠢᠵᠤ᠂ ᠰᠠᠢᠨ ᠠᠷᠭ᠎ᠠ ᠪᠣᠳᠣᠯᠭ᠎ᠠ ᠳᠡᠪᠰᠢᠬᠦᠯᠵᠦ᠂ ᠨᠠᠢᠳᠠᠪᠤᠷᠢᠵᠢᠭᠤᠯᠤᠯᠲᠠ᠎ᠶ᠋ᠢ ᠰᠦᠪᠡᠭ᠌ᠴᠢᠯᠡᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠠᠴᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠠᠬᠢᠭᠤᠯᠬᠤ ᠬᠦᠷᠲᠡᠯ᠎ᠡ᠂ ᠳᠠᠬᠢᠭᠠᠳ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠬᠦᠷᠲᠡᠯ᠎ᠡ ᠁ ᠰᠠᠨᠠᠯ ᠵᠥᠪᠯᠡᠯᠭᠡ ᠪᠠ ᠰᠠᠨᠠᠯ ᠳᠤᠷᠠᠳᠤᠯᠭ᠎ᠠ ᠨᠢᠭᠡ ᠪᠦᠷᠢ᠂ ᠤᠳᠠᠭ᠎ᠠ ᠪᠦᠷᠢ᠎ᠶ᠋ᠢᠨ ᠶᠠᠷᠢᠶ᠎ᠠ ᠪᠠ ᠶᠠᠷᠢᠯᠴᠠᠭ᠎ᠠ ᠨᠢ ᠴᠥᠮ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠠᠷᠢᠭᠤᠴᠠᠯᠭ᠎ᠠ ᠡᠭᠦᠷᠭᠡᠯᠡᠯ᠎ᠢ ᠨᠢᠭ᠍ᠲᠠᠷᠠᠭᠤᠯᠤᠭ᠍ᠰᠠᠨ ᠪᠠᠢᠨ᠎ᠠ᠃
ᠥᠩᠭᠡᠷᠡᠭ᠌ᠰᠡᠨ ᠨᠢᠭᠡ ᠵᠢᠯ᠎ᠳᠦ᠂ ᠪᠥᠬᠥ᠌ ᠣᠷᠣᠨ ᠳᠠᠶᠠᠭᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠰᠦᠷᠯᠢᠭ ᠰᠠᠢᠬᠠᠨ ᠬᠠᠭᠤᠳᠠᠰᠤ᠎ᠶ᠋ᠢ ᠪᠢᠴᠢᠭ᠌ᠯᠡᠪᠡ᠃ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠬᠠᠮᠲᠤ᠎ᠪᠠᠷ ᠰᠠᠢᠲᠤᠷ ᠬᠠᠮᠠᠭᠠᠯᠠᠬᠤ ᠬᠡᠷᠡᠭ᠌ᠲᠡᠢ ᠭᠡᠵᠦ᠍ ᠳᠤᠷᠠᠳᠴᠠᠢ᠃ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠭᠣᠣᠯ ᠱᠢᠵᠢᠮ᠎ᠦᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ ᠲᠦᠷᠢᠮ ᠲᠣᠭ᠍ᠲᠠᠴᠠ᠎ᠶ᠋ᠢ ᠪᠦᠷᠢᠨᠱᠢᠬᠦᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ ᠨᠢᠭᠡᠳᠡᠢ ᠵᠤᠷᠢᠭ ᠨᠢᠭᠡᠳᠡᠢ ᠴᠢᠭ᠌ᠯᠡᠯᠨᠢᠭᠡᠳᠡᠢ ᠬᠠᠮᠲᠤ᠎ᠪᠠᠷ ᠤᠷᠤᠭ᠍ᠰᠢᠯᠠᠬᠤ ᠰᠦᠷ ᠳᠠᠯᠠᠢᠴᠠᠲᠠᠢ ᠠᠤᠭ᠎ᠠ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃
ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ ᠳᠤᠤᠭᠠᠷᠪᠠᠯ ᠲᠠᠭᠤ ᠨᠢᠭᠡᠲᠡᠢ ᠳᠤᠭ᠍ᠲᠤᠷᠪᠠᠯ ᠬᠦᠴᠦ᠍ ᠨᠢᠭᠡᠲᠡᠢ ᠪᠠᠢᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠪᠡᠯ ᠂ ᠪᠢᠳᠡ ᠯᠠᠪᠲᠠᠢ ᠪᠣᠳᠠᠲᠦ ᠠᠵᠢᠯᠯᠠᠭ᠎ᠠ ᠪᠣᠳᠠᠲᠠᠢ ᠠᠮᠵᠢᠯᠲᠠ ᠪᠦᠳᠦᠮᠵᠢ ᠪᠠᠷ ᠵᠢᠡᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠡᠬᠢᠯᠡᠯᠲᠡ᠎ᠶ᠋ᠢ ᠪᠡᠶᠡᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠱᠢᠨ᠎ᠡ ᠭᠡᠷᠡᠯ ᠰᠠᠴᠤᠷᠠᠩᠭᠤᠢ ᠠᠮᠵᠢᠯᠲᠠ᠎ᠶ᠋ᠢ ᠦᠷᠭᠦᠯᠵᠢᠯᠡᠨ ᠪᠢᠴᠢᠭ᠌ᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠵᠦ ᠳᠡᠢᠯᠦᠨ᠎ᠡ᠃